ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠥᠯᠥᠭᠡ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠦᠯᠦᠭᠡ᠂ 10 ᠰᠠᠷ᠎ᠠ ᠶᠢᠨ 8 ᠤ ᠡᠳᠦᠷ᠂ ᠮᠠᠨ ᠤ ᠰᠢᠶᠠᠨ ᠤ ᠤᠯᠠᠭᠠᠨᠮᠥ᠋ᠴᠢᠷ ︽ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ ᠤᠯᠤᠰ ᠤᠨ ᠥᠨᠢ ᠤᠳᠠᠭᠠᠨ ᠠᠮᠤᠷ ᠲᠦᠪᠰᠢᠨ ᠢ ᠪᠠᠲᠤᠯᠠᠶ᠎ᠠ | ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠲᠤᠰᠬᠠᠢ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ | | | | | | ᠲᠤᠰ ᠤᠳᠠᠭ᠎ᠠ ᠶᠢᠨ ᠲᠣᠭᠯᠠᠯᠲᠠ ᠳᠤ ︽ᠡᠭᠦᠷᠢᠳᠡ ᠶᠢᠨ ᠮᠠᠭᠲᠠᠭᠠᠯ ᠳᠠᠭᠤᠤ︾ ᠂ ︽ ᠴᠢᠮ᠎ᠠ ᠶᠢ ᠵᠢᠷᠤᠨ᠎ᠠ︾ ᠂ | ︽ᠠᠷᠠᠳ ᠤᠨ ᠲᠦᠷᠦ ᠭᠦᠷᠦᠨ︾ ᠂ ︽ᠲᠠᠭᠠᠯᠠᠮᠵᠢᠲᠠᠢ ᠡᠳᠦᠷ︾ ᠂ ︽ᠤᠯᠤᠰ ᠤᠨ ᠲᠤᠭ ᠤᠨ ᠳᠣᠣᠷ᠎ᠠ︾ ᠂ ᠬᠤᠶᠠᠷ ᠬᠦᠮᠦᠨ ᠤ | ᠡᠯᠭᠦᠴᠡᠭᠡ ︽ᠪᠡᠷᠭᠡᠨ ᠨᠣᠭᠤᠭ᠎ᠠ ᠳᠠᠮᠨᠠᠨ᠎ᠠ︾ ᠂ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ︽ᠮᠣᠷᠢ | ᠤᠷᠤᠯᠳᠤᠭᠤᠯᠬᠤ︾ ᠂ ᠱᠠᠨᠪᠧᠢ ᠶᠢᠨ ᠠᠷᠠᠳ ᠤᠨ ᠳᠠᠭᠤᠤ ︽ᠰᠡᠳᠬᠢᠯ ᠵᠢᠷᠦᠬᠡᠨ ᠳᠠᠬᠢ ᠴᠢ︾ ᠂ ︽ ᠬᠥᠷ ᠨᠠᠷᠭᠢᠶᠠᠨᠲᠦ | ᠬᠤᠶᠠᠷ ᠬᠥᠮᠥᠨ ᠤ ᠡᠯᠭᠦᠴᠡᠭᠡ︾ ᠵᠡᠷᠭᠡ 12 ᠰᠣᠳᠣᠨ ᠤᠷᠠᠯᠢᠭ ᠤᠨ ᠪᠦᠲᠦᠭᠡᠯ ᠢ ᠲᠣᠭᠯᠠᠪᠠ ᠃ | | | | | | ᠪᠦᠬᠦ᠋ᠢᠯᠡ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ | ᠲᠣᠭᠯᠠᠯᠲᠠ ᠶᠢᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠠᠭᠤᠰᠬᠠᠵᠤ ᠂ ᠤᠯᠠᠨ ᠲᠦᠮᠡᠨ ᠤ | ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠥᠷᠭᠡᠨ ᠤᠯᠠᠨ ᠠᠷᠠᠳ ᠲᠦᠮᠡᠨ ᠤ | ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ ᠂ ᠨᠡᠶᠢᠭᠡᠮ ᠳᠤ ᠤᠯᠤᠰ ᠤᠨ ᠠᠮᠤᠷ ᠲᠦᠪᠰᠢᠨ ᠤ ᠠᠷᠠᠳ | ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠭᠰᠠᠨ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | |