ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠂ ᠡᠷᠡᠯᠬᠡᠭᠯᠡᠨ ᠤᠷᠤᠭᠰᠢᠯᠠᠬᠤ ᠢᠷᠠᠭᠤ ᠬᠠᠭᠤᠳᠠᠰᠤ ᠶᠢ | ᠪᠢᠴᠢᠭᠯᠡᠨ᠎ᠡ ᠃ 11 ᠰᠠᠷ᠎ᠠ ᠶᠢᠨ 1 ᠤ ᠡᠳᠦᠷ ᠂ ᠮᠠᠨ ᠤ ᠰᠢᠶᠠᠨ ᠤ ᠠᠵᠢᠯᠴᠢᠨ ᠤ ᠡᠪᠯᠡᠯ ᠤᠨ ᠠᠷᠪᠠᠳᠤᠭᠠᠷ | ᠤᠳᠠᠭᠠᠨ ᠤ ᠪᠦᠬᠦ ᠰᠢᠶᠠᠨ ᠤ ᠡᠯ᠎ᠡ ᠠᠵᠢᠯ ᠲᠦᠷᠦᠯ ᠠᠴᠠ ᠢᠷᠡᠭᠰᠡᠨ 110 ᠲᠥᠯᠥᠭᠡᠯᠡᠭᠴᠢ ᠨᠢᠭᠡ ᠲᠠᠩᠬᠢᠮ ᠳᠤ | ᠴᠤᠭᠯᠠᠷᠠᠵᠤ ᠂ ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠠᠵᠢᠯ ᠤᠨ ᠠᠮᠵᠢᠯᠲᠠ ᠲᠤᠷᠰᠢᠯᠭ᠎ᠠ ᠶᠢ | ᠳ᠋ᠦᠩᠨᠡᠵᠦ ᠂ ᠰᠢᠨ᠎ᠡ ᠠᠶᠠᠨ ᠵᠠᠮ ᠳᠠᠬᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷᠲᠤ | ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠶᠠᠷᠢᠯᠴᠠᠪᠠ ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠂ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ | ᠲᠢᠩ ᠶᠦᠩ ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ ᠨᠠᠷ ᠬᠤᠷᠠᠯ ᠳᠤ ᠣᠷᠣᠯᠴᠠᠪᠠ ᠃ | | ᠶᠡᠭᠡ ᠬᠤᠷᠠᠯ ᠬᠠᠩᠭᠢᠨᠠᠮ᠎ᠠ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ ᠃ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠵᠢᠶᠦ᠋ᠨ | ᠡᠬᠢᠯᠡᠯᠲᠡ ᠶᠢᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ ᠪᠦᠬᠦ ᠰᠢᠶᠠᠨ ᠤ ᠡᠯ᠎ᠡ ᠹᠷᠣᠨᠲ ᠤᠨ ᠬᠤᠷᠠᠯ ᠳᠤ | ᠣᠷᠣᠯᠴᠠᠭᠰᠠᠨ ᠲᠥᠯᠥᠭᠡᠯᠡᠭᠴᠢᠳ᠂ ᠪᠦᠬᠦ ᠰᠢᠶᠠᠨ ᠤ ᠥᠷᠭᠡᠨ ᠤᠯᠠᠨ ᠠᠵᠢᠯᠲᠠᠨ ᠠᠵᠢᠯᠴᠢᠨ᠂ ᠬᠥᠳᠡᠯᠮᠦᠷᠢ ᠶᠢᠨ | ᠵᠢᠱᠢᠶᠡᠴᠢ ᠪᠠ ᠠᠵᠢᠯᠴᠢᠨ ᠤ ᠡᠪᠯᠡᠯ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠡᠢ ︕ | ᠶᠡᠭᠡ ᠬᠤᠷᠠᠯ ᠠᠴᠠ ︽ᠬᠤᠸᠠᠳᠧ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠬᠤᠭᠤᠴᠠᠭᠠᠨ ᠤ | ᠺᠣᠮᠢᠰ ᠤᠨ ᠠᠵᠢᠯ ᠤᠨ ᠢᠯᠡᠳᠬᠡᠯ︾ ᠂ ︽ᠬᠤᠸᠠᠳᠧ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ | ᠬᠤᠭᠤᠴᠠᠭᠠᠨ ᠤ ᠺᠣᠮᠢᠰ ᠤᠨ ᠡᠳ᠋ ᠤᠨ ᠶᠠᠪᠤᠳᠠᠯ ᠤᠨ ᠠᠵᠢᠯ ᠤᠨ ᠢᠯᠡᠳᠬᠡᠯ︾ ᠂ ︽ᠬᠤᠸᠠᠳᠧ ᠰᠢᠶᠠᠨ ᠤ | ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠬᠤᠭᠤᠴᠠᠭᠠᠨ ᠤ ᠺᠣᠮᠢᠰ ᠤᠨ ᠵᠠᠷᠤᠳᠠᠯ ᠢ ᠬᠢᠨᠠᠨ ᠪᠠᠶᠢᠴᠠᠭᠠᠬᠤ | ᠺᠣᠮᠢᠰ ᠤᠨ ᠠᠵᠢᠯ ᠤᠨ ᠢᠯᠡᠳᠬᠡᠯ︾ ᠢ ᠬᠢᠨᠠᠨ ᠵᠦᠪᠰᠢᠶᠡᠷᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠂ ᠪᠦᠬᠦ ᠰᠢᠶᠠᠨ ᠤ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠠᠵᠢᠯᠴᠢᠨ ᠤ ᠡᠪᠯᠡᠯ ᠤᠨ ᠠᠵᠢᠯ ᠤᠨ ᠵᠥᠪ ᠴᠢᠭᠯᠡᠯ᠂ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ | ᠰᠡᠳᠦᠪ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠡᠭᠦᠷᠭᠡ ᠬᠠᠷᠢᠭᠤᠴᠠᠯᠭ᠎ᠠ ᠪᠠ | ᠠᠵᠢᠯᠴᠢᠨ ᠤ ᠡᠪᠯᠡᠯ ᠤᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠪᠠᠲᠤ ᠡᠵᠡᠮᠰᠢᠵᠦ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠰᠢᠨ᠎ᠡ | ᠥᠷᠨᠢᠯᠲᠡ ᠶᠢ ᠦᠷᠭᠦᠯᠵᠢᠯᠡᠨ ᠭᠠᠷᠭᠠᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠪᠣᠳᠠᠲᠠᠶᠢᠵᠢᠭᠤᠯᠬᠤ ᠂ ᠡᠶ᠎ᠡ | ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤᠮᠳᠠ ᠰᠢᠨ᠎ᠡ ᠡᠭᠦᠷᠭᠡᠯᠡᠯ ᠢ ᠢᠯᠡᠷᠡᠭᠦᠯᠵᠦ ᠂ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠨᠡᠩ ᠠᠮᠢᠵᠢᠷᠠᠯ ᠤᠨ ᠬᠦᠴᠦᠨ ᠲᠠᠢ ᠂ ᠨᠡᠩ ᠪᠠᠲᠤ ᠴᠢᠩᠭ᠎ᠠ | ᠬᠦᠴᠦᠨ ᠲᠠᠢ ᠪᠣᠯᠭᠠᠨ ᠪᠠᠶᠢᠭᠤᠯᠵᠤ ᠂ ᠥᠷᠭᠡᠨ ᠤᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠭᠠᠪᠢᠶ᠎ᠠ ᠵᠢᠳᠬᠦᠯ | ᠪᠠᠶᠢᠭᠤᠯᠬᠤ ᠬᠡᠷᠡᠭᠲᠡᠢ ᠃ | ᠬᠤᠷᠠᠯ ᠠᠴᠠ ᠤᠷᠢᠶᠠᠯᠠᠭᠰᠠᠨ ᠨᠢ ᠂ ᠪᠦᠬᠦ ᠰᠢᠶᠠᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠣᠯᠠᠨ ᠠᠵᠢᠯᠲᠠᠨ ᠠᠵᠢᠯᠴᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠡᠷᠡᠯᠬᠡᠭᠯᠡᠨ | ᠲᠡᠮᠡᠴᠡᠵᠦ ᠂ ᠡᠷᠡᠯᠬᠡᠭᠯᠡᠨ ᠤᠷᠤᠭᠰᠢᠯᠠᠵᠤ ᠂ ᠲᠥᠪ ᠭᠤᠣᠯᠴᠢ ᠪᠠᠷ ᠰᠢᠨ᠎ᠡ ᠶᠢ ᠡᠭᠦᠳᠴᠦ ᠂ ᠦᠨᠡᠨ ᠬᠦ ᠠᠳᠬᠤᠨ | ᠪᠣᠳᠠᠲᠠᠢ ᠠᠵᠢᠯᠯᠠᠵᠤ ᠂ ᠥᠷᠭᠡᠨ ᠤᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠲᠠᠶᠢᠴᠢᠯᠠᠵᠦ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠷᠠᠳ ᠤᠨ ᠦᠢᠯᠡᠴᠢᠯᠡᠭᠡᠨ ᠤ ᠦᠢᠯᠡᠳᠦᠯᠭᠡ ᠵᠢᠨᠴᠣ᠋ ᠰᠢᠨ᠎ᠡ | ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠰᠢᠨ᠎ᠡ ᠬᠤᠸᠠᠳᠧ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠶ᠎ᠡ ︕ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | | |