ᠠᠩᠭ᠍ᠯᠢ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠠᠯᠬᠤᠭᠴᠢᠳ ᠤᠨ ᠨᠡᠶᠢᠭᠡᠮᠯᠢᠭ ᠪᠠ ᠮᠠᠶᠢᠺᠮᠢᠯᠦ᠋ᠨ | ᠦᠮᠠᠨ ᠤ ᠲᠤᠰᠠᠯᠠᠮᠵᠢ ᠶᠢᠨ ᠲᠥᠪ ᠤᠨ ᠬᠠᠮᠤᠭ ᠤᠨ ᠰᠢᠨ᠎ᠡ ᠰᠤᠳᠤᠯᠭᠠᠨ ᠳᠤ ᠣᠯᠵᠤ ᠮᠡᠳᠡᠭᠰᠡᠨ ᠢᠶᠠᠷ᠂ ᠡᠳᠦᠷ | ᠪᠦᠷᠢ 1.6 ᠺᠢᠯᠣᠮᠧᠲᠷ ᠵᠠᠮ ᠢ 20 ᠮᠢᠨᠦ᠋ᠲ ᠲᠤ ᠶᠠᠪᠤᠵᠤ ᠪᠠᠷᠠᠬᠤ ᠶᠢ ᠪᠠᠷᠢᠮᠲᠠᠯᠠᠪᠠᠯ ᠬᠥᠬᠦᠨ | ᠪᠤᠯᠴᠢᠷᠬᠠᠢ ᠶᠢᠨ ᠦᠮᠠᠨ᠂ ᠤᠷᠢᠳᠤ ᠪᠤᠯᠴᠢᠷᠬᠠᠢ ᠶᠢᠨ ᠦᠮᠠᠨ᠂ ᠭᠡᠳᠡᠰᠦᠨ ᠤ ᠦᠮᠠᠨ ᠤ ᠵᠠᠰᠠᠯᠭ᠎ᠠ ᠳᠤ ᠢᠯᠡᠳᠲᠡ | ᠲᠤᠰᠠᠲᠠᠢ ᠪᠠᠶᠢᠳᠠᠭ᠂ ᠬᠠᠮᠤᠭ ᠤᠨ ᠥᠨᠳᠥᠷ ᠲᠡᠭᠡᠨ 50 % ᠢᠶᠠᠷ ᠠᠳᠡᠬᠦ ᠨᠤᠷᠮ᠎ᠠ ᠶᠢ ᠳᠣᠷᠣᠭᠰᠢᠯᠠᠭᠤᠯᠤᠨ᠎ᠠ᠃ | ᠡᠭᠦᠨ ᠢᠶᠠᠷ ᠪᠠᠷᠠᠬᠤ ᠦᠭᠡᠢ᠂ ᠠᠯᠬᠤᠬᠤ ᠨᠢ ᠦᠯᠦ ᠬᠠᠯᠳᠠᠭᠠᠬᠤ ᠴᠢᠳᠠᠯ ᠢ ᠨᠡᠮᠡᠭᠳᠡᠭᠦᠯᠳᠡᠭ ᠢᠶᠠᠷ ᠪᠠᠷᠠᠬᠤ ᠦᠭᠡᠢ᠂ | ᠳᠣᠲᠣᠭᠠᠳᠤ ᠱᠦᠭᠦᠷᠡᠯᠲᠡ ᠶᠢ ᠰᠠᠶᠢᠵᠢᠷᠠᠭᠤᠯᠤᠨ᠂ ᠬᠤᠷᠮᠣᠨ ᠤ ᠲᠦᠪᠰᠢᠨ ᠢ ᠵᠣᠬᠢᠴᠠᠭᠤᠯᠬᠤ᠂ ᠦᠮᠠᠨ ᠢ ᠰᠡᠷᠭᠡᠶᠢᠯᠡᠬᠦ᠂ | ᠦᠮᠠᠨ ᠢ ᠡᠰᠡᠷᠭᠦᠴᠡᠬᠦ ᠲᠠᠯ᠎ᠠ ᠪᠠᠷ ᠲᠣᠪᠣᠶᠢᠮ᠎ᠠ ᠦᠢᠯᠡᠳᠦᠯ ᠲᠠᠢ ᠪᠠᠶᠢᠳᠠᠭ᠃ | ᠬᠥᠬᠦᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠹᠷᠠᠨᠼᠢ ᠶᠢᠨ ᠨᠢᠭᠡᠨ 400 ᠲᠦᠮᠡᠨ ᠡᠮᠡᠭᠲᠡᠶᠢᠴᠦᠦᠯ ᠳᠤ | ᠬᠤᠯᠪᠣᠭᠳᠠᠬᠤ ᠰᠤᠳᠤᠯᠭᠠᠨ ᠳᠤ ᠢᠯᠡᠷᠬᠡᠶᠢᠯᠡᠭᠰᠡᠨ ᠢᠶᠠᠷ᠂ ᠶᠠᠮᠠᠷᠪᠠ ᠨᠠᠰᠤᠨ ᠤ ᠡᠮᠡᠭᠲᠡᠢ ᠡᠳᠦᠷ ᠪᠦᠷᠢ 1 ᠴᠠᠭ | ᠲᠦᠷᠭᠡᠨ ᠠᠯᠬᠤᠬᠤ ᠶᠢ ᠪᠠᠷᠢᠮᠲᠠᠯᠠᠪᠠᠯ ᠬᠥᠬᠦᠨ ᠪᠤᠯᠴᠢᠷᠬᠠᠢ ᠶᠢᠨ ᠦᠮᠠᠨ ᠳᠤ ᠨᠡᠷᠪᠡᠭᠳᠡᠬᠦ ᠨᠤᠷᠮ᠎ᠠ ᠶᠢ 12 | % ᠢᠶᠠᠷ ᠳᠣᠷᠣᠭᠰᠢᠯᠠᠭᠤᠯᠳᠠᠭ᠃ ᠭᠡᠳᠡᠰᠦᠨ ᠤ ᠦᠮᠠᠨ ᠢ ᠰᠡᠷᠭᠡᠶᠢᠯᠡᠨ᠎ᠡ᠃ ᠬᠠᠹᠦ᠋ ᠶᠡᠭᠡ ᠰᠤᠷᠭᠠᠭᠤᠯᠢ ᠶᠢᠨ 7 ᠲᠦᠮᠡᠨ | ᠬᠥᠮᠥᠨ ᠳᠤ ᠴᠢᠭᠯᠡᠭᠦᠯᠦᠭᠰᠡᠨ ᠤᠷᠳᠤ ᠬᠤᠭᠤᠴᠠᠭᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠳᠦᠷ ᠪᠦᠷᠢ | 1 ᠴᠠᠭ ᠠᠯᠬᠤᠬᠤ ᠶᠢ ᠪᠠᠷᠢᠮᠲᠠᠯᠠᠪᠠᠯ᠂ ᠰᠢᠯᠤᠭᠤᠨ ᠭᠡᠳᠡᠰᠦᠨ ᠤ ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠢᠶᠠᠷ | ᠪᠠᠭᠤᠷᠠᠭᠤᠯᠳᠠᠭ᠃ | ᠨᠣᠶᠢᠷ ᠤᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠠᠮᠧᠷᠢᠺᠠ ᠶᠢᠨ ︽ᠤᠩᠰᠢᠭᠴᠢᠳ ᠤᠨ ᠱᠦᠭᠦᠮᠡᠭ︾ | ᠰᠡᠳᠬᠦᠯ ᠳᠤ ᠨᠡᠶᠢᠲᠡᠯᠡᠭᠳᠡᠭᠰᠡᠨ ᠨᠢᠭᠡᠨ ᠰᠤᠳᠤᠯᠭᠠᠨ ᠤ ᠪᠦᠲᠦᠭᠡᠯ ᠳᠤ ᠵᠢᠭᠠᠵᠤ ᠭᠠᠷᠭᠠᠭᠰᠠᠨ ᠢᠶᠠᠷ᠂ ᠡᠳᠦᠷ ᠪᠦᠷᠢ | ᠬᠤᠭᠤᠯᠠᠨ ᠤ ᠲᠠᠷᠠᠭ᠎ᠠ 30 ᠮᠢᠨᠦ᠋ᠲ ᠰᠤᠯᠠ ᠠᠯᠬᠤᠯᠠᠪᠠᠯ ᠨᠣᠶᠢᠷ ᠤᠨ ᠪᠤᠯᠴᠢᠷᠬᠠᠢ ᠶᠢᠨ ᠦᠮᠠᠨ ᠳᠤ ᠨᠡᠷᠪᠡᠭᠳᠡᠬᠦ | ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ᠃ | ᠤᠷᠢᠳᠤ ᠪᠤᠯᠴᠢᠷᠬᠠᠢ ᠶᠢᠨ ᠦᠮᠠᠨ ᠢ ᠡᠰᠡᠷᠭᠦᠴᠡᠨ᠎ᠡ᠃ ᠠᠮᠧᠷᠢᠺᠠ ᠶᠢᠨ ᠺᠠᠯᠢᠹᠣᠷᠨᠢᠶ᠎ᠠ ᠵᠧᠦ ᠶᠢᠨ ᠶᠡᠭᠡ | ᠰᠤᠷᠭᠠᠭᠤᠯᠢ ᠶᠢᠨ ᠰᠤᠳᠤᠯᠭᠠᠲᠠᠳ 1455 ᠤᠷᠢᠳᠤ ᠪᠤᠯᠴᠢᠷᠬᠠᠢ ᠶᠢᠨ ᠦᠮᠠᠨ ᠡᠪᠡᠳᠴᠢᠲᠡᠨ ᠳᠤ ᠤᠷᠳᠤ | ᠬᠤᠭᠤᠴᠠᠭᠠᠨ ᠤ ᠮᠦᠷᠳᠠᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠢᠶᠠᠷ᠂ ᠭᠠᠷᠠᠭ ᠪᠦᠷᠢ 3 ᠴᠠᠭ ᠲᠦᠷᠭᠡᠨ | ᠠᠯᠬᠤᠪᠠᠯ ᠦᠮᠠᠨ ᠡᠪᠡᠳᠴᠢᠨ ᠤ ᠬᠦᠨᠳᠦᠷᠡᠬᠦ ᠬᠡᠮᠵᠢᠶ᠎ᠡ ᠨᠢ ᠬᠥᠳᠡᠯᠭᠡᠭᠡᠨ ᠬᠢᠳᠡᠭ ᠦᠭᠡᠢ ᠬᠥᠮᠥᠨ ᠠᠴᠠ | 57% ᠢᠶᠠᠷ ᠳᠣᠣᠷ᠎ᠠ ᠪᠠᠶᠢᠳᠠᠭ᠃ ᠠᠯᠬᠤᠬᠤ ᠶᠢᠨ ᠠᠰᠢᠭ ᠲᠤᠰᠠ ᠶᠢ ᠪᠠᠳᠠᠷᠠᠭᠤᠯᠬᠤ ᠳᠤ ᠶᠠᠪᠤᠵᠤ ᠰᠠᠭᠤᠬᠤ | ᠠᠯᠬᠤᠬᠤ ᠬᠡᠰᠬᠢᠬᠦ ᠬᠡᠪ ᠨᠠᠮᠪᠠ᠂ ᠭᠠᠵᠠᠷ᠂ ᠡᠮᠦᠰᠬᠡᠯ ᠵᠠᠰᠠᠯ᠂ ᠴᠠᠭ ᠵᠢᠴᠢ ᠬᠤᠷᠳᠤᠴᠠ ᠵᠡᠷᠭᠡ ᠶᠢ ᠠᠩᠬᠠᠷᠤᠭᠤᠰᠢᠲᠠᠢ᠃ | ᠠᠯᠬᠤᠯᠠᠬᠤ ᠳᠠᠭᠠᠨ ᠠᠯᠤᠰ ᠢ ᠰᠢᠷᠳᠡᠨ ᠴᠡᠭᠡᠵᠢ ᠪᠠᠨ ᠲᠡᠨᠢᠢᠯᠭᠡᠵᠦ᠂ ᠲᠡᠭᠰᠢ ᠤᠯᠠ ᠲᠠᠢ ᠱᠠᠬᠠᠢ ᠡᠮᠦᠰᠦᠨ ᠵᠢᠭᠳᠡ | ᠬᠤᠷᠳᠤᠴᠠ ᠪᠠᠷ ᠶᠠᠪᠤᠨ᠎ᠠ᠃ ᠬᠠᠮᠤᠭ ᠤᠨ ᠰᠠᠶᠢᠨ ᠨᠢ ᠦᠳᠡ ᠶᠢᠨ ᠬᠤᠶᠢᠨᠠᠬᠢ 4 ᠴᠠᠭ ᠤᠨ ᠦᠶᠡᠰ ᠢᠶᠠᠷ ᠨᠢᠭᠡ | ᠰᠧᠺᠦ᠋ᠨ᠋ᠳ᠋ ᠲᠤ ᠬᠤᠶᠠᠷ ᠠᠯᠬᠤᠮ ᠠᠯᠬᠤᠪᠠᠯ ᠦᠶ᠎ᠡ ᠭᠡᠰᠢᠭᠦᠨ ᠤ ᠱᠠᠯᠠᠮᠠᠭᠠᠢ ᠠᠮᠢᠳᠤᠯᠢᠭ᠂ ᠵᠢᠷᠦᠬᠡᠨ ᠴᠣᠬᠢᠯᠭ᠎ᠠ | ᠪᠠ ᠴᠢᠰᠤᠨ ᠳᠠᠷᠤᠯᠲᠠ ᠶᠢ ᠲᠣᠭᠲᠠᠭᠤᠨ ᠪᠠᠶᠢᠯᠭᠠᠳᠠᠭ᠃ ᠭᠡᠬᠦ ᠳᠡᠭᠡᠨ ᠴᠠᠭ ᠳᠠᠷᠤᠢ ᠳᠤᠨᠢ ᠤᠰᠤ | ᠨᠥᠬᠦᠪᠦᠷᠢᠯᠡᠬᠦ ᠶᠢ ᠠᠩᠬᠠᠷᠬᠤ ᠴᠢᠬᠤᠯᠠᠲᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠲᠣᠪᠴᠢᠶ᠎ᠠ | | |