ᠮᠠᠨ ᠤ ᠰᠢᠶᠠᠨ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2023/10/31
    10 ᠰᠠᠷ᠎ᠠ ᠶᠢᠨ 31 ᠤ ᠡᠳᠦᠷ ᠂ ᠮᠠᠨ ᠤ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠨᠠᠮ ᠵᠠᠰᠠᠭ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠪᠡ᠃ ᠪᠦᠬᠦ ᠰᠢᠶᠠᠨ ᠤ ᠡᠯ᠎ᠡ ᠠᠵᠢᠯ ᠲᠦᠷᠦᠯ ᠠᠴᠠ ᠢᠷᠡᠭᠰᠡᠨ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ 111 ᠲᠥᠯᠥᠭᠡᠯᠡᠭᠴᠢ ᠬᠤᠷᠠᠯ ᠳᠤ ᠣᠷᠣᠯᠴᠠᠪᠠ᠃

0.png

    ᠬᠤᠷᠠᠯᠳᠤᠭᠠᠨ ᠠᠴᠠ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ

ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ ︵ᠲᠥᠰᠥᠯ︶ ᠢ ᠪᠠᠲᠤᠯᠠᠵᠤ ᠂ ᠰᠢᠶᠠᠨ ᠤ ᠠᠵᠢᠯᠴᠢᠨ ᠤ ᠡᠪᠯᠡᠯ ᠤᠨ

ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶

 ᠢ ᠪᠠᠲᠤᠯᠠᠵᠤ ᠂ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠭᠡᠰᠢᠭᠦᠳ ᠤᠨ ᠨᠡᠷᠡᠰ ︵ᠲᠥᠰᠥᠯ︶ ᠢ ᠪᠠᠲᠤᠯᠠᠵᠤ ᠂

ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠬᠦ ᠵᠦᠢᠯ

︵ᠲᠥᠰᠥᠯ︶ ᠢ ᠪᠠᠲᠤᠯᠠᠪᠠ᠃

    ᠬᠤᠷᠠᠯ ᠠᠴᠠ ᠂ ᠪᠦᠬᠦ ᠲᠥᠯᠥᠭᠡᠯᠡᠭᠴᠢᠳ ᠬᠤᠷᠠᠯ ᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ ᠂

ᠶᠡᠭᠡ ᠬᠤᠷᠠᠯ ᠤᠨ ᠰᠠᠬᠢᠯᠭ᠎ᠠ ᠪᠠᠲᠤ ᠪᠣᠯᠣᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ ᠂ ᠶᠡᠭᠡ

ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ ᠂ ᠠᠯᠬᠤᠮ ᠨᠢᠭᠡᠲᠡᠢ ᠂ ᠡᠮᠬᠢ ᠳᠢᠭᠯᠢᠮ ᠲᠠᠢ

ᠶᠡᠭᠡ ᠬᠤᠷᠠᠯ ᠤᠨ ᠡᠮᠬᠢ ᠳᠢᠭᠯᠢᠮ ᠪᠣᠯᠣᠨ ᠲᠥᠪ ᠴᠢᠩᠭ᠎ᠠ ᠂ ᠪᠣᠯᠪᠠᠰᠤᠨ ᠶᠡᠭᠡ ᠬᠤᠷᠠᠯ ᠤᠨ ᠰᠤᠷᠲᠠᠯ ᠢᠶᠠᠷ ᠶᠡᠭᠡ ᠬᠤᠷᠠᠯ ᠤᠨ

ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2