ᠮᠠᠨ ᠤ ᠰᠢᠶᠠᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ  ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ  ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠶᠢᠨ ᠲᠦᠯᠦᠭᠡ᠂ 11 ᠰᠠᠷ᠎ᠠ ᠶᠢᠨ 15 ᠤ ᠡᠳᠦᠷ᠂ ᠮᠠᠨ ᠤ ᠰᠢᠶᠠᠨ ᠪᠥᠬᠦ ᠰᠢᠶᠠᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠣᠷᠣᠯᠴᠠᠪᠠ᠃

01.jpg

    ᠬᠤᠷᠠᠯ ᠳᠡᠭᠡᠷ᠎ᠡ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠸᠧᠨ ᠬᠤᠩ ᠸᠧᠢ ᠮᠠᠨ ᠤ ᠰᠢᠶᠠᠨ ᠤ ᠬᠠᠤᠯᠢ ᠶᠢ ᠵᠥᠷᠢᠴᠡᠨ ᠭᠠᠵᠠᠷ

ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠬᠤᠸᠠ ᠮᠧᠩ 

ᠬᠠᠷᠭᠠᠨ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠤᠯᠢ ᠶᠢ

ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠳᠤ ᠲᠣᠳᠣᠷᠬᠠᠶᠢᠯᠠᠯᠲᠠ ᠬᠢᠪᠡ᠃

    ᠬᠤᠷᠠᠯ ᠠᠴᠠ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠨᠢ

ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠶᠢᠨ ᠬᠦᠴᠦᠲᠡᠢ ᠭᠠᠷᠳᠠᠴᠠ ᠪᠣᠯᠬᠤ ᠪᠠᠷ ᠪᠠᠷᠠᠬᠤ ᠦᠭᠡᠢ

ᠪᠠᠰᠠ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠪᠣᠯᠣᠨ᠎ᠠ ᠃ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠂ ᠪᠠᠴᠢᠮ

ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠪᠦᠬᠦ

ᠬᠦᠴᠦᠨ ᠢᠶᠠᠷ ᠢᠶᠠᠨ ᠪᠣᠭᠤᠮᠲᠠ ᠰᠢᠪᠲᠤᠯᠵᠤ ᠂ ᠨᠡᠩ ᠥᠨᠳᠥᠷ ᠪᠠᠷᠢᠮᠵᠢᠶ᠎ᠠ ᠂ ᠨᠡᠩ ᠪᠣᠳᠠᠲᠠᠢ ᠠᠷᠭ᠎ᠠ ᠬᠡᠮᠵᠢᠶ᠎ᠡ ᠂ ᠨᠡᠩ

ᠴᠢᠩᠭ᠎ᠠ ᠰᠤᠷᠲᠠᠯ ᠢᠶᠠᠷ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ

ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ

ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ

ᠰᠠᠶᠢᠵᠢᠷᠠᠭᠤᠯᠬᠤ ᠠᠵᠢᠯ ᠲᠤᠬᠠᠶᠢᠯᠠᠭᠰᠠᠨ ᠠᠵᠢᠯ ᠤᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠰᠠᠯᠠᠭ᠎ᠠ ᠮᠥᠴᠢᠷ

ᠤᠯᠠᠨ᠂ ᠠᠵᠢᠯ ᠤᠨ ᠡᠭᠦᠷᠭᠡ ᠬᠦᠨᠳᠦ ᠤᠴᠢᠷ ᠠᠴᠠ ᠡᠯ᠎ᠡ ᠨᠢᠭᠡᠴᠡ ᠶᠢᠨ ᠬᠢᠨ ᠠᠵᠢᠯ ᠤᠨ ᠬᠠᠮᠲᠤᠷᠠᠯ ᠤᠨ

ᠬᠦᠴᠦᠨ ᠢᠶᠠᠨ ᠨᠢᠭᠲᠠᠷᠠᠭᠤᠯᠵᠤ ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠ ᠶᠢᠨ ᠶᠣᠰᠣᠭᠠᠷ

ᠴᠢᠩᠭ᠎ᠠ ᠠᠷᠭ᠎ᠠ ᠬᠡᠮᠵᠢᠶ᠎ᠡ ᠠᠪᠴᠤ ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠥᠭᠡᠳ ᠡᠮᠬᠢ ᠳᠢᠭᠯᠢᠮ ᠲᠠᠢ

ᠠᠬᠢᠭᠤᠯᠬᠤ ᠬᠡᠷᠡᠭᠲᠡᠢ᠃

    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ 

ᠴᠠᠩᠱᠦ᠋ᠨ ᠪᠠᠯᠭᠠᠰᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2