| 10 ᠰᠠᠷ᠎ᠠ ᠶᠢᠨ 31 ᠤ ᠡᠳᠦᠷ ᠂ ᠮᠠᠨ ᠤ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠨᠠᠮ ᠵᠠᠰᠠᠭ ᠤᠨ ᠲᠠᠪᠤᠳᠤᠭᠠᠷ ᠳᠠᠪᠬᠤᠷᠭ᠎ᠠ ᠶᠢᠨ | ᠬᠤᠷᠠᠯ ᠤᠨ ᠭᠡᠷ ᠲᠤ ᠬᠤᠷᠠᠯᠳᠤᠪᠡ᠃ ᠪᠦᠬᠦ ᠰᠢᠶᠠᠨ ᠤ ᠡᠯ᠎ᠡ ᠠᠵᠢᠯ ᠲᠦᠷᠦᠯ ᠠᠴᠠ ᠢᠷᠡᠭᠰᠡᠨ ᠠᠵᠢᠯᠴᠢᠨ ᠤ | ᠡᠪᠯᠡᠯ ᠤᠨ ᠠᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ 111 ᠲᠥᠯᠥᠭᠡᠯᠡᠭᠴᠢ | ᠬᠤᠷᠠᠯ ᠳᠤ ᠣᠷᠣᠯᠴᠠᠪᠠ᠃ | | | | | | ᠬᠤᠷᠠᠯᠳᠤᠭᠠᠨ ᠠᠴᠠ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ ︵ᠲᠥᠰᠥᠯ︶ ᠢ ᠪᠠᠲᠤᠯᠠᠵᠤ ᠂ ᠰᠢᠶᠠᠨ ᠤ ᠠᠵᠢᠯᠴᠢᠨ ᠤ | ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ | ᠨᠡᠷᠡᠰ ︵ᠲᠥᠰᠥᠯ︶ ᠢ ᠪᠠᠲᠤᠯᠠᠵᠤ ᠂ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ | ᠭᠡᠰᠢᠭᠦᠳ ᠤᠨ ᠨᠡᠷᠡᠰ ︵ᠲᠥᠰᠥᠯ︶ ᠢ ᠪᠠᠲᠤᠯᠠᠵᠤ ᠂ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠬᠦ ᠵᠦᠢᠯ ︵ᠲᠥᠰᠥᠯ︶ ᠢ ᠪᠠᠲᠤᠯᠠᠪᠠ᠃ | ᠬᠤᠷᠠᠯ ᠠᠴᠠ ᠂ ᠪᠦᠬᠦ ᠲᠥᠯᠥᠭᠡᠯᠡᠭᠴᠢᠳ ᠬᠤᠷᠠᠯ ᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ ᠂ | ᠶᠡᠭᠡ ᠬᠤᠷᠠᠯ ᠤᠨ ᠰᠠᠬᠢᠯᠭ᠎ᠠ ᠪᠠᠲᠤ ᠪᠣᠯᠣᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ ᠂ ᠶᠡᠭᠡ | ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ ᠂ ᠠᠯᠬᠤᠮ ᠨᠢᠭᠡᠲᠡᠢ ᠂ ᠡᠮᠬᠢ | ᠳᠢᠭᠯᠢᠮ ᠲᠠᠢ ᠶᠡᠭᠡ ᠬᠤᠷᠠᠯ ᠤᠨ ᠡᠮᠬᠢ ᠳᠢᠭᠯᠢᠮ ᠪᠣᠯᠣᠨ ᠲᠥᠪ ᠴᠢᠩᠭ᠎ᠠ ᠂ ᠪᠣᠯᠪᠠᠰᠤᠨ ᠶᠡᠭᠡ ᠬᠤᠷᠠᠯ ᠤᠨ | ᠰᠤᠷᠲᠠᠯ ᠢᠶᠠᠷ ᠶᠡᠭᠡ ᠬᠤᠷᠠᠯ ᠤᠨ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |