ᠳ᠋ᠢᠶᠣᠣ ᠴᠦᠨ ᠬᠠᠢ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠤᠭᠤᠳᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/9
    10 ᠰᠠᠷ᠎ᠠ ᠶᠢᠨ 9  ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠴᠠᠩᠱᠦ᠋ᠨ ᠪᠠᠯᠭᠠᠰᠤ ᠶᠢᠨ ᠰᠢᠶᠠᠨ ᠹᠧᠩ ᠨᠡᠶᠢᠭᠡᠮ ᠲᠣᠭᠤᠷᠢᠭ ᠂ ᠪᠠᠶᠠᠨᠲᠠᠯ᠎ᠠ ᠰᠢᠶᠠᠩ ᠤᠨ ᠰᠡᠴᠡᠨ ᠭᠤᠤ ᠲᠣᠰᠬᠤᠨ ᠳᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃    ᠰᠢᠶᠠᠨ ᠹᠧᠩ ᠨᠡᠶᠢᠭᠡᠮ ᠲᠣᠭᠤᠷᠢᠭ ᠲᠤ ᠂ ᠳ᠋ᠢᠶᠣᠣ ᠴᠦᠨ ᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠯᠲᠠ ᠪᠣᠯᠣᠨ ᠤᠯᠤᠰ ᠲᠥᠷᠥ ᠶᠢᠨ ᠤᠬᠠᠮᠰᠠᠷ ᠢᠶᠠᠷ ︽ᠦᠵᠡᠯ ᠰᠠᠨᠠᠭ᠎ᠠ   ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠣᠨᠣᠪᠴᠢᠲᠠᠶ ᠡᠵᠡᠮᠳᠡᠨ ᠨᠠᠷᠢᠨ ᠪᠠᠶᠢᠷᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠰᠡᠴᠡᠨ ᠭᠤᠤ ᠲᠣᠰᠬᠤᠨ ᠳᠤ ᠂ ᠳ᠋ᠢᠶᠣᠣ ᠴᠦᠨ ᠬᠠᠢ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠣᠷᠣᠯᠭ᠎ᠠ ᠶᠢᠨ ᠳᠠᠩᠰᠠ ᠪᠤᠳᠤᠭᠰᠠᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠰᠢᠶᠠᠩ ᠂ ᠲᠣᠰᠬᠤᠨ ᠬᠤᠶᠠᠷ ᠱᠠᠲᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ︽ᠬᠤᠶᠠᠷ ᠠᠴᠠ ᠳᠡᠭᠡᠭᠦᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠡᠭᠦᠨ ᠤ ᠬᠠᠮᠲᠤ᠂ ᠰᠢᠶᠠᠩ᠂ ᠲᠣᠰᠬᠤᠨ ᠤ ᠲᠣᠰ ᠪᠡᠶ᠎ᠡ ᠶᠢᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠤᠨ᠂ ᠪᠠᠶᠢᠴᠠᠭᠠᠨ ᠰᠤᠳᠤᠯᠵᠤ ᠨᠤᠲᠠᠯᠠᠯᠲᠠ ᠬᠢᠬᠦ ᠶᠢ ᠭᠦᠢᠴᠡᠳ ᠰᠠᠶᠢᠲᠤᠷ ᠬᠢᠵᠦ᠂ ᠢᠷᠡᠬᠦ ᠵᠢᠯ ᠤᠨ ᠪᠡᠯᠡ ᠮᠥᠩᠭᠦ ᠶᠢᠨ ᠲᠥᠷᠥᠯ ᠵᠦᠢᠯ ᠤᠨ ᠠᠵᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠬᠡᠷᠡᠭᠲᠡᠢ ᠭᠡᠪᠡ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ   
 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2