ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/11/2
    11 ᠰᠠᠷ᠎ᠠ ᠶᠢᠨ 2 ᠤᠨ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠵᠢᠶᠦ᠋ᠨ ᠬᠤᠷᠠᠯ ᠢ ᠡᠷᠬᠢᠯᠡᠪᠡ ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠮᠢᠩ ᠱᠧᠩ ᠠᠮᠤᠷ ᠲᠦᠪᠰᠢᠨ ᠤ ᠪᠣᠯᠪᠠᠰᠤᠷᠠᠯ ᠤᠨ ᠲᠥᠪ ᠤᠨ ᠯᠧᠺᠲ᠋ᠣᠷ ᠸᠠᠩ ᠬᠥᠩ ︽ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯ ᠣᠷᠣᠵᠤ᠂ ᠬᠤᠷᠠᠯ ᠳᠤ ᠣᠷᠣᠯᠴᠠᠭᠰᠠᠳ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠣᠨ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠭᠰᠠᠨ ᠪᠥᠭᠡᠳ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ—ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾ ᠭᠡᠬᠦ ᠲᠤᠰᠬᠠᠢ ᠰᠡᠳᠦᠪᠲᠦ ᠸᠢᠳᠢᠤ᠋ ᠶᠢ ᠦᠵᠡᠪᠡ ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠠᠯᠢ ᠤᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠵᠤ ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠴᠢᠬᠤᠯᠠ ᠶᠠᠷᠢᠶᠠᠨ  ᠤ ᠳᠤᠮᠳᠠ ᠠᠴᠠ ᠴᠢᠭᠯᠡᠯ ᠢ ᠣᠨᠣᠪᠴᠢᠲᠠᠢ ᠡᠷᠢᠨ ᠣᠯᠵᠤ ᠂ ᠬᠠᠷᠠᠯᠲᠠ ᠶᠢ ᠡᠷᠢᠨ ᠣᠯᠵᠤ ᠂ ᠠᠷᠭ᠎ᠠ ᠶᠢ ᠡᠷᠢᠨ ᠣᠯᠵᠤ ᠂ ᠠᠷᠭ᠎ᠠ ᠬᠡᠮᠵᠢᠶ᠎ᠡ ᠶᠢ ᠡᠷᠢᠨ ᠣᠯᠵᠤ ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠵᠤ ᠂ ᠭᠦᠨᠵᠡᠭᠡᠢ ᠰᠤᠷᠭᠠᠮᠵᠢ ᠠᠪᠴᠤ ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ ᠂ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠢᠨ ᠶᠡᠷᠦᠩᠬᠡᠶᠢᠯᠡᠨ ᠵᠣᠬᠢᠴᠠᠭᠤᠯᠬᠤ ᠪᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠠᠳᠬᠤᠵᠤ ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ    ᠣᠷᠴᠢᠭᠤᠯᠤᠭᠴᠢ᠄ ᠣᠳᠣᠨᠭᠡᠷᠡᠯ    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  
 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2