ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠥᠪᠥᠷ ᠮᠣᠩᠭᠤᠯ ᠤᠨ ᠴᠤᠸᠠᠨ ᠱᠦᠨ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/11/16
    ᠲᠡᠮᠦᠷᠯᠢᠭ ᠤᠨ ᠠᠵᠤ ᠠᠬᠤᠶᠢᠯᠠᠯ ᠤᠨ ᠭᠡᠨᠡᠳᠲᠡ ᠡᠭᠦᠰᠬᠦ ᠦᠢᠯᠡᠳᠪᠦᠷᠢᠯᠡᠯ ᠤᠨ ᠠᠶᠦᠯᠭᠦᠢ ᠶᠢᠨ ᠡ᠊ᠨᠳᠡᠯ ᠢ ᠪᠦᠲᠦᠮᠵᠢᠲᠡᠶ ᠠᠷᠭᠠᠴᠠᠵᠤ ᠂ ᠪᠠᠴᠢᠮ ᠪᠠᠶᠢᠳᠠᠯ ᠢ ᠠᠪᠤᠷᠠᠨ ᠲᠤᠰᠠᠯᠠᠵᠤ ᠠᠷᠭᠠᠴᠠᠬᠤ ᠶᠢᠨ ᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠴᠠᠭ ᠲᠤᠬᠠᠢ  ᠲᠤᠨᠢ ᠪᠦᠲᠦᠮᠵᠢᠲᠡᠶ ᠥᠷᠨᠢᠭᠦᠯᠵᠦ ᠂ ᠬᠥᠮᠥᠨ ᠤ ᠦᠬᠦᠯ ᠰᠢᠷᠬᠠᠲᠤᠯ ᠪᠣᠯᠣᠨ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠷᠠᠳ ᠤᠯᠠᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ 11 ᠰᠠᠷ᠎ᠠ ᠶᠢᠨ 15 ᠤ ᠡᠳᠦᠷ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠴᠤᠸᠠᠨ ᠱᠦᠨ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ ᠵᠢᠭᠠᠨ ᠵᠢᠯᠣᠭᠤᠳᠪᠠ᠃

1.jpg

    ᠲᠣᠰ ᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ

ᠶᠡᠷᠦᠩᠬᠡᠶᠢᠯᠡᠭᠰᠡᠨ ᠰᠣᠷᠢᠯᠲᠠ ᠶᠢᠨ ᠲᠥᠷᠥᠯ ᠵᠦᠢᠯ ᠪᠣᠯ ᠲᠡᠮᠦᠷ ᠭᠤᠯᠳᠤᠷᠢᠯ ᠢᠶᠠᠷ ᠲᠡᠮᠦᠷ ᠭᠦᠶᠦᠯᠭᠡᠬᠦ᠂ ᠤᠰᠤᠨ ᠳᠤ

ᠳᠠᠭᠠᠷᠢᠭᠳᠠᠨ ᠳᠡᠯᠪᠡᠷᠡᠬᠦ ᠶᠢᠨ ᠬᠠᠮᠲᠤ ᠭᠠᠯ ᠤᠨ ᠠᠶᠤᠯ ᠡᠭᠦᠰᠬᠡᠬᠦ ᠪᠣᠯᠣᠨ᠎ᠠ᠃ ᠰᠣᠷᠢᠯᠲᠠ ᠶᠢᠨ ᠬᠤᠭᠤᠴᠠᠭᠠᠨ ᠳᠤ᠂

ᠡᠯ᠎ᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠳᠤᠭᠤᠶᠢᠯᠠᠩ ᠲᠥᠰᠥᠯ ᠤᠨ ᠲᠣᠰ ᠲᠣᠰ ᠤᠨ ᠡᠭᠦᠷᠭᠡ

ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠣᠷᠢᠯᠲᠠ ᠶᠢᠨ ᠠᠵᠢᠯᠯᠠᠭ᠎ᠠ ᠶᠢ ᠡᠮᠬᠢ 

ᠵᠢᠷᠤᠮ ᠲᠠᠢ ᠦᠷᠨᠢᠭᠦᠯᠪᠡ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠤᠯᠠᠭᠠᠨᠴᠠᠪ ᠤᠨ ᠲᠡᠮᠦᠷᠯᠢᠭ

ᠪᠣᠯᠪᠠᠰᠤᠷᠠᠭᠤᠯᠬᠤ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠯᠢ ᠷᠦᠩ ᠲᠣᠰ ᠤᠳᠠᠭᠠᠨ ᠤ ᠰᠣᠷᠢᠯᠲᠠ ᠳᠤ

ᠦᠨᠡᠯᠡᠯᠲᠡ ᠬᠢᠭᠰᠡᠨ ᠪᠥᠭᠡᠳ ᠬᠠᠯᠠᠨ ᠰᠠᠶᠢᠵᠢᠷᠠᠭᠤᠯᠬᠤ ᠰᠠᠨᠠᠯ ᠳᠤᠷᠠᠳᠪᠠ᠃

2.jpg

    ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠲᠤᠰ ᠤᠳᠠᠭᠠᠨ ᠤ ᠰᠣᠷᠢᠯᠲᠠ ᠳᠤ ᠳ᠋ᠦᠩᠨᠡᠯᠲᠡ 

ᠬᠢᠪᠡ ᠂ ᠲᠡᠷᠡ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ

ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ

ᠴᠢᠩᠭᠠᠷᠠᠭᠤᠯᠵᠤ᠂ ᠬᠡᠮ ᠰᠣᠭᠤᠭ ᠢ ᠣᠯᠵᠤ ᠮᠡᠳᠡᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠢ

ᠠᠷᠢᠯᠭᠠᠬᠤ ᠬᠦᠷᠲᠡᠯ᠎ᠡ᠂ ᠰᠣᠷᠢᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ

ᠰᠣᠷᠢᠯᠲᠠ ᠶᠢᠨ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠨᠥᠬᠦᠪᠦᠷᠢᠯᠡᠵᠦ᠂ ᠬᠤᠶᠢᠰᠢᠳᠠ ᠦᠨᠡᠨᠬᠦ ᠠᠳᠡᠯ ᠭᠠᠷᠴᠤ

ᠮᠡᠳᠡᠬᠦ ᠠᠴᠠ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠴᠠᠭ ᠲᠤᠬᠠᠢ ᠳᠤᠨᠢ

ᠪᠦᠲᠦᠮᠵᠢᠲᠡᠶ ᠥᠷᠨᠢᠭᠦᠯᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ

ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ

ᠲᠦᠪᠰᠢᠨ ᠢ ᠬᠠᠮᠠᠭᠠᠯᠠᠬᠤ ᠬᠡᠷᠡᠭᠲᠡᠢ᠃

3.jpg

 

    ᠲᠣᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠨᠢ ᠵᠠᠰᠠᠭ ᠠᠵᠤ ᠠᠬᠤᠶᠢᠯᠠᠯ ᠬᠠᠮᠲᠤᠷᠠᠨ ᠠᠪᠤᠷᠠᠨ

ᠲᠤᠰᠠᠯᠠᠬᠤ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠢᠳᠠᠪᠤᠷᠢ ᠶᠢ ᠪᠦᠲᠦᠮᠵᠢᠲᠡᠶ ᠰᠢᠯᠭᠠᠨ ᠪᠠᠶᠢᠴᠠᠭᠠᠵᠤ᠂

ᠨᠢᠭᠡᠳᠦᠯᠲᠡᠢ ᠵᠢᠯᠤᠭᠤᠳᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠰᠢᠨᠵᠢᠯᠡᠬᠦ ᠤᠬᠠᠭᠠᠨᠴᠢ ᠪᠠᠷ

ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ᠂ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠷᠭᠡᠵᠢᠯ ᠢ

ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠶᠢᠨ ᠰᠢᠨᠵᠢᠯᠡᠬᠦ ᠤᠬᠠᠭᠠᠨᠴᠢ ᠴᠢᠨᠠᠷ

᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃

    ᠰᠢᠶᠠᠨ ᠤ ᠵᠠᠰᠠᠭ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ

ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠂ ᠰᠢᠶᠠᠨ ᠤ ᠡᠮᠨᠡᠯᠭᠡ ᠶᠢᠨ ᠬᠤᠷᠢᠶ᠎ᠠ᠂ ᠠᠮᠢ ᠠᠬᠤᠢ ᠣᠷᠴᠢᠨ

ᠲᠣᠭᠤᠷᠢᠨ ᠤ ᠲᠣᠪᠴᠢᠶ᠎ᠠ ᠂ ᠴᠠᠭ ᠠᠭᠤᠷ ᠤᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠂ ᠠᠵᠤ ᠦᠢᠯᠡᠳᠪᠦᠷᠢ ᠮᠡᠳᠡᠭᠡ

ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠵᠠᠮ ᠬᠠᠷᠢᠯᠴᠠᠭᠠᠨ ᠤ ᠴᠠᠭᠳᠠᠭ᠎ᠠ ᠶᠢᠨ

ᠶᠡᠭᠡ ᠠᠩᠭᠢ ᠂ ᠬᠠᠮ ᠵᠠᠭᠤᠴᠢᠯᠠᠭᠤᠷ ᠤᠨ ᠲᠥᠪ ᠂ ᠥᠪᠥᠷ ᠮᠣᠩᠭᠤᠯ ᠤᠨ ᠴᠤᠸᠠᠨ ᠱᠦᠨ ᠠᠵᠤ ᠦᠢᠯᠡᠰ ᠤᠨ

ᠬᠢᠵᠠᠭᠠᠷᠲᠤ ᠺᠣᠮᠫᠠᠨᠢ ᠵᠡᠷᠭᠡ ᠲᠤᠰ ᠤᠳᠠᠭ᠎ᠠ ᠶᠢᠨ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2