ᠬᠤᠸᠠ ᠨᠧᠩ ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠮᠠᠨ ᠤ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠬᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/11/13
    ᠣᠶᠢᠷ᠎ᠠ ᠳᠤ᠂ ᠬᠤᠸᠠ ᠨᠧᠩ ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠵᠢᠩ ᠺᠦᠨ ᠨᠠᠷ ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ  ᠪᠣᠷᠤᠤᠰᠤ ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠬᠤ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃

1.jpg

    ᠪᠣᠷᠤᠤᠰᠤ ᠲᠣᠰᠬᠤᠨ ᠳᠤ ᠂ ᠵᠠᠩ ᠵᠢᠩ ᠺᠦᠨ ᠵᠡᠷᠭᠡ ᠬᠥᠮᠥᠰ ᠤᠷᠢᠳ ᠬᠤᠵᠢᠳ ᠲᠤᠰ ᠲᠣᠰᠬᠤᠨ ᠤ ᠵᠠᠩ

ᠦᠢᠯᠡ ᠶᠢᠨ ᠵᠤᠭᠠᠴᠠᠯ ᠤᠨ ᠦᠵᠡᠮᠵᠢ ᠶᠢᠨ ᠣᠷᠣᠨ᠂ ᠲᠣᠰᠬᠤᠨ ᠤ ᠵᠡᠭᠡᠯᠢ ᠶᠢᠨ ᠦᠵᠡᠮᠵᠢ ᠂ ᠲᠥᠪ ᠲᠠᠯᠠᠪᠠᠢ ᠂

ᠲᠣᠰᠬᠤᠨ ᠤ ᠠᠷᠠᠳ ᠤᠨ ᠵᠥᠪᠯᠡᠯ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠨᠠᠮ ᠤᠯᠠᠨ

ᠲᠦᠮᠡᠨ ᠤ ᠠᠵᠢᠯᠯᠠᠭᠠᠨ ᠤ ᠦᠷᠦᠭᠡ ᠶᠢ ᠲᠣᠭᠤᠷᠢᠨ ᠦᠵᠡᠪᠡ ᠃ ᠡᠭᠦᠨ ᠤ ᠬᠠᠮᠲᠤ ᠬᠥᠳᠡᠯᠭᠡᠭᠡᠨ ᠤ ᠥᠷᠥᠭᠡᠨ ᠳᠤ

ᠨᠠᠭᠠᠳᠴᠤ ᠪᠠᠶᠢᠭ᠎ᠠ ᠲᠣᠰᠬᠤᠨ ᠤ ᠠᠷᠠᠳ ᠲᠠᠢ ᠰᠠᠨᠠᠯ ᠢᠶᠠᠨ ᠰᠣᠯᠢᠯᠴᠠᠵᠤ ᠂ ᠲᠣᠰᠬᠤᠨ ᠤ ᠠᠷᠠᠳ ᠤᠨ ᠡᠨᠡ ᠵᠢᠯ ᠤᠨ

ᠬᠤᠷᠢᠶᠠᠯᠲᠠ᠂ ᠳᠠᠷᠢᠵᠤ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠂ ᠪᠠᠶᠢᠩᠭᠤ ᠰᠠᠭᠤᠭ᠎ᠠ ᠬᠥᠮᠥᠨ ᠠᠮᠠ ᠶᠢᠨ

ᠨᠠᠰᠤᠨ ᠤ ᠪᠦᠲᠦᠴᠡ ᠪᠣᠯᠣᠨ ᠡᠷᠡᠭᠦᠯ ᠴᠢᠭᠢᠷᠠᠭ ᠤᠨ ᠪᠠᠶᠢᠳᠠᠯ ᠂ ᠢᠷᠡᠬᠦ ᠵᠢᠯ ᠤᠨ ᠲᠥᠯᠥᠪᠯᠡᠭᠡ ᠵᠡᠷᠭᠡ ᠶᠢ ᠨᠠᠷᠢᠨ

ᠨᠢᠭᠲᠠ ᠠᠰᠠᠭᠤᠨ ᠯᠠᠪᠯᠠᠪᠡ᠃

    ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠂ ᠵᠠᠩ ᠵᠢᠩ ᠺᠦᠨ ᠵᠡᠷᠭᠡ ᠬᠥᠮᠥᠰ ᠬᠡᠷᠡᠮ

ᠳᠡᠭᠡᠷᠡᠬᠢ ᠪᠣᠷᠤᠤᠰᠤ ᠲᠣᠰᠬᠤᠨ ᠤ ᠪᠠᠶᠢᠳᠠᠯ ᠤᠨ ᠲᠠᠨᠢᠯᠴᠠᠭᠤᠯᠭ᠎ᠠ ᠂ ᠲᠣᠰᠬᠤᠨ ᠤ ︽ᠬᠤᠶᠠᠷ ᠵᠥᠪᠯᠡᠯ︾ ᠵᠢᠴᠢ

ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯᠲᠠᠨ ᠤ ᠦᠨᠳᠦᠰᠦᠨ ᠪᠠᠶᠢᠳᠠᠯ ᠂ ᠭᠤᠷᠪᠠᠨ ᠳᠡᠰ ᠤᠨ

ᠲᠣᠣᠷᠵᠢᠯ ᠤᠨ ᠬᠠᠮᠢᠶᠠᠷᠤᠯᠲᠠ ᠶᠢᠨ ᠶᠠᠪᠤᠴᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠣᠷᠵᠢᠯ ᠤᠨ

ᠦᠢᠯᠡᠴᠢᠯᠡᠭᠡᠨ ᠤ ᠬᠠᠮᠢᠶᠠᠷᠤᠯᠲᠠ ᠵᠡᠷᠭᠡ ᠠᠵᠢᠯ ᠤᠨ ᠳᠦᠷᠢᠮ᠂ ᠲᠣᠰᠬᠤᠨ ᠤ ᠳᠦᠷᠢᠮ ᠠᠷᠠᠳ ᠤᠨ ᠭᠡᠷ᠎ᠡ ᠵᠢᠴᠢ

ᠲᠣᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠪᠣᠯᠣᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ

ᠪᠠᠶᠢᠳᠠᠯ ᠢ ᠨᠠᠷᠢᠨ ᠪᠠᠶᠢᠴᠠᠭᠠᠨ ᠦᠵᠡᠪᠡ ᠃

    ᠶᠠᠷᠢᠯᠴᠠᠬᠤ ᠬᠤᠷᠠᠯ ᠳᠡᠭᠡᠷ᠎ᠡ ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠣᠣ ᠴᠦᠨ ᠬᠠᠢ ᠵᠠᠩ ᠵᠢᠩ ᠺᠦᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ 

ᠬᠤᠸᠠᠳᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠣᠰᠬᠤᠨ ᠳᠤ ᠰᠠᠭᠤᠵᠤ

ᠬᠠᠪᠰᠤᠷᠤᠨ ᠲᠡᠳᠬᠦᠬᠦ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ︕ ᠬᠤᠶᠠᠷ

ᠲᠠᠯ᠎ᠠ ᠪᠠᠷ ᠢᠶᠠᠨ ᠮᠠᠨ ᠤ ᠰᠢᠶᠠᠨ ᠤ ᠳᠠᠩ ᠨᠡᠭᠦᠷᠡᠰᠦᠲᠥ᠋ᠷᠥᠭᠴᠢ ᠶᠢᠨ ᠠᠵᠤ ᠦᠢᠯᠡᠳᠪᠦᠷᠢ ᠶᠢᠨ ᠬᠦᠷᠢᠶᠡᠯᠡᠩ

ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠢᠯᠴᠢ ᠴᠠᠬᠢᠯᠭᠠᠨ ᠢ ᠬᠤᠯᠪᠤᠭᠠᠯᠠᠨ ᠦᠢᠯᠡᠳᠪᠦᠷᠢᠯᠡᠵᠦ ᠲᠥᠪᠯᠡᠷᠡᠭᠦᠯᠦᠨ

ᠢᠯᠴᠢ ᠬᠠᠩᠭᠠᠬᠤ ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠵᠢᠴᠢ ᠤᠮᠠᠷᠠᠲᠤ ᠶᠢᠨ

ᠺᠣᠮᠫᠠᠨᠢ ᠶᠢᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠳᠠᠷᠠᠭᠠᠴᠢ ᠶᠢᠨ ᠠᠯᠬᠤᠮ ᠤᠨ ᠠᠵᠢᠯ ᠤᠨ

ᠲᠥᠯᠥᠪᠯᠡᠭᠡ ᠵᠡᠷᠭᠡ ᠶᠢᠨ ᠲᠤᠬᠠᠢ ᠥᠷᠭᠡᠨ ᠭᠦᠨᠵᠡᠭᠡᠢ ᠰᠣᠯᠢᠯᠴᠠᠭ᠎ᠠ ᠬᠢᠵᠦ ᠂ ᠬᠠᠮᠲᠤ ᠶᠢᠨ ᠲᠠᠨᠢᠯᠲᠠ ᠲᠠᠢ ᠪᠣᠯᠵᠤ ᠂

ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠶᠢᠨ ᠳᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠳᠤ ᠪᠠᠲᠤ ᠪᠠᠬᠢ

ᠰᠠᠭᠤᠷᠢ ᠲᠠᠯᠪᠢᠵᠤ ᠥᠭᠴᠡᠢ ᠃

2.jpg

    ᠲᠣᠰᠬᠤᠨ ᠤ ᠨᠠᠮ ᠤᠨ ᠡᠭᠦᠷ ᠤᠨ ᠱᠦᠵᠢ ᠶᠣᠣ ᡁᠢ ᠺᠤᠸᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ

ᠶᠤᠸᠠᠨ ᠽᠢ ᠴᠢᠶᠠᠩ ᠲᠤᠰ ᠲᠣᠰᠬᠤᠨ ᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠂ ᠭᠡᠷ ᠪᠦᠯᠢ ᠶᠢᠨ ᠠᠵᠤ

ᠠᠬᠤᠢ ᠶᠢᠨ ᠲᠤᠷᠰᠢᠯᠲᠠ ᠶᠢᠨ ᠴᠢᠭ᠋ ᠤᠨ ᠳᠡᠯᠭᠡᠷᠡᠭᠦᠯᠦᠨ ᠡᠵᠡᠩᠨᠡᠬᠦ ᠵᠠᠭᠪᠤᠷ ᠪᠣᠯᠣᠨ ᠬᠥᠭᠵᠢᠯᠲᠡ ᠶᠢᠨ ᠪᠠᠶᠢᠳᠠᠯ ᠵᠢᠴᠢ

ᠵᠠᠩ ᠦᠢᠯᠡ ᠶᠢᠨ ᠵᠤᠭᠠᠴᠠᠯ ᠵᠢᠴᠢ ᠠᠵᠤ ᠦᠢᠯᠡᠰ ᠤᠨ ᠬᠥᠭᠵᠢᠯᠲᠡ ᠶᠢᠨ ᠠᠬᠢᠴᠠ ᠪᠣᠯᠣᠨ ᠠᠵᠤ ᠦᠢᠯᠡᠰ ᠤᠨ

ᠬᠥᠭᠵᠢᠯᠲᠡ ᠶᠢᠨ ᠲᠥᠯᠥᠪᠯᠡᠭᠡ ᠵᠡᠷᠭᠡ ᠶᠢ ᠬᠠᠷᠢᠭᠤ ᠮᠡᠳᠡᠭᠦᠯᠵᠡᠢ ᠃ ᠵᠠᠩ ᠵᠢᠩ ᠺᠦᠨ ᠺᠣᠮᠫᠠᠨᠢ ᠶᠢᠨ ᠬᠤᠶᠠᠷ ᠵᠢᠯ ᠤᠨ

ᠲᠤᠷᠰᠢ ᠲᠤᠬᠠᠢ ᠶᠢᠨ ᠭᠠᠵᠠᠷ ᠤᠨ ᠬᠥᠭᠵᠢᠯᠲᠡ ᠲᠠᠢ ᠤᠶᠠᠯᠳᠤᠭᠤᠯᠤᠨ ᠲᠣᠰᠬᠤᠨ ᠳᠤ ᠰᠠᠭᠤᠵᠤ ᠬᠠᠪᠰᠤᠷᠤᠨ

ᠲᠡᠳᠬᠦᠵᠦ ᠂ ︽ᠠᠷᠠᠳ ᠤᠨ ᠵᠠᠩ ᠦᠢᠯᠡ ᠶᠢᠨ ᠵᠤᠭᠠᠴᠠᠯ + ᠠᠵᠤ ᠦᠢᠯᠡᠰ ᠤᠨ ᠬᠥᠭᠵᠢᠯᠲᠡ︾  ᠶᠢᠨ ᠪᠠᠶᠠᠵᠢᠯ ᠤᠨ

ᠵᠠᠮ ᠢᠶᠠᠷ ᠵᠠᠮᠨᠠᠭᠰᠠᠨ ᠢ ᠭᠦᠢᠴᠡᠳ ᠨᠤᠲᠠᠯᠠᠪᠠ ᠃ ᠺᠣᠮᠫᠠᠨᠢ ᠶᠢᠨ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ

ᠶᠤᠸᠠᠨ ᠽᠢ ᠴᠢᠶᠠᠩ ᠨᠥᠬᠦᠷ ᠤᠨ ᠣᠯᠠᠨ ᠵᠢᠯ ᠤᠨ ᠰᠢᠷᠭᠠᠭᠤ ᠴᠢᠷᠮᠠᠶᠢᠯᠭ᠎ᠠ ᠪᠠ ᠲᠣᠪᠣᠶᠢᠮ᠎ᠠ ᠠᠵᠢᠯ ᠤᠨ ᠠᠮᠵᠢᠯᠲᠠ

ᠪᠦᠲᠦᠮᠵᠢ ᠶᠢ ᠮᠠᠭᠲᠠᠨ ᠰᠠᠶᠢᠰᠢᠶᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ

ᠰᠢᠨ᠎ᠡ ᠨᠢᠭᠡ ᠡᠭᠡᠯᠵᠢ ᠶᠢᠨ ᠲᠣᠰᠬᠤᠨ ᠳᠤ ᠰᠠᠭᠤᠬᠤ ᠠᠵᠢᠯ ᠢᠶᠠᠷ ᠰᠢᠨ᠎ᠡ ᠭᠠᠷᠤᠭ᠎ᠠ ᠪᠣᠯᠭᠠᠵᠤ᠂ ᠰᠡᠳᠬᠢᠴᠡ ᠪᠠᠨ

ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠬᠥᠭᠵᠢᠯᠲᠡ ᠶᠢᠨ ᠴᠢᠭᠯᠡᠯ ᠢᠶᠠᠨ ᠣᠨᠣᠪᠴᠢᠲᠠᠶ ᠡᠷᠢᠵᠦ᠂ ᠡᠯ᠎ᠡ

ᠲᠥᠷᠥᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠲᠣᠰᠬᠤᠨ ᠤ ᠬᠠᠮᠲᠤ ᠶᠢᠨ ᠠᠵᠤ

ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠭᠠᠷᠤᠯᠲᠠ ᠪᠠᠨ

ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠨᠠᠩ ᠰᠠᠶᠢᠲᠤᠷ ᠳᠠᠶᠢᠴᠢᠯᠠᠨ᠂ ᠤᠮᠠᠷᠠᠲᠤ ᠶᠢᠨ ᠴᠠᠬᠢᠯᠭᠠᠨ

ᠬᠦᠴᠦᠨ ᠤ ᠺᠣᠮᠫᠠᠨᠢ ᠶᠢᠨ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ

ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ

ᠰᠠᠶᠢᠲᠤᠷ ᠪᠡᠶᠡᠯᠡᠭᠦᠯᠬᠦ ᠶᠢ ᠬᠦᠰᠡᠪᠡ᠃

    ᠲᠣᠬᠤᠨᠢᠭᠤᠯᠬᠤ ᠶᠠᠪᠤᠴᠠ ᠳᠤ ᠂ ᠵᠠᠩ ᠵᠢᠩ ᠺᠦᠨ ᠵᠡᠷᠭᠡ ᠬᠥᠮᠥᠰ ᠡᠪᠡᠳᠴᠢᠨ ᠠᠴᠠ ᠪᠣᠯᠵᠤ ᠬᠦᠴᠢᠷᠳᠡᠯ ᠲᠠᠢ

18 ᠡᠷᠦᠬᠡ ᠶᠢ ᠰᠤᠷᠪᠤᠯᠵᠢᠯᠠᠵᠤ ᠂ ᠭᠤᠯᠢᠷ ᠂ ᠢᠳᠡᠰᠢᠨ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠵᠦ ᠂

ᠲᠣᠰᠬᠤᠨ ᠤ ᠤᠯᠠᠨ ᠲᠦᠮᠡᠨ ᠢ ᠬᠠᠪᠰᠤᠷᠤᠨ ᠲᠡᠳᠬᠦᠬᠦ ᠳᠤ ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠶᠢᠨ

ᠪᠦᠬᠦ ᠺᠠᠳ᠋ᠷ ᠠᠵᠢᠯᠲᠠᠨ ᠤ ᠬᠠᠶᠢᠷ᠎ᠠ ᠬᠠᠯᠠᠮᠵᠢ ᠶᠢ ᠬᠦᠷᠭᠡᠪᠡ ᠃

ᠹᠧᠩ ᠳ᠋ᠢᠶᠠᠨ ᠡᠨᠧᠷᠭᠢ ᠶᠢᠨ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠱᠢ ᠵᠦᠩ ᠴᠢᠤᠸᠠᠨ᠂ ᠤᠮᠠᠷᠠᠲᠤ ᠶᠢᠨ

ᠺᠣᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠤᠯᠤᠰ ᠤᠨ ᠬᠢᠨᠠᠨ ᠪᠠᠶᠢᠴᠠᠭᠠᠬᠤ ᠵᠥᠪᠯᠡᠯ ᠂ ᠲᠥᠯᠥᠪᠯᠡᠭᠡ ᠶᠢᠨ

ᠬᠥᠭᠵᠢᠯᠲᠡ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠹᠧᠩ ᠳ᠋ᠢᠶᠠᠨ ᠺᠣᠮᠫᠠᠨᠢ ᠶᠢᠨ ᠠᠯᠪᠠᠨ ᠭᠡᠷ ᠤᠨ

ᠡᠷᠬᠢᠯᠡᠭᠴᠢ ᠬᠤᠤ ᠳ᠋ᠧᠩ ᠶᠦᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2