ᠮᠠᠨ ᠤ ᠰᠢᠶᠠᠨ ︽ᠡᠷᠴᠢ ᠵᠣᠷᠢᠭ ᠢᠶᠠᠨ ᠬᠦᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠵᠦ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠲᠡᠰᠢ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/10/9
    ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠣᠷᠣᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠠᠩᠬᠠᠷᠤᠯ ᠲᠠᠯᠪᠢᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ 10 ᠰᠠᠷ᠎ᠠ ᠶᠢᠨ 8 ᠤ ᠡᠳᠦᠷ᠂ ᠮᠠᠨ ᠤ ᠰᠢᠶᠠᠨ ︽ᠡᠷᠴᠢ ᠵᠣᠷᠢᠭ ᠢᠶᠠᠨ ᠬᠦᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠦᠨ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠳᠠᠰᠢ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃

0.png

    ᠲᠤᠰ ᠤᠳᠠᠭ᠎ᠠ ᠶᠢᠨ ᠤᠷᠤᠯᠳᠤᠭᠠᠨ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠦᠬᠡ ᠂ ᠤᠯᠤᠰ ᠤᠨ

ᠪᠠᠲᠤᠯᠠᠨ ᠬᠠᠮᠠᠭᠠᠯᠠᠯᠲᠠ ᠶᠢᠨ ᠬᠠᠤᠯᠢ ᠲᠣᠭᠲᠠᠭᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠳᠠᠯ ᠢᠶᠠᠷ ᠭᠤᠣᠯ

ᠠᠭᠤᠯᠭ᠎ᠠ ᠪᠣᠯᠭᠠᠵᠤ ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠣᠯᠣᠨ ᠠᠵᠤ ᠠᠬᠤᠶᠢᠯᠠᠯ ᠠᠵᠢᠯ

ᠦᠢᠯᠡᠰ ᠤᠨ ᠨᠢᠭᠡᠴᠡ ᠶᠢᠨ 14 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ ᠂ ᠤᠷᠤᠯᠳᠤᠭᠠᠨ ᠢ

ᠬᠤᠪᠢ ᠬᠥᠮᠥᠨ ᠤ ᠵᠠᠪᠠᠯ ᠬᠠᠷᠢᠭᠤᠯᠬᠤ ᠰᠡᠳᠦᠪ ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ ᠂ ᠵᠠᠪᠳᠤᠨ

ᠬᠠᠷᠢᠭᠤᠯᠬᠤ ᠰᠡᠳᠦᠪ ᠭᠡᠵᠦ ᠭᠤᠷᠪᠠᠨ ᠬᠡᠰᠡᠭ ᠲᠤ ᠬᠤᠪᠢᠶᠠᠵᠤ ᠂ ᠤᠷᠤᠯᠳᠤᠭᠠᠨ ᠤ ᠲᠠᠯᠠᠪᠤᠷ ᠲᠤ ᠡᠯ᠎ᠡ 

ᠣᠷᠤᠯᠴᠠᠭᠴᠢ ᠯᠠᠪᠳᠠᠭᠤᠨ ᠲᠣᠭᠲᠠᠭᠤᠨ ᠢᠶᠠᠷ ᠰᠡᠳᠦᠪ ᠢᠶᠠᠨ ᠬᠠᠷᠢᠭᠤᠯᠵᠤ᠂ ᠢᠳᠡᠪᠬᠢᠲᠡᠢ ᠪᠠᠷ ᠥᠷᠢᠰᠦᠯᠳᠦᠵᠦ ᠂

ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠤᠷᠴᠠ ᠰᠢᠷᠦᠭᠦᠨ ᠪᠠᠶᠢᠯ᠎ᠠ᠃

00.png

    ᠲᠤᠰ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠠᠭᠤᠯᠭ᠎ᠠ ᠪᠠᠷ ᠪᠠᠶᠠᠯᠢᠭ᠂ ᠪᠦᠬᠦ

ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠬᠦ ᠶᠢᠨ

ᠴᠢᠬᠤᠯᠠ ᠴᠢᠨᠠᠷ ᠢ ᠤᠷᠤᠯᠳᠤᠭᠠᠨ ᠳᠤ ᠣᠷᠣᠯᠴᠠᠭᠰᠠᠳ ᠲᠤ ᠨᠡᠩ ᠭᠦᠨᠵᠡᠭᠡᠢ ᠲᠠᠨᠢᠭᠤᠯᠵᠤ ᠂ ᠪᠦᠬᠦ ᠰᠢᠶᠠᠨ ᠤ ᠤᠯᠠᠨ

ᠲᠦᠮᠡᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ ᠂ ᠪᠦᠬᠦ ᠠᠷᠠᠳ ᠤᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠭᠦᠨᠵᠡᠭᠡᠢ ᠲᠦᠭᠡᠮᠡᠯᠵᠢᠭᠦᠯᠬᠦ ᠶᠢ ᠴᠢᠨᠠᠭᠰᠢᠳᠠ ᠠᠬᠢᠭᠤᠯᠵᠤ ᠂

ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ ᠂ ᠤᠯᠤᠰ ᠤᠨ ᠪᠠᠲᠤᠯᠠᠨ

ᠬᠠᠮᠠᠭᠠᠯᠠᠯᠲᠠ ᠶᠢ ᠬᠠᠶᠢᠷᠠᠯᠠᠬᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠂ ᠤᠯᠤᠰ ᠤᠨ

ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠪᠦᠬᠦ ᠠᠷᠠᠳ ᠤᠨ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ

ᠯᠠᠪᠳᠠᠭᠤᠨ ᠪᠠᠲᠤᠲᠠᠢ ᠠᠬᠢᠭᠤᠯᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2