ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/9
    10 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ᠬᠤᠷᠠᠯ ᠳᠡᠭᠡᠷ᠎ᠡ᠂ ᠮᠠᠨ ᠤ ᠰᠢᠶᠠᠨ ᠤ 2023 ᠣᠨ ᠤ ᠬᠤᠶᠠᠳᠤᠭᠠᠷ ᠤᠯᠠᠷᠢᠯ ᠤᠨ ᠨᠡᠶᠢᠭᠡᠮ ᠤᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠪᠠᠶᠢᠳᠠᠯ ᠢ ᠮᠡᠳᠡᠭᠳᠡᠪᠡ᠃

00.png

    ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠡᠶᠢᠭᠡᠮ ᠤᠨ

ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ

ᠲᠤᠯᠭᠠᠮ᠎ᠠ ᠰᠡᠳᠬᠢᠯᠭᠡ ᠶᠢ ᠴᠢᠩᠬᠠᠳᠬᠠᠬᠤ ᠬᠡᠷᠡᠭᠲᠡᠢ᠃ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ

ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠣᠬᠢᠷᠠᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠬᠤ

ᠬᠡᠷᠡᠭᠲᠡᠢ᠂ ᠨᠢᠭᠡᠴᠡ ᠳᠤ ᠬᠤᠯᠪᠣᠭᠳᠠᠬᠤ ᠠᠵᠢᠯ ᠤᠨ ᠡᠭᠦᠷᠭᠡ ᠶᠢ ᠦᠨᠡᠨᠬᠦ ᠨᠠᠷᠢᠨ ᠨᠠᠶᠢᠳᠠᠪᠤᠷᠢᠵᠢᠭᠤᠯᠵᠤ᠂

ᠬᠠᠷᠢᠭᠤᠴᠠᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠰᠠᠭᠤᠷᠢ ᠲᠤᠭ᠎ᠠ ᠶᠢ ᠨᠠᠷᠢᠨ ᠬᠢᠨᠠᠮᠠᠭᠠᠢ ᠬᠠᠷᠢᠴᠠᠭᠤᠯᠤᠨ᠂

ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠨᠢᠭᠡ ᠨᠢᠭᠡ ᠪᠠᠷ

ᠬᠠᠷᠢᠴᠠᠭᠤᠯᠤᠨ᠂ ᠨᠢᠭᠡ ᠨᠢᠭᠡ ᠪᠠᠷ ᠡᠮᠬᠢᠯᠡᠵᠦ᠂ ᠨᠢᠭᠡ ᠨᠢᠭᠡ ᠪᠠᠷ ᠬᠠᠷᠢᠴᠠᠭᠤᠯᠤᠨ᠂ ᠳᠤᠲᠠᠭᠤ ᠶᠢ ᠪᠠᠶᠢᠴᠠᠭᠠᠵᠤ

ᠳᠤᠲᠠᠭᠤ ᠶᠢ ᠨᠥᠬᠦᠪᠦᠷᠢᠯᠡᠬᠦ ᠶᠢ ᠰᠠᠶᠢᠲᠤᠷ ᠬᠢᠵᠦ᠂ ᠲᠠᠷᠠᠭᠠᠴᠢ ᠶᠢᠨ ᠤᠯᠠᠷᠢᠯ ᠤᠨ ᠢᠲᠡᠭᠡᠮᠵᠢ ᠶᠢᠨ ᠰᠢᠰᠲ᠋ᠧᠮᠵᠢ ᠶᠢᠨ

ᠠᠵᠢᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠢ

ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ ᠂

ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠲᠦᠷᠭᠡᠳᠬᠡᠵᠦ ᠂ ᠮᠡᠳᠡᠭᠡ ᠵᠠᠩᠭᠢ ᠶᠢ ᠴᠤᠭᠯᠠᠭᠤᠯᠵᠤ

ᠬᠠᠮᠲᠤᠪᠠᠷ ᠡᠳ᠋ᠯᠡᠬᠦ ᠶᠢ ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠤ ᠦᠨᠡᠨᠴᠢ ᠢᠲᠡᠭᠡᠮᠵᠢ ᠶᠢᠨ

ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠴᠣᠩᠬᠤᠪᠴᠢ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ

ᠳᠡᠭᠡᠭᠰᠢᠯᠡᠭᠦᠯᠵᠦ ᠂ ᠨᠡᠶᠢᠭᠡᠮ ᠤᠨ ᠢᠲᠡᠭᠡᠮᠵᠢ ᠵᠢᠨ‌‍ᠰᠢᠰᠲ᠋ᠧᠮ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ

ᠣᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ

ᠴᠢᠩᠭᠠᠳᠬᠠᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ

ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠡᠪᠲᠡᠷᠡᠯᠴᠡᠬᠦ᠂ ᠵᠣᠬᠢᠴᠠᠭᠤᠯᠤᠨ ᠬᠠᠮᠵᠢᠯᠴᠠᠬᠤ᠂ ᠥᠨᠳᠥᠷ ᠦᠷ᠎ᠡ

ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠢᠲᠡᠭᠡᠮᠵᠢ ᠶᠢᠨ ᠰᠢᠰᠲ᠋ᠧᠮᠵᠢ ᠶᠢᠨ

ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠲᠣᠰ

ᠪᠡᠶ᠎ᠡ ᠶᠢᠨ ᠳᠠᠪᠠᠭᠤᠯᠢᠭ ᠢᠶᠠᠨ ᠠᠰᠢᠭᠯᠠᠨ᠂ ᠦᠷᠭᠦᠯᠵᠢᠯᠡᠨ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠪᠠᠷ

ᠤᠬᠠᠭᠤᠯᠭ᠎ᠠ ᠶᠢ ᠥᠷᠨᠢᠭᠦᠯᠵᠦ᠂ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ

ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠦᠨᠡᠨᠴᠢ ᠢᠲᠡᠭᠡᠮᠵᠢᠲᠡᠢ ᠨᠡᠶᠢᠭᠡᠮ ᠤᠨ ᠠᠭᠤᠷ ᠠᠮᠢᠰᠬᠤᠯ ᠢ ᠪᠣᠶ

ᠪᠣᠯᠭᠠᠬᠤ ᠬᠡᠷᠡᠭᠲᠡᠢ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2