ᠮᠠᠨ ᠤ ᠰᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/31
    ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠪᠦᠬᠦ ᠣᠷᠣᠨ᠂ ᠪᠦᠬᠦ ᠬᠤᠳᠠ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ‌‍ᠲ᠋ᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ 10 ᠰᠠᠷ᠎ᠠ ᠶᠢᠨ 30  ᠤ ᠡᠳᠦᠷ ᠂ ᠮᠠᠨ ᠤ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠡᠯ᠎ᠡ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠵᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃    ᠬᠤᠷᠠᠯ ᠳᠡᠭᠡᠷ᠎ᠡ᠂ ᠪᠦᠬᠦ ᠣᠷᠣᠨ᠂ ᠪᠦᠬᠦ ᠬᠤᠳᠠ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ︽ᠬᠤᠸᠠᠳᠧ ᠰᠢᠶᠠᠨ ᠤ ︿ ᠪᠦᠬᠦ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾  ᠳᠤ ᠲᠠᠶᠢᠯᠤᠮᠵᠢ ᠬᠢᠵᠡᠢ ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠴᠠᠭ ᠪᠠᠴᠢᠮ ᠲᠤᠯᠭᠠᠮ᠎ᠠ ᠂ ᠡᠭᠦᠷᠭᠡ ᠬᠠᠲᠠᠭᠤ ᠪᠡᠷᠬᠡ  ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠰᠢᠶᠠᠩ ᠪᠠᠯᠭᠠᠰᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ︽ᠭᠤᠣᠯ ᠬᠦᠴᠦᠨ︾ ᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠲᠦᠷᠦᠭᠦᠯᠡᠨ ᠪᠣᠭᠤᠮᠲᠠ ᠰᠢᠪᠲᠤᠯᠤᠨ ᠬᠦᠴᠢᠷ ᠢ ᠳᠠᠪᠠᠵᠤ ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠂ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠬᠢᠯᠠᠰ ᠴᠡᠭ ᠤᠨ ᠲᠤᠷᠰᠢᠯᠭ᠎ᠠ ᠪᠠᠨ ᠳ᠋ᠦᠩᠨᠡᠵᠦ ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠭᠦᠷᠭᠡ ᠂ ᠬᠠᠷᠢᠭᠤᠴᠠᠯᠭ᠎ᠠ᠂ ᠠᠵᠢᠯᠲᠠᠨ᠂ ᠠᠬᠢᠴᠠ᠂ ᠴᠠᠭ ᠤᠨ ᠬᠢᠵᠠᠭᠠᠷ ᠤᠨ ︽ᠲᠠᠪᠤ ᠶᠢ ᠨᠠᠶᠢᠳᠠᠪᠤᠷᠢᠵᠢᠭᠤᠯᠬᠤ︾  ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠢᠲᠡᠭᠡᠯ ᠵᠣᠷᠢᠭ ᠢᠶᠠᠨ ᠪᠠᠲᠤᠳᠬᠠᠵᠤ ᠂ ᠠᠯᠢᠪᠠ ᠬᠦᠴᠦᠨ ᠢ ᠳᠠᠶᠢᠴᠢᠯᠠᠵᠤ ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠠᠯᠢᠪᠠ ᠬᠠᠷᠰᠢ ᠰᠠᠭᠠᠳ ᠢ ᠠᠷᠢᠯᠭᠠᠵᠤ ᠂ ᠬᠡᠪ ᠤᠨ ᠪᠤᠰᠤ ᠰᠡᠳᠬᠢᠬᠦᠢ ᠪᠠ ᠠᠷᠭ᠎ᠠ ᠬᠡᠮᠵᠢᠶ᠎ᠡ ᠪᠠᠷ ᠳᠤᠲᠠᠭᠤᠳᠠᠯ ᠢᠶᠠᠨ ᠨᠥᠬᠦᠪᠦᠷᠢᠯᠡᠵᠦ ᠂ ᠬᠦᠴᠦᠷᠬᠡᠭ ᠪᠠᠭᠤᠷᠠᠢ ᠲᠠᠯ᠎ᠠ ᠪᠠᠨ ᠪᠠᠭᠤᠷᠠᠭᠤᠯᠤᠨ᠂ ᠳᠠᠪᠠᠭᠤᠯᠢᠭ ᠢᠶᠠᠨ ᠪᠠᠳᠠᠷᠠᠭᠤᠯᠵᠤ ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠰᠠᠶᠢᠲᠤᠷ ᠬᠢᠵᠦ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠤᠸᠠᠳᠧ ᠶᠢᠨ ᠬᠦᠴᠦᠨ ᠴᠢᠳᠠᠯ ᠢᠶᠠᠨ  ᠡᠷᠭᠦᠬᠦ ᠬᠡᠷᠡᠭᠲᠡᠢ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ       
 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2