ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ᠄ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠨᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/11/20
    ᠡᠨᠡ ᠵᠢᠯ ᠠᠴᠠ ᠨᠠᠰᠢ᠂ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠬᠢᠨ ᠵᠣᠯ ᠵᠢᠷᠭᠠᠯ ᠤᠨ ᠬᠦᠷᠢᠶᠡᠯᠡᠩ ᠤᠨ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ ︾ ᠢᠨᠵᠧᠨᠧᠷᠢᠩ ᠢ ᠪᠦᠬᠦ ᠰᠢᠶᠠᠩ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠵᠤ ᠂ ᠣᠳᠣᠬᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠪᠣᠳᠠᠲᠠᠢ ᠶᠠᠪᠤᠳᠠᠯ ᠪᠣᠯᠭᠠᠨ ᠠᠳᠬᠤᠪᠠ ᠃ ᠥᠨᠳᠥᠷ ᠵᠣᠭᠰᠣᠴᠠ᠂ ᠥᠨᠳᠥᠷ ᠪᠠᠷᠢᠮᠵᠢᠶ᠎ᠠ ᠂ ᠥᠨᠳᠥᠷ ᠱᠠᠭᠠᠷᠳᠠᠯᠭ᠎ᠠ ᠪᠠᠷ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ ︾ ᠢᠨᠵᠧᠨᠧᠷᠢᠩ ᠢ ᠠᠬᠢᠭᠤᠯᠤᠨ᠎ᠠ ︵ᠳᠠᠷᠤᠢ ᠬᠦᠷᠢᠶᠡᠨ ᠤ ᠳᠣᠲᠣᠷᠠᠬᠢ ︽ᠭᠤᠷᠪᠠ ᠶᠢ ᠵᠠᠰᠠᠬᠤ︾ ᠄ ᠭᠡᠷ ᠪᠠᠶᠢᠰᠢᠩ ᠵᠠᠰᠠᠬᠤ ᠂ ᠵᠠᠮ ᠵᠠᠰᠠᠬᠤ ᠂ ᠬᠦᠷᠢᠶ᠎ᠡ ᠬᠠᠰᠢᠶ᠎ᠠ ᠶᠢᠨ ᠣᠷᠴᠢᠨ ᠲᠣᠭᠤᠷᠢᠨ ᠢ ᠵᠠᠰᠠᠬᠤ ︔ ᠡᠷᠦᠬᠡ ᠶᠢᠨ ᠳᠣᠲᠣᠷᠠᠬᠢ ︽ᠭᠤᠷᠪᠠ ᠶᠢ ᠥᠭᠡᠷᠡᠴᠢᠯᠡᠬᠦ︾᠄ ᠤᠰᠤᠨ ᠵᠣᠷᠯᠣᠩ ᠢ ᠥᠭᠡᠷᠡᠴᠢᠯᠡᠬᠦ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠳᠤᠯᠠᠭᠠᠯᠠᠭ᠎ᠠ ᠶᠢ ᠥᠭᠡᠷᠡᠴᠢᠯᠡᠬᠦ᠂ ᠨᠠᠰᠤᠲᠠᠶᠢᠴᠤᠳ ᠲᠤ ᠲᠣᠬᠢᠷᠠᠬᠤ ᠥᠭᠡᠷᠡᠴᠢᠯᠡᠯᠲᠡ ᠶᠢ ᠬᠢᠨ᠎ᠡ︶᠃

0.jpg

 

    ᠮᠠᠯᠵᠢᠯ ᠤᠨ ᠲᠠᠯᠠᠪᠠᠶ ᠶᠢᠨ ᠵᠣᠯ ᠵᠢᠷᠭᠠᠯ ᠤᠨ ᠬᠦᠷᠢᠶᠡᠯᠡᠩ ᠪᠣᠯ ᠭᠦᠨᠤᠯᠠᠭᠠᠨᠬᠤᠳᠳᠤᠭ ᠰᠢᠶᠠᠩ ᠤᠨ ᠵᠣᠯ

ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠲᠤᠷᠰᠢᠯᠲᠠ ᠶᠢᠨ ᠴᠢᠭ᠋ ᠤᠨ

ᠢᠨᠵᠧᠨᠧᠷᠢᠩ ᠪᠣᠯᠣᠨ᠎ᠠ᠂ ᠮᠠᠯᠵᠢᠯ ᠤᠨ ᠲᠠᠯᠠᠪᠠᠶ ᠶᠢᠨ ᠵᠣᠯ ᠵᠢᠷᠭᠠᠯ ᠤᠨ ᠬᠦᠷᠢᠶᠡᠯᠡᠩ ᠢ 2012 ᠣᠨ ᠳᠤ ᠡᠬᠢᠯᠡᠨ

ᠪᠠᠶᠢᠭᠤᠯᠵᠤ᠂ 21554 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ᠂ 128 ᠡᠷᠦᠬᠡ ᠶᠢ ᠪᠠᠭᠲᠠᠭᠠᠵᠤ

ᠲᠠᠶᠢᠯᠤᠨ᠎ᠠ᠃ ᠣᠳᠣᠬᠠᠨ ᠳᠤ᠂ 80 ᠡᠷᠦᠬᠡ 102 ᠬᠥᠮᠥᠨ ᠰᠠᠭᠤᠷᠢᠰᠢᠵᠤ᠂ ᠪᠠᠶᠢᠩᠭᠤ ᠰᠠᠭᠤᠭ᠎ᠠ ᠡᠷᠦᠬᠡ ᠶᠢᠨ

ᠳᠤᠮᠳᠠᠴᠢ ᠨᠠᠰᠤ ᠨᠢ ᠪᠠᠷᠤᠭ 72 ᠪᠣᠯᠣᠨ᠎ᠠ᠃ 2023 ᠣᠨ ᠤ 10 ᠰᠠᠷ᠎ᠠ ᠳᠤ ︽ᠭᠤᠷᠪᠠ ᠶᠢ ᠵᠠᠰᠠᠵᠤ

ᠭᠤᠷᠪᠠ ᠶᠢ ᠥᠭᠡᠷᠡᠴᠢᠯᠡᠬᠦ︾ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ 109 ᠡᠷᠦᠬᠡ ᠶᠢᠨ

ᠭᠡᠷ ᠪᠠᠶᠢᠰᠢᠩ ᠢ ᠵᠠᠰᠠᠵᠤ᠂ 2720 ᠲᠡᠭᠰᠢ ᠳᠥᠷᠪᠡᠯᠵᠢᠨ ᠮᠧᠲᠷ ᠤᠨ ᠴᠠᠷᠳᠠᠮᠠᠯ ᠵᠠᠮ ᠢ ᠵᠠᠰᠠᠵᠤ᠂ ᠵᠣᠯ ᠵᠢᠷᠭᠠᠯ ᠤᠨ

ᠬᠦᠷᠢᠶᠡᠯᠡᠩ ᠤᠨ ᠵᠡᠭᠦᠨ ᠬᠤᠶᠢᠲᠤ ᠶᠡᠭᠡ ᠬᠠᠭᠠᠯᠭ᠎ᠠ ᠶᠢ ᠲᠣᠰ ᠲᠣᠰ 1 ᠵᠠᠰᠠᠵᠤ᠂ ᠵᠠᠮ ᠤᠨ ᠳ᠋ᠧᠩ 15᠂ ᠬᠦᠷᠢᠶ᠎ᠡ

ᠬᠠᠰᠢᠶ᠎ᠠ ᠶᠢᠨ ᠳ᠋ᠧᠩ 10᠂ ᠰᠡᠯᠡᠭᠦᠴᠡᠯ ᠤᠨ ᠣᠷᠳᠣ ᠰᠠᠨᠳᠠᠯᠢ 20 ᠲᠠᠯᠪᠢᠵᠤ᠂ ᠡᠯ᠎ᠡ ᠲᠥᠷᠥᠯ ᠤᠨ ᠮᠣᠳᠣ 740

ᠭᠠᠷᠤᠢ ᠳᠠᠷᠢᠵᠤ᠂ ᠬᠦᠷᠢᠶᠡᠨ ᠤ ᠭᠠᠵᠠᠷ ᠢ 210 ᠭᠠᠷᠤᠢ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠵᠤ᠂ 67

ᠡᠷᠦᠬᠡ ᠶᠢᠨ ᠬᠠᠯᠲᠤᠷᠢᠬᠤ ᠠᠴᠠ ᠰᠡᠷᠭᠡᠶᠢᠯᠡᠬᠦ ᠱᠠᠯᠠ ᠳᠡᠪᠢᠰᠴᠦ᠂ 37 ᠵᠡᠮᠳᠡᠭᠴᠦᠳ ᠤᠨ ᠲᠦᠰᠢᠭᠦᠷ ᠢ ᠲᠠᠯᠪᠢᠵᠤ᠂

107 ᠡᠷᠦᠬᠡ ᠶᠢᠨ ᠤᠰᠤ ᠪᠠᠷ ᠤᠬᠢᠶᠠᠬᠤ ᠵᠣᠷᠯᠣᠩ ᠢ ᠥᠭᠡᠷᠡᠴᠢᠯᠡᠨ ᠵᠠᠰᠠᠭᠰᠠᠨ ᠪᠠ ᠠᠷᠢᠭᠤᠨ ᠴᠡᠪᠡᠷ

ᠡᠨᠧᠷᠭᠢ ᠶᠢᠨ ᠳᠤᠯᠠᠭᠠᠯᠠᠭ᠎ᠠ ᠶᠢ ᠥᠭᠡᠷᠡᠴᠢᠯᠡᠨ ᠵᠠᠰᠠᠭᠰᠠᠨ ᠪᠠᠶᠢᠨ᠎ᠠ᠃

    ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠬᠦ ᠪᠠᠷ ᠳᠡᠮᠵᠢᠨ᠂

ᠮᠠᠯᠵᠢᠯ ᠤᠨ ᠲᠠᠯᠠᠪᠠᠶ ᠶᠢᠨ ᠵᠣᠯ ᠵᠢᠷᠭᠠᠯ ᠤᠨ ᠬᠦᠷᠢᠶᠡᠯᠡᠩ ᠤᠨ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ

ᠪᠣᠯᠭᠠᠵᠤ᠂ ᠭᠡᠷ ᠪᠠᠶᠢᠰᠢᠩ ᠢ ᠨᠠᠩ ᠳᠤᠯᠠᠭᠠᠨ ᠲᠠᠭᠠᠯᠠᠮᠵᠢᠲᠠᠢ ᠪᠣᠯᠭᠠᠵᠤ᠂ ᠣᠯᠠᠨ ᠨᠡᠶᠢᠲᠡ ᠶᠢᠨ ᠲᠥᠬᠦᠭᠡᠷᠦᠮᠵᠢ ᠶᠢ 

ᠨᠠᠰᠤᠲᠠᠶᠢᠴᠤᠳ ᠲᠤ ᠨᠠᠩ ᠲᠣᠬᠢᠷᠠᠮᠵᠢᠲᠠᠢ ᠨᠡᠩ ᠳᠦᠭᠦᠮ ᠪᠣᠯᠭᠠᠵᠤ᠂ ᠮᠠᠯᠵᠢᠯ ᠤᠨ ᠲᠠᠯᠠᠪᠠᠶ ᠶᠢᠨ ᠵᠣᠯ ᠵᠢᠷᠭᠠᠯ ᠤᠨ

ᠬᠦᠷᠢᠶᠡᠯᠡᠩ ᠤᠨ ᠣᠯᠠᠨ ᠲᠦᠮᠡᠨ ᠤ ᠵᠣᠷᠯᠣᠩ ᠢ ᠨᠠᠩ ᠲᠥᠬᠦᠮ ᠪᠣᠯᠭᠠᠵᠤ᠂ ᠳᠤᠯᠠᠭᠠᠯᠠᠭ᠎ᠠ ᠶᠢ ᠨᠠᠩ ᠠᠷᠢᠭᠤᠨ

ᠴᠡᠪᠡᠷ ᠪᠣᠯᠭᠠᠵᠤ᠂ ᠵᠣᠯ ᠵᠢᠷᠭᠠᠯ ᠤᠨ ᠬᠦᠷᠢᠶᠡᠯᠡᠩ ᠤᠨ ᠣᠷᠣᠨ ᠰᠠᠭᠤᠴᠠ ᠶᠢᠨ ᠲᠠᠭᠠᠯᠠᠮᠵᠢᠲᠠᠢ᠂ ᠲᠥᠬᠦᠮ᠂

ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2