ᠬᠤᠸᠠᠳᠧ ᠵᠠᠰᠠᠭ ᠲᠠᠷᠬᠠᠭᠠᠭᠰᠠᠨ ﹇2023﹈ 76 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ᠄ | ︽ᠬᠤᠸᠠᠳᠧ ᠰᠢᠶᠠᠨ ᠤ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ | ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | 2023 ᠤᠨ 8 ᠰᠠᠷ᠎ᠠ ᠶᠢᠨ 18 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠤᠸᠠᠳᠧ ᠰᠢᠶᠠᠨ ᠤ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ | ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ | ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠪᠠ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ | ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠵᠦ | ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠰᠢᠶᠠᠨ ᠤ ︽ | ᠭᠤᠷᠪᠠᠨ ᠭᠤᠷᠪᠠ︾ ᠶᠢᠨ ᠬᠥᠭᠵᠢᠯᠲᠡ ᠶᠢᠨ ᠰᠡᠳᠬᠢᠴᠡ ᠲᠠᠢ ᠤᠶᠠᠯᠳᠤᠭᠤᠯᠤᠨ᠂ ︽ᠳᠥᠷᠪᠡᠨ ᠠᠵᠢᠯ︾ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠤᠸᠠᠳᠧ ᠰᠢᠶᠠᠨ ᠤ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠣᠰ ᠲᠥᠰᠥᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢ | ᠬᠤᠪᠢᠷᠠᠭᠤᠯᠬᠤ ᠪᠠᠷ ᠬᠥᠲᠥᠯᠥᠨ ᠳᠠᠭᠠᠭᠤᠯᠵᠤ ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠪᠠᠷ ᠵᠠᠩᠭᠢᠯᠠᠭ᠎ᠠ ᠪᠣᠯᠭᠠᠵᠤ ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ ᠥᠨᠳᠥᠷ | ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ | ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠡᠷᠡᠰ ᠭᠤᠶᠢᠪᠢᠰᠢ ᠦᠭᠡᠢ᠂ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠨᠡᠭᠦᠷᠡᠰᠦᠲᠥ᠋ᠷᠥᠭᠴᠢ ᠶᠢ ᠦᠯᠦ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ︵ᠬᠤᠶᠠᠷ︶ ᠠᠵᠢᠯ ᠤᠨ ᠬᠠᠷᠠᠯᠲᠠ | 2023 ᠣᠨ ᠤ ᠰᠡᠭᠦᠯᠴᠢ ᠪᠣᠯᠬᠤ ᠳᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠬᠦᠷᠢᠶᠡᠯᠡᠩ ᠲᠣᠭᠤᠷᠢᠭ ᠤᠨ | ᠡᠷᠭᠢᠯᠲᠡᠲᠦ ᠥᠭᠡᠷᠡᠴᠢᠯᠡᠯᠲᠡ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠪᠰᠢᠨ ᠢ | ᠳᠡᠭᠡᠭᠰᠢᠯᠡᠭᠦᠯᠦᠨ᠎ᠡ᠃ ᠦᠯᠡᠳᠡᠪᠦᠷᠢ ᠢᠯᠴᠢ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ | ᠭᠤᠣᠯᠳᠠᠯᠭ᠎ᠠ ᠲᠠᠢ ᠠᠬᠢᠭᠤᠯᠵᠤ᠂ ᠵᠢᠯ ᠤᠨ ᠡᠴᠦᠰ ᠪᠣᠯᠬᠤ ᠳᠤ ᠴᠠᠩᠱᠦ᠋ᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠤᠳᠤ ᠶᠢᠨ ᠪᠠᠶᠢᠭ᠎ᠠ ᠤᠳᠤᠭ᠎ᠠ ᠬᠡᠢ ᠶᠢ ᠪᠦᠬᠦᠨ ᠢ ᠠᠰᠢᠭᠯᠠᠵᠤ ᠳᠠᠭᠤᠰᠬᠠᠨ᠎ᠠ᠃ | 2024 ᠣᠨ ᠤ ᠰᠡᠭᠦᠯᠴᠢ ᠪᠣᠯᠬᠤ ᠳᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠬᠤᠪᠢ ᠶᠢᠨ | ᠵᠢᠩ ᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ | ᠬᠦᠷᠦᠭᠦᠯᠵᠦ᠂ ᠡᠬᠢ ᠰᠤᠷᠪᠤᠯᠵᠢ ᠶᠢᠨ ᠲᠣᠣᠷ ᠬᠠᠩᠭᠠᠬᠤ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ | ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠠᠭ᠎ᠠ ᠲᠠᠢ ᠠᠬᠢᠭᠤᠯᠤᠨ᠎ᠠ᠃ ᠪᠥᠬᠦ ᠲᠠᠯ᠎ᠠ ᠪᠠᠷ ᠠᠷᠪᠢᠯᠠᠨ | ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ | ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ | ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠤᠨ ᠠᠵᠢᠯ ᠲᠥᠷᠥᠯ ᠤᠨ ᠪᠠᠷᠢᠮᠵᠢᠶ᠎ᠠ ᠳᠤ ᠥᠯᠥ ᠬᠦᠷᠬᠦ | ᠤᠷᠠᠯᠠᠯ ᠤᠨ ᠮᠡᠷᠭᠡᠵᠢᠯ ᠳᠤ ᠪᠥᠬᠦ ᠶᠠᠪᠤᠴᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠶᠢ | ᠪᠦᠬᠦᠨ ᠢ ᠪᠡᠶᠡᠯᠡᠭᠦᠯᠵᠦ᠂ ᠬᠠᠶᠠᠭᠳᠠᠮᠠᠯ ᠰᠢᠭᠠᠷᠤ ᠶᠢᠨ ᠠᠰᠢᠭᠯᠠᠯᠲᠠ ᠶᠢᠨ ᠨᠣᠷᠮ᠎ᠠ ᠶᠢ 50% ᠳᠤ ᠬᠦᠷᠦᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠪᠠᠷᠠᠭᠠᠨ ᠤ | ᠲᠡᠭᠡᠭᠡᠪᠦᠷᠢ ᠵᠢᠨᠪᠠᠶᠢᠭᠤᠯᠤᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 2025 ᠣᠨ ᠤ ᠰᠡᠭᠦᠯᠴᠢ ᠪᠣᠯᠬᠤ ᠳᠤ᠂ ᠪᠦᠬᠦ ᠰᠢᠶᠠᠨ ᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ | ᠰᠠᠭᠤᠬᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠪᠢ ᠶᠢᠨ ᠵᠢᠩ 30% ᠢ ᠡᠵᠡᠯᠡᠵᠦ᠂ ᠰᠢᠨ᠎ᠡ ᠡᠨᠧᠷᠭᠢ ᠶᠢᠨ | ᠨᠡᠶᠢᠲᠡ ᠶᠢᠨ ᠮᠠᠰᠢᠨ ᠲᠡᠷᠭᠡ ᠪᠣᠯᠣᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠭᠤᠣᠯᠳᠠᠯᠭ᠎ᠠ ᠲᠠᠢ | ᠠᠬᠢᠭᠤᠯᠤᠨ᠎ᠠ᠃ ᠨᠢᠭᠡᠳᠦᠯᠲᠡᠢ ᠲᠣᠬᠢᠷᠠᠭᠤᠯᠤᠨ ᠬᠦᠷᠭᠡᠬᠦ᠂ ᠲᠥᠪᠯᠡᠷᠡᠭᠦᠯᠦᠨ ᠲᠣᠬᠢᠷᠠᠭᠤᠯᠤᠨ ᠬᠦᠷᠭᠡᠬᠦ᠂ ᠣᠯᠠᠨ | ᠨᠡᠶᠢᠲᠡ ᠶᠢᠨ ᠲᠣᠬᠢᠷᠠᠭᠤᠯᠤᠨ ᠬᠦᠷᠭᠡᠬᠦ ᠵᠡᠷᠭᠡ ᠠᠷᠪᠢᠯᠠᠨ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠢ | ᠦᠨᠳᠦᠰᠦᠨ ᠳᠡᠭᠡᠨ ᠪᠣᠶ ᠪᠣᠯᠭᠠᠵᠤ᠂ ᠲᠡᠮᠦᠷ ᠵᠠᠮ ᠤᠨ ᠳᠠᠭᠠᠭᠠᠴᠢᠯᠠᠨ ᠲᠡᠭᠡᠭᠡᠪᠦᠷᠢᠯᠡᠬᠦ ᠬᠤᠪᠢ ᠶᠢᠨ ᠵᠢᠩ ᠪᠠ | ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠪᠠᠭᠤᠯᠭᠠᠭᠰᠠᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ ᠪᠠᠭᠤᠷᠠᠭᠤᠯᠬᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠠᠴᠠ | ᠳᠣᠷᠣᠭᠰᠢ ᠪᠣᠯᠲᠠᠯ᠎ᠠ ᠪᠠᠭᠤᠷᠠᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ | 18% ᠳᠤ ᠬᠦᠷᠦᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 23.5% ᠳᠤ ᠬᠦᠷᠦᠭᠦᠯᠵᠦ᠂ | ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 50% | ᠠᠴᠠ ᠳᠡᠭᠡᠭᠰᠢ ᠳᠤ ᠬᠦᠷᠦᠭᠦᠯᠵᠦ᠂ ᠴᠡᠪᠡᠷ ᠡᠨᠧᠷᠭᠢ ᠶᠢᠨ ᠬᠠᠩᠭᠠᠯᠭ᠎ᠠ ᠶᠢᠨ ᠨᠣᠷᠮ᠎ᠠ ᠶᠢ 30% ᠳᠤ ᠬᠦᠷᠦᠭᠦᠯᠵᠦ᠂ | ᠪᠣᠬᠢᠷᠲᠤᠯ ᠦᠭᠡᠢ ᠦᠢᠯᠡᠳᠪᠦᠷᠢ ᠶᠢ 10 ᠠᠴᠠ ᠳᠡᠭᠡᠭᠰᠢ ᠳᠤ ᠬᠦᠷᠦᠭᠦᠯᠵᠦ᠂ ᠬᠦᠷᠢᠶᠡᠯᠡᠩ ᠲᠣᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠦᠬᠦᠨ ᠢ ᠣᠶᠤᠨᠴᠢᠯᠠᠬᠤ ᠶᠢ ᠪᠡᠶᠡᠯᠡᠭᠦᠯᠵᠦ᠂ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠰᠠᠭᠤᠷᠢ | ᠲᠠᠯᠪᠢᠨ᠎ᠠ᠃ | 2030 ᠣᠨ ᠪᠣᠯᠬᠤ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠤ ᠢᠯᠡᠳᠲᠡ ᠦᠷ᠎ᠡ ᠪᠦᠲᠦᠮᠵᠢ ᠣᠯᠵᠤ᠂ ᠭᠤᠣᠯᠳᠠᠯᠭ᠎ᠠ ᠲᠠᠢ ᠠᠵᠢᠯ | ᠲᠥᠷᠥᠯ ᠤᠨ ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠶᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ | ᠲᠦᠪᠰᠢᠨ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠭᠤᠯᠭᠠᠭᠰᠠᠨ ᠨᠢᠭᠡᠴᠢ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ᠂ ᠨᠢᠭᠡᠴᠢ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠴᠢᠯᠠᠭᠤᠨ | ᠲᠣᠰᠣ ᠬᠢᠮᠢ ᠶᠢᠨ ᠪᠤᠰᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠤᠪᠢ ᠶᠢᠨ ᠰᠢᠨ᠎ᠡ ᠡᠨᠧᠷᠭᠢ ᠶᠢᠨ | ᠰᠤᠷᠪᠤᠯᠵᠢ ᠪᠠᠷ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 400 ᠲᠦᠮᠡᠨ | ᠺᠢᠯᠣᠸᠠᠲ ᠢ ᠳᠠᠪᠠᠵᠤ᠂ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ 80% ᠳᠤ ᠬᠦᠷᠴᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠤᠷᠬᠢᠯ ᠤᠨ ᠬᠡᠮᠵᠢᠭᠳᠡᠯ ᠳᠤ ᠬᠦᠷᠴᠦ᠂ ᠠᠮᠢ ᠠᠬᠤᠢ ᠶᠢᠨ ᠰᠢᠰᠲ᠋ᠧᠮ ᠤᠨ ᠶᠠᠰᠤ | ᠴᠢᠨᠠᠷ ᠪᠠ ᠲᠣᠭᠲᠠᠪᠤᠷᠢᠲᠤ ᠴᠢᠨᠠᠷ ᠢᠯᠡᠳᠲᠡ ᠴᠢᠩᠭᠠᠷᠠᠵᠤ᠂ ᠤᠮᠠᠷᠠᠲᠤ ᠣᠷᠣᠨ ᠳᠤ ᠬᠠᠨᠳᠤᠭᠤᠯᠤᠭᠰᠠᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠦᠨ᠎ᠡ᠃ | ᠬᠤᠶᠠᠷ᠂ ᠭᠤᠣᠯ ᠡᠭᠦᠷᠭᠡ | ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠪᠠ ᠬᠠᠷᠠᠯᠲᠠ ᠶᠢᠨ ᠱᠠᠭᠠᠷᠳᠠᠯᠭ᠎ᠠ ᠶᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ | ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠤᠨ᠂ | ᠡᠯ᠎ᠡ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ᠂ ᠲᠤᠰᠬᠠᠢ ᠵᠦᠢᠯ ᠤᠨ ᠲᠥᠯᠦᠪᠵᠢᠭᠦᠯᠭᠡ ᠶᠢᠨ | ᠲᠤᠯᠭᠠᠭᠤᠷᠢᠯᠠᠨ ᠪᠠᠲᠤᠯᠠᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠲᠥᠯᠦᠪᠵᠢᠭᠦᠯᠭᠡ ᠶᠢᠨ | ᠬᠤᠭᠤᠷᠣᠨᠳᠣᠬᠢ ᠵᠣᠯᠭᠠᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ | ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠤᠯᠬᠤ ︽1+N+X︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠹᠷᠣᠨᠲ︾ ᠢ ᠴᠢᠩᠭ᠎ᠠ ᠰᠠᠬᠢᠵᠤ᠂ ᠠᠮᠢ | ᠠᠬᠤᠢ ᠶᠢᠨ ᠴᠢᠳᠠᠮᠵᠢᠲᠤ ᠣᠷᠣᠨ ᠤ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠭᠰᠠᠨ ᠵᠠᠮ ᠢᠶᠠᠷ ᠵᠠᠮᠨᠠᠬᠤ ᠶᠢ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠣᠷᠣᠨ ᠤ ᠡᠷᠴᠢᠮᠵᠢᠭᠦᠯᠦᠭᠰᠡᠨ᠂ ᠵᠣᠬᠢᠬᠤ | ᠬᠡᠪᠴᠢᠶᠡᠵᠢᠭᠦᠯᠦᠭᠰᠡᠨ ᠡᠵᠡᠩᠨᠡᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠥᠪᠯᠡᠷᠡᠩᠭᠦᠢ ᠲᠥᠪᠯᠡᠷᠡᠭᠰᠡᠨ ᠡᠷᠴᠢᠮᠵᠢᠭᠦᠯᠦᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠤᠰᠤᠨ ᠤ | ᠬᠤᠷᠣᠭᠳᠠᠯ ᠢᠶᠠᠷ ᠪᠠᠭ᠎ᠠ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ | ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ | ︵ᠨᠢᠭᠡ︶ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ | ᠰᠠᠯᠬᠢᠨ ᠤ ᠡᠨᠧᠷᠭᠢ᠂ ᠨᠡᠷᠡᠨ ᠤ ᠡᠨᠧᠷᠭᠢ᠂ ᠠᠮᠢᠳᠤ ᠪᠣᠳᠠᠰ ᠤᠨ ᠮᠠᠰ ᠤᠨ ᠡᠨᠧᠷᠭᠢ ᠵᠡᠷᠭᠡ ᠳᠠᠬᠢᠨ ᠡᠭᠦᠰᠴᠦ | ᠪᠣᠯᠬᠤ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠵᠦ᠂ ᠤᠯᠠᠨ ᠡᠰᠢᠴᠢᠯᠡᠨ ᠬᠠᠷᠢᠯᠴᠠᠨ ᠨᠥᠬᠦᠪᠦᠷᠢᠯᠡᠭᠰᠡᠨ᠂ | ᠲᠣᠭᠲᠠᠭᠤᠨ ᠪᠥᠭᠡᠳ ᠥᠨᠳᠥᠷ ᠪᠦᠲᠦᠮᠵᠢᠲᠡᠶ ᠰᠢᠨ᠎ᠡ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠤᠪᠢ ᠶᠢᠨ ᠵᠢᠩ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠢ ᠰᠤᠷᠪᠤᠯᠵᠢ ᠲᠣᠣᠷ ᠤᠨ ᠴᠡᠨᠡᠭ ᠨᠥᠭᠡᠴᠡ ᠶᠢ ᠨᠢᠭᠡ | ᠴᠣᠭᠴᠠᠵᠢᠭᠤᠯᠤᠭᠰᠠᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ | ᠰᠢᠨ᠎ᠡ ᠡᠨᠧᠷᠭᠢ ᠶᠢᠨ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠶᠢ ᠠᠬᠢᠭᠤᠯᠤᠨ᠎ᠠ᠃ ᠬᠢᠮᠢ ᠶᠢᠨ | ᠡᠨᠧᠷᠭᠢ ᠬᠠᠳᠠᠭᠠᠯᠠᠬᠤ᠂ ᠠᠭᠠᠷ ᠤᠨ ᠡᠨᠧᠷᠭᠢ ᠬᠠᠳᠠᠭᠠᠯᠠᠬᠤ ᠵᠡᠷᠭᠡ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ | ᠮᠡᠷᠭᠡᠵᠢᠯ ᠢ ᠬᠡᠪᠴᠢᠶᠡᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ | ︵ᠬᠤᠶᠠᠷ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ | ᠲᠣᠭᠲᠠᠴᠠ ᠶᠢ ᠬᠠᠶᠢᠨ ᠰᠦᠪᠡᠭᠴᠢᠯᠡᠨ᠎ᠡ | ᠡᠨᠧᠷᠭᠢ ᠶᠢᠨ ᠰᠤᠷᠪᠤᠯᠵᠢ᠂ ᠠᠵᠤ ᠦᠢᠯᠡᠰ᠂ ᠪᠠᠷᠢᠯᠭ᠎ᠠ᠂ ᠵᠠᠮ ᠬᠠᠷᠢᠯᠴᠠᠭ᠎ᠠ ᠵᠢᠴᠢ ᠤᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠵᠡᠷᠭᠡ ᠬᠦᠷᠢᠶᠡᠨ ᠳᠠᠬᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ | ᠲᠠᠯ᠎ᠠ ᠪᠠᠷ ᠰᠢᠰᠲ᠋ᠧᠮ ᠲᠠᠢ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠡᠬᠢ ᠰᠤᠷᠪᠤᠯᠵᠢ ᠠᠴᠠ ᠨᠢ ᠪᠠᠭᠠᠰᠬᠠᠨ᠎ᠠ᠃ ᠤᠢ ᠰᠢᠭᠤᠢ᠂ ᠲᠠᠷᠢᠶᠠᠯᠠᠩ᠂ ᠴᠢᠭᠢᠭᠯᠢᠭ ᠭᠠᠵᠠᠷ | ᠵᠡᠷᠭᠡ ᠶᠢᠨ ᠰᠢᠭᠤᠳ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠶᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠨᠡᠶᠢᠳᠡᠮ ᠳᠤᠨᠢ ᠬᠠᠷᠠᠭᠠᠯᠵᠠᠯ | ᠦᠵᠡᠭᠦᠯᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠶᠢ ᠳᠠᠮ ᠢᠶᠠᠷ | ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠶᠢ ᠪᠡᠶᠡᠯᠡᠭᠦᠯᠦᠨ᠎ᠡ᠃ ᠨᠡᠭᠦᠷᠡᠰᠦᠲᠥ᠋ᠷᠥᠭᠴᠢ ᠦᠭᠡᠢ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠪᠦᠲᠦᠮᠵᠢᠲᠡᠶ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠪᠥᠬᠦ ᠰᠢᠶᠠᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠡᠷᠲᠡᠬᠡᠨ ᠣᠷᠭᠢᠯ ᠳᠤᠨᠢ | ᠬᠦᠷᠭᠡᠬᠦ ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠠᠴᠢᠶᠠᠯᠠᠪᠤᠷᠢ ᠶᠢ ᠪᠣᠶ ᠪᠣᠯᠭᠠᠨ᠎ᠠ | ᠡᠨᠧᠷᠭᠢ᠂ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ ᠣᠶ ᠰᠢᠭᠤᠢ᠂ ᠪᠠᠷᠢᠯᠭ᠎ᠠ᠂ ᠵᠠᠮ ᠬᠠᠷᠢᠯᠴᠠᠭ᠎ᠠ | ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠡᠯ᠎ᠡ ᠬᠦᠷᠢᠶ᠎ᠡ ᠴᠠᠷᠠᠭ᠎ᠠ ᠶᠢᠨ ᠨᠡᠭᠦᠷᠡᠰᠦᠲᠥ᠋ᠷᠥᠭᠴᠢ ᠶᠢ ᠪᠠᠭᠠᠰᠬᠠᠨ | ᠬᠤᠷᠠᠭᠤᠯᠭᠠ ᠶᠢ ᠨᠡᠮᠡᠭᠳᠡᠭᠦᠯᠬᠦ ᠮᠡᠷᠭᠡᠵᠢᠯ ᠤᠨ ᠶᠡᠷᠦᠩᠬᠡᠶᠢᠯᠡᠭᠰᠡᠨ ᠬᠡᠷᠡᠭᠯᠡᠯᠲᠡ ᠶᠢ ᠠᠬᠢᠭᠤᠯᠵᠤ᠂ ᠬᠦᠷᠢᠶᠡᠯᠡᠩ | ᠲᠣᠭᠤᠷᠢᠭ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠪᠠ | ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠲᠠᠯ᠎ᠠ ᠪᠠᠷ ᠬᠠᠮᠵᠢᠯᠴᠠᠨ ᠬᠦᠴᠦᠯᠡᠨ᠎ᠡ᠃ | ︵ᠳᠥᠷᠪᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠢᠨ᠎ᠡ ᠵᠠᠭᠪᠤᠷ ᠢ ᠪᠣᠶ | ᠪᠣᠯᠭᠠᠨ᠎ᠠ | ᠬᠦᠷᠢᠶᠡᠯᠡᠩ ᠲᠣᠭᠤᠷᠢᠭ ᠤᠨ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ | ᠤᠯᠠᠮᠵᠢᠯᠠᠯᠲᠤ ᠲᠤᠯᠭᠠᠭᠤᠷᠢ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠠᠮᠢ | ᠠᠬᠤᠶᠢᠵᠢᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠨᠡᠭᠦᠷᠡᠰᠦᠲᠥ᠋ᠷᠥᠭᠴᠢ ᠦᠭᠡᠢ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠢᠶᠠᠷ ᠠᠴᠢᠶᠠᠯᠠᠪᠤᠷᠢ | ᠪᠣᠯᠭᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ᠂ ᠨᠡᠭᠦᠷᠡᠰᠦᠲᠥ᠋ᠷᠥᠭᠴᠢ ᠪᠠᠭ᠎ᠠ ︵ᠨᠡᠭᠦᠷᠡᠰᠦᠲᠥ᠋ᠷᠥᠭᠴᠢ ᠦᠭᠡᠢ︶ ᠶᠢ ᠭᠡᠷᠡᠴᠢᠯᠡᠬᠦ᠂ | ᠨᠡᠭᠦᠷᠡᠰᠦᠲᠥ᠋ᠷᠥᠭᠴᠢ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠪᠣᠶᠢᠵᠢᠭᠤᠯᠬᠤ ᠶᠢᠨ ᠬᠠᠮᠲᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠪᠠ ᠡᠵᠡᠩᠨᠡᠯᠲᠡ ᠶᠢᠨ | ᠵᠠᠭᠪᠤᠷ ᠢ ᠲᠡᠳᠡᠨ ᠠᠪᠴᠢᠷᠠᠵᠤ ᠪᠣᠯᠣᠨ᠎ᠠ᠃ | ︵ᠲᠠᠪᠤ︶ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠣᠶᠢᠵᠢᠭᠤᠯᠤᠨ᠎ᠠ | ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠡᠭᠦᠳᠦᠨ ᠪᠠᠶᠢᠭᠤᠯᠬᠤ ᠪᠠᠷ ᠳᠡᠮᠵᠢᠨ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠤᠷᠮᠠᠰᠢᠭᠤᠯᠵᠤ | ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠠᠮᠵᠢᠯᠴᠠᠨ ᠬᠢᠵᠠᠭᠠᠷᠯᠠᠬᠤ ᠶᠢ ᠠᠬᠢᠭᠤᠯᠵᠤ᠂ | ᠡᠨᠧᠷᠭᠢ ᠶᠢᠨ ᠬᠤᠷᠣᠭᠳᠠᠯ ᠢ ᠪᠠᠭᠠᠰᠬᠠᠨ᠂ ᠦᠢᠯᠡᠳᠪᠦᠷᠢᠯᠡᠯ ᠤᠨ ᠰᠢᠰᠲ᠋ᠧᠮ ᠪᠠ ᠠᠮᠢᠳᠤᠷᠠᠯ ᠤᠨ ᠰᠢᠰᠲ᠋ᠧᠮ ᠤᠨ | ᠡᠷᠭᠢᠯᠳᠦᠭᠦᠯᠦᠨ ᠬᠤᠯᠪᠣᠬᠤ ᠶᠢ ᠪᠡᠶᠡᠯᠡᠭᠦᠯᠦᠨ᠎ᠡ᠃ | ᠭᠤᠷᠪᠠ᠂ ᠠᠵᠢᠯ ᠤᠨ ᠭᠤᠣᠯᠳᠠᠯᠭ᠎ᠠ | ︵ᠨᠢᠭᠡ︶ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠰᠢᠯᠢᠳᠡᠭᠵᠢᠭᠦᠯᠵᠦ᠂ ᠠᠵᠤ ᠦᠢᠯᠡᠰ ᠤᠨ ᠦᠯᠦ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠯᠬᠢᠨ ᠠᠬᠢᠭᠤᠯᠤᠨ᠎ᠠ | 1.ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ ᠦᠭᠡᠢ ᠪᠠᠶᠢᠯᠭᠠᠬᠤ ᠪᠠᠷ ᠤᠳᠤᠷᠢᠳᠤᠮᠵᠢ ᠪᠣᠯᠭᠠᠨ᠂ ᠠᠵᠤ | ᠦᠢᠯᠡᠰ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠤᠰᠬᠠᠢ ᠵᠦᠢᠯ ᠤᠨ ᠪᠡᠯᠡ ᠮᠥᠩᠭᠦ | ᠪᠠᠶᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠠᠴᠠ ᠡᠬᠢᠯᠡᠨ᠂ | ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠤᠨ | ᠦᠢᠯᠡᠳᠪᠦᠷᠢᠯᠡᠯ ᠤᠨ ᠤᠷᠠᠯᠠᠯ ᠢ ᠬᠥᠲᠥᠯᠥᠨ ᠵᠢᠯᠤᠭᠤᠳᠴᠤ ᠵᠣᠷᠢᠭᠵᠢᠭᠤᠯᠤᠨ ᠳᠡᠮᠵᠢᠵᠦ ᠪᠠᠶᠢᠭᠠᠳ ᠡᠨᠧᠷᠭᠢ ᠶᠢᠨ | ᠠᠰᠢᠭᠯᠠᠮᠵᠢ ᠪᠠᠷ ᠥᠨᠳᠥᠷ᠂ ᠪᠣᠬᠢᠷᠲᠤᠯ ᠢᠶᠠᠷ ᠪᠠᠭ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ᠂ | ᠡᠷᠭᠢᠯᠳᠦᠭᠦᠯᠦᠨ ᠠᠰᠢᠭᠯᠠᠬᠤ ᠵᠡᠷᠭᠡ ᠣᠨᠴᠠᠯᠢᠭ ᠲᠠᠢ ᠮᠡᠷᠭᠡᠵᠢᠯ ᠢ ᠬᠡᠷᠡᠭᠯᠡᠨ᠎ᠡ᠃ ᠬᠦᠷᠢᠶᠡᠯᠡᠩ ᠲᠣᠭᠤᠷᠢᠭ ᠤᠨ | ᠲᠡᠮᠦᠷ ᠤᠨ ᠬᠠᠶᠢᠯᠤᠰᠢ᠂ ᠬᠤᠪᠴᠠᠰᠤ ᠬᠤᠨᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ᠵᠡᠷᠭᠡ ᠠᠵᠤ ᠦᠢᠯᠡᠰ ᠤᠨ ᠰᠢᠰᠲ᠋ᠧᠮᠵᠢ ᠶᠢᠨ ᠰᠠᠭᠤᠷᠢᠨ ᠳᠡᠭᠡᠷ᠎ᠡ᠂ ᠬᠢᠵᠠᠭᠠᠷᠯᠠᠬᠤ ᠬᠦᠴᠦᠨ ᠲᠠᠢ ᠠᠵᠤ | ᠦᠢᠯᠡᠰ ᠤᠨ ᠠᠮᠢ ᠠᠬᠤᠢ ᠶᠢᠨ ᠰᠢᠭᠰᠢᠨ ᠰᠣᠩᠭᠤᠬᠤ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠪᠠ ᠮᠡᠷᠭᠡᠵᠢᠯ ᠤᠨ ᠲᠠᠰ ᠳᠡᠪᠰᠢᠬᠦ ᠶᠢ ᠲᠦᠷᠭᠡᠳᠬᠡᠨ᠂ ᠬᠤᠴᠤᠷᠤᠩᠭᠤᠢ | ᠦᠢᠯᠡᠳᠪᠦᠷᠢᠯᠡᠬᠦ ᠴᠢᠳᠠᠪᠤᠷᠢ ᠶᠢ ᠬᠠᠤᠯᠢ ᠲᠣᠭᠲᠠᠭᠠᠯ ᠶᠣᠰᠣᠭᠠᠷ ᠰᠢᠭᠰᠢᠭᠳᠡᠭᠦᠯᠬᠦ ᠪᠠ ᠦᠯᠡᠭᠦᠳᠡᠭᠰᠡᠨ | ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠲᠣᠨᠤᠭ ᠲᠥᠬᠦᠭᠡᠷᠦᠮᠵᠢ | ᠦᠢᠯᠡᠳᠬᠦ ᠠᠵᠤ ᠠᠬᠤᠶᠢᠯᠠᠯ 2᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ ᠠᠵᠤ ᠠᠬᠤᠶᠢᠯᠠᠯ ᠢ 1 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠬᠤᠪᠴᠠᠰᠤ | ᠬᠤᠨᠠᠷ ᠤᠨ ᠠᠵᠢᠯ ᠲᠥᠷᠥᠯ ᠢ ᠡᠮᠬᠢᠯᠡᠨ ᠨᠡᠶᠢᠯᠡᠭᠦᠯᠵᠦ ᠪᠦᠯᠦᠭᠯᠡᠯ ᠳᠠᠰᠢ ᠬᠥᠭᠵᠢᠭᠦᠯᠦᠨ᠎ᠡ᠃ 2024 ᠣᠨ ᠳᠤ᠂ | ᠵᠢᠯ ᠤᠨ ᠳᠣᠲᠣᠷ᠎ᠠ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ 2᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ 2 ᠠᠴᠠ ᠳᠡᠭᠡᠭᠰᠢ ᠣᠷᠣᠭᠤᠯᠬᠤ ᠪᠠᠷ | ᠴᠢᠷᠮᠠᠶᠢᠨ᠎ᠠ᠃ 2025 ᠣᠨ ᠳᠤ᠂ ᠬᠦᠷᠢᠶᠡᠯᠡᠩ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠬᠡᠪᠴᠢᠶ᠎ᠡ ᠶᠢ ᠠᠩᠬ᠎ᠠ | ᠠᠯᠬᠤᠮ ᠪᠦᠷᠢᠯᠳᠦᠭᠦᠯᠵᠦ᠂ ᠬᠤᠴᠤᠷᠤᠩᠭᠤᠢ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠪᠦᠬᠦᠨ ᠢ | ᠰᠢᠭᠰᠢᠭᠳᠡᠭᠦᠯᠦᠨ ᠠᠷᠢᠯᠭᠠᠵᠤ᠂ ᠠᠵᠤ ᠦᠢᠯᠡᠰ ᠤᠨ ᠪᠦᠲᠦᠴᠡ ᠶᠢ ᠵᠦᠢ ᠵᠣᠬᠢᠰᠲᠠᠢ ᠪᠣᠯᠭᠠᠨ᠎ᠠ᠃ | 2. ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠨᠧᠷᠭᠢ ᠶᠢᠨ | ᠬᠤᠷᠣᠭᠳᠠᠭᠤᠯᠭ᠎ᠠ ᠶᠢ ᠬᠢᠵᠠᠭᠠᠷᠯᠠᠬᠤ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠳᠤ᠂ ᠠᠵᠤ ᠠᠬᠤᠶᠢᠯᠠᠯ ᠤᠨ | ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠦᠭᠡᠢ ᠪᠠᠶᠢᠯᠭᠠᠬᠤ | ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠦᠢᠯᠡᠳᠪᠦᠷᠢᠯᠡᠯ ᠤᠨ ᠤᠷᠠᠯᠠᠯ ᠪᠠ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠨᠡᠯᠡᠨ ᠬᠢᠨᠠᠨ ᠪᠠᠶᠢᠴᠠᠭᠠᠬᠤ ᠨᠡᠩ | ᠲᠡᠭᠦᠯᠳᠡᠷᠵᠢᠭᠰᠡᠨ ᠲᠣᠭᠲᠠᠴᠠ ᠶᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠴᠢ ᠦᠢᠯᠡᠳᠬᠦᠨ ᠤ ᠥᠷᠳᠡᠭ ᠤᠨ ᠡᠨᠧᠷᠭᠢ ᠶᠢᠨ | ᠬᠤᠷᠣᠭᠳᠠᠭᠤᠯᠭ᠎ᠠ ᠶᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠪᠠᠷᠢᠮᠵᠢᠶ᠎ᠠ ᠶᠢᠨ ᠳᠣᠲᠣᠷ᠎ᠠ | ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠣᠲᠣ ᠶᠢᠨ ᠪᠠᠶᠢᠭ᠎ᠠ ᠬᠠᠶᠢᠯᠤᠰᠢ ᠶᠢᠨ ᠠᠵᠤ | ᠦᠢᠯᠡᠰ ᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠨᠡᠮᠡᠯᠲᠡ ᠥᠷᠲᠡᠭ ᠢ | ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠣᠷᠮ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠨᠢᠭᠡᠴᠢ ᠦᠢᠯᠡᠳᠬᠦᠨ ᠤ ᠥᠷᠲᠡᠭ ᠤᠨ ᠡᠨᠧᠷᠭᠢ ᠶᠢᠨ ᠬᠤᠷᠣᠭᠳᠠᠯ ᠢ ᠪᠥᠬᠦ ᠬᠤᠲᠠ ᠶᠢᠨ ᠬᠡᠪ | ᠳᠠᠭᠤᠷᠢᠶᠠᠯ ᠬᠡᠮᠵᠢᠭᠳᠡᠯ ᠳᠤ ᠬᠦᠷᠦᠭᠦᠯᠦᠨ᠎ᠡ᠃ ᠬᠦᠷᠢᠶᠡᠯᠡᠩ ᠳᠤ ᠣᠷᠣᠬᠤ ᠶᠢ ᠦᠨᠡᠯᠡᠨ ᠵᠢᠱᠢᠬᠦ ᠶᠢ ᠰᠠᠶᠢᠲᠤᠷ ᠬᠢᠵᠦ᠂ | ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠪᠠ ᠨᠢᠭᠡᠴᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠪᠠᠷᠢᠮᠵᠢᠶ᠎ᠠ ᠠᠴᠠ ᠬᠡᠲᠦᠷᠡᠭᠰᠡᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ | ᠨᠢᠭᠡ ᠯᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠳ᠋ᠠ ᠲᠠᠩ ᠯᠦᠩ ᠳ᠋ᠧ ᠺᠣᠮᠫᠠᠨᠢ | ᠵᠢᠴᠢ ᠲᠢᠶᠠᠨ ᠴᠧᠩ ᠺᠣᠮᠫᠠᠨᠢ ᠶᠢᠨ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠲᠠᠰ ᠳᠡᠪᠰᠢᠭᠦᠯᠦᠨ | ᠥᠭᠡᠷᠡᠴᠢᠯᠡᠬᠦ᠂ ᠵᠥᠩ ᠲᠠᠢ ᠺᠣᠮᠫᠠᠨᠢ ᠶᠢᠨ ᠦᠢᠯᠡᠳᠪᠦᠷᠢᠯᠡᠯ ᠤᠨ ᠤᠷᠠᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ | ᠂ ᠾᠧᠩ ᠺᠧ ᠺᠣᠮᠫᠠᠨᠢ ᠶᠢᠨ 6 ᠲᠦᠮᠡᠨ ᠲᠣᠨ ᠯᠢᠲ᠋ᠢ ᠳ᠋ᠢᠶᠠᠨ ᡂᠢ ᠶᠢᠨ ᠰᠢᠨ᠎ᠡ ᠬᠡᠯᠪᠡᠷᠢ ᠶᠢᠨ ᠪᠢᠯᠢᠭ ᠲᠤᠶᠢᠯ ᠤᠨ | ᠮᠠᠲ᠋ᠧᠷᠢᠶᠠᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠣᠷᠮ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠤᠨ᠎ᠠ᠃ | 2024—2025 ᠣᠨ ᠳᠤ᠂ ᠡᠨᠧᠷᠭᠢ ᠶᠢᠨ ᠬᠤᠷᠣᠭᠳᠠᠯ ᠢᠶᠠᠷ ᠪᠠᠭ᠎ᠠ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠠᠬᠤᠶᠢᠯᠠᠯ ᠢ ᠨᠠᠭᠠᠲᠤ ᠵᠠᠬ᠎ᠠ ᠳᠠᠭᠠᠨ 5 ᠠᠴᠠ ᠳᠡᠭᠡᠭᠰᠢ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠤᠨ | ᠨᠢᠭᠡᠴᠢ ᠦᠢᠯᠡᠳᠬᠦᠨ ᠤ ᠥᠷᠲᠡᠭ ᠤᠨ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ᠃ | 3. ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠦᠨ᠎ᠡ ᠃ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ | ᠦᠨᠳᠦᠰᠦᠯᠡᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠪᠠᠶᠢᠴᠠᠭᠠᠨ ᠬᠡᠮᠵᠢᠬᠦ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠬᠦᠷᠢᠶᠡᠯᠡᠩ ᠲᠣᠭᠤᠷᠢᠭ ᠲᠤ ᠨᠡᠭᠦᠷᠡᠰᠦᠲᠥ᠋ᠷᠥᠭᠴᠢ | ᠦᠭᠡᠢ ᠠᠵᠤ ᠦᠢᠯᠡᠰ ᠤᠨ ᠵᠢᠱᠢᠶ᠎ᠡ ᠦᠵᠡᠭᠦᠯᠬᠦ᠂ ᠨᠡᠭᠦᠷᠡᠰᠦᠲᠥ᠋ᠷᠥᠭᠴᠢ ᠦᠭᠡᠢ ᠪᠠᠷᠢᠯᠭ᠎ᠠ ᠶᠢᠨ ᠵᠢᠱᠢᠶ᠎ᠡ ᠦᠵᠡᠭᠦᠯᠬᠦ᠂ | ᠨᠡᠭᠦᠷᠡᠰᠦᠲᠥ᠋ᠷᠥᠭᠴᠢ ᠦᠭᠡᠢ ᠵᠠᠮ ᠬᠠᠷᠢᠯᠴᠠᠭᠠᠨ ᠤ ᠵᠢᠱᠢᠶ᠎ᠡ ᠦᠵᠡᠭᠦᠯᠬᠦ᠂ ᠨᠡᠭᠦᠷᠡᠰᠦᠲᠥ᠋ᠷᠥᠭᠴᠢ ᠦᠭᠡᠢ ᠡᠨᠧᠷᠭᠢ ᠶᠢᠨ | ᠵᠢᠱᠢᠶ᠎ᠡ ᠦᠵᠡᠭᠦᠯᠬᠦ᠂ ᠨᠡᠭᠦᠷᠡᠰᠦᠲᠥ᠋ᠷᠥᠭᠴᠢ ᠦᠭᠡᠢ ᠠᠮᠢᠳᠤᠷᠠᠯ ᠤᠨ ᠵᠢᠱᠢᠶ᠎ᠡ ᠦᠵᠡᠭᠦᠯᠬᠦ ᠵᠡᠷᠭᠡ ᠢᠨᠵᠧᠨᠧᠷᠢᠩ ᠢ | ᠬᠦᠴᠦᠯᠡᠨ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ᠂ | ᠬᠥᠮᠥᠨ ᠳᠤᠮᠳᠠᠴᠢ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠪᠠᠷ ᠬᠠᠷᠠᠯᠲᠠ ᠪᠣᠯᠭᠠᠨ | ᠂ ᠰᠢᠰᠲ᠋ᠧᠮᠵᠢ ᠪᠠᠷ ᠪᠦᠷᠢᠨ ᠲᠡᠭᠦᠯᠳᠡᠷ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠵᠠᠭᠪᠤᠷ ᠢ | ᠪᠦᠷᠢᠯᠳᠦᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠲᠡᠮᠦᠷ ᠵᠠᠮ ᠤᠨ ᠲᠤᠰᠬᠠᠢ | ᠬᠡᠷᠡᠭᠯᠡᠭᠡᠨ ᠤ ᠱᠤᠭᠤᠮ ᠤᠨ ᠪᠠᠷᠠᠭᠠᠨ ᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠲᠡᠭᠦᠯᠳᠡᠷᠵᠢᠭᠦᠯᠵᠦ᠂ ᠬᠠᠶᠢᠯᠤᠰᠢ ᠶᠢᠨ ᠲᠦᠭᠦᠬᠡᠢ ᠮᠠᠲ᠋ᠧᠷᠢᠶᠠᠯ ᠵᠢᠴᠢ ᠦᠢᠯᠡᠳᠬᠦᠨ᠂ ᠨᠡᠭᠦᠷᠡᠰᠦ ᠵᠡᠷᠭᠡ ᠶᠡᠭᠡ | ᠬᠡᠮᠵᠢᠶᠡᠨ ᠤ ᠪᠠᠷᠠᠭ᠎ᠠ ᠶᠢ ︽ᠠᠯᠪᠠᠨ ᠳᠤ ᠰᠢᠯᠵᠢᠭᠦᠯᠬᠦ ᠲᠡᠮᠦᠷ ᠵᠠᠮ︾ ᠢ ᠲᠦᠯᠬᠢᠨ ᠠᠬᠢᠭᠤᠯᠤᠨ᠎ᠠ᠃ ᠬᠤᠳᠠ | ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠪᠠ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠴᠢᠩᠭᠠᠳᠬᠠᠨ᠎ᠠ᠃ ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠠᠶᠢᠯᠢ ᠪᠠᠲᠤᠯᠠᠬᠤ | ᠬᠥᠮᠥᠷᠭᠡ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠥᠮᠥᠷᠭᠡ᠂ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠬᠥᠮᠥᠷᠭᠡ ᠵᠡᠷᠭᠡ ᠶᠢ ᠪᠠᠶᠢᠭᠤᠯᠤᠨ᠂ ᠪᠡᠯᠡᠨ ᠪᠠᠷᠠᠭ᠎ᠠ᠂ ᠬᠤᠭᠤᠴᠠᠭᠠᠲᠤ ᠪᠠᠷᠠᠭᠠᠨ ᠤ | ᠠᠷᠠᠯᠵᠢᠶ᠎ᠠ ᠶᠢ ᠥᠷᠨᠢᠭᠦᠯᠵᠦ᠂ ᠲᠡᠮᠦᠷ ᠵᠠᠮ ᠤᠨ ᠳᠠᠭᠠᠭᠠᠴᠢᠯᠠᠨ ᠲᠡᠭᠡᠭᠡᠪᠦᠷᠢᠯᠡᠬᠦ ᠬᠤᠪᠢ ᠶᠢᠨ ᠵᠢᠩ ᠪᠠ ᠪᠠᠷᠠᠭᠠᠨ ᠤ | ᠲᠡᠭᠡᠭᠡᠪᠦᠷᠢ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠪᠠᠷᠠᠭᠠᠨ ᠤ ᠲᠡᠭᠡᠭᠡᠪᠦᠷᠢ ᠶᠢ | 2024—2025 ᠣᠨ ᠳᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠬᠢᠨᠠᠨ ᠬᠡᠮᠵᠢᠬᠦ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠢᠳᠡᠭᠡᠨ ᠤᠮᠳᠠᠭᠠᠨ ᠵᠤᠭ᠎ᠠ | ᠴᠡᠩᠭᠡᠯ ᠬᠤᠨᠤᠭ ᠪᠠᠭᠤᠳᠠᠯ᠂ ᠰᠡᠯᠪᠢᠨ ᠵᠠᠰᠠᠵᠤ ᠬᠠᠮᠠᠭᠠᠯᠠᠬᠤ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ | ᠪᠠᠭᠠᠰᠬᠠᠨ᠂ ᠨᠡᠭᠦᠷᠡᠰᠦᠲᠥ᠋ᠷᠥᠭᠴᠢ ᠦᠭᠡᠢ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠳᠦᠨ ᠪᠠᠶᠢᠭᠤᠯᠤᠨ᠎ᠠ᠃ | ︵ᠬᠤᠶᠠᠷ︶ ᠪᠦᠲᠦᠴᠡ ᠶᠢ ᠰᠢᠯᠢᠳᠡᠭᠵᠢᠭᠦᠯᠦᠨ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠠᠷᠢᠭᠤᠨ | ᠴᠡᠪᠡᠷ ᠥᠨᠳᠥᠷ ᠦᠷ᠎ᠡ ᠠᠰᠢᠭ ᠲᠠᠢ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠤᠨ᠎ᠠ | 1. ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠤᠳᠤᠷᠢᠳᠤᠮᠵᠢ ᠪᠣᠯᠭᠠᠵᠤ | ᠬᠦᠷᠢᠶᠡᠯᠡᠩ ᠲᠣᠭᠤᠷᠢᠭ ᠤᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠰᠠᠯᠬᠢ ᠭᠡᠷᠡᠯ ᠤᠰᠤᠲᠥ᠋ᠷᠥᠭᠴᠢ | ᠨᠥᠭᠡᠴᠡᠯᠡᠬᠦ ᠳᠥᠷᠪᠡᠨ ᠶᠡᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ | ᠪᠤᠰᠤᠳ ᠠᠵᠤ ᠦᠢᠯᠡᠰ ᠯᠦᠭᠡ ᠠᠪᠴᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ | ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠠᠬᠤᠶᠢᠯᠠᠯ ᠤᠨ ᠲᠠᠷᠬᠠᠮᠠᠯ ᠮᠠᠶ᠋ᠢᠭ ᠤᠨ ᠵᠢᠴᠢ ᠲᠠᠷᠠᠬᠠᠢ ᠮᠠᠶ᠋ᠢᠭ ᠤᠨ | ᠭᠡᠷᠡᠯ ᠴᠡᠨᠡᠭ ᠤᠨ ᠴᠠᠬᠢᠯᠭᠠᠨ ᠥᠪᠡᠰᠦᠪᠡᠨ ᠭᠠᠷᠭᠠᠵᠤ ᠥᠪᠡᠰᠦᠪᠡᠨ ᠬᠠᠩᠭᠠᠬᠤ ᠲᠥᠷᠥᠯ ᠵᠦᠢᠯ ᠢ ᠬᠡᠷᠡᠭᠵᠢᠭᠦᠯᠬᠦ ᠶᠢ | ᠵᠣᠷᠢᠭᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡ | ᠪᠦᠯᠦᠭ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ | ᠪᠠᠶᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠭᠤᠷᠪᠠᠨ ᠬᠠᠪᠴᠢᠯ ᠤᠨ | 500MW ᠡᠬᠢ ᠰᠤᠷᠪᠤᠯᠵᠢ ᠶᠢᠨ ᠲᠣᠥᠷᠵᠢᠭᠤᠯᠤᠨ ᠬᠠᠳᠠᠭᠠᠯᠠᠬᠤ ᠲᠥᠷᠥᠯ ᠵᠦᠢᠯ᠂ ᠮᠧᠩ ᠨᠧᠩ ᠪᠦᠯᠦᠭᠯᠡᠯ ᠤᠨ | 1000MW ᠪᠠᠲᠤᠯᠠᠭ᠎ᠠ ᠶᠢᠨ ᠴᠢᠨᠠᠷᠲᠠᠢ ᠪᠣᠬᠢᠷᠳᠤᠯ ᠦᠭᠡᠢ ᠴᠠᠬᠢᠯᠭᠠᠨ ᠢ ᠰᠢᠭᠤᠳ ᠬᠠᠩᠭᠠᠬᠤ ᠲᠥᠷᠥᠯ ᠵᠦᠢᠯ᠂ | ᠲᠢᠶᠠᠨ ᠴᠧᠩ ᠺᠣᠮᠫᠠᠨᠢ ᠶᠢᠨ 4MW ᠮᠠᠶ᠋ᠢᠭ ᠤᠨ ᠬᠡᠷᠡᠯ ᠴᠡᠨᠡᠭ ᠤᠨ ᠪᠣᠬᠢᠷᠳᠤᠯ ᠦᠭᠡᠢ ᠴᠠᠬᠢᠯᠭᠠᠨ ᠢ ᠰᠢᠭᠤᠳ | ᠬᠠᠩᠭᠠᠬᠤ ᠲᠥᠷᠥᠯ ᠵᠦᠢᠯ᠂ ᠶᠢ ᠯᠢ ᠺᠣᠮᠫᠠᠨᠢ ᠶᠢᠨ 6MW ᠮᠠᠶ᠋ᠢᠭ ᠤᠨ ᠬᠡᠷᠡᠯ ᠴᠡᠨᠡᠭ ᠤᠨ ᠪᠣᠬᠢᠷᠳᠤᠯ ᠦᠭᠡᠢ | ᠴᠠᠬᠢᠯᠭᠠᠨ ᠢ ᠰᠢᠭᠤᠳ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠠᠬᠢᠭᠤᠯᠤᠨ᠎ᠠ᠃ 2024—2025 ᠣᠨ ᠳᠤ᠂ ᠬᠦᠷᠢᠶᠡᠯᠡᠩ ᠲᠣᠭᠤᠷᠢᠭ ᠲᠤ 50MW ᠠᠴᠠ ᠳᠡᠭᠡᠭᠰᠢᠬᠢ | ᠲᠠᠷᠬᠠᠮᠠᠯ ᠮᠠᠶ᠋ᠢᠭ ᠤᠨ ᠰᠠᠯᠬᠢ ᠭᠡᠷᠡᠯ ᠤᠨ ᠬᠠᠷᠢᠯᠴᠠᠨ ᠨᠥᠬᠦᠪᠦᠷᠢᠯᠡᠬᠦ ᠪᠣᠬᠢᠷᠳᠤᠯ ᠦᠭᠡᠢ ᠴᠠᠬᠢᠯᠭᠠᠨ ᠢ ᠰᠢᠭᠤᠳ | ᠬᠠᠩᠭᠠᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠡᠨᠧᠷᠭᠢ ᠶᠢᠨ ᠱᠠᠲᠤᠯᠢᠭ ᠠᠰᠢᠭᠯᠠᠯᠲᠠ ᠶᠢ ᠴᠢᠩᠭᠠᠳᠬᠠᠨ᠂ | ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠲᠠᠷᠬᠠᠮᠠᠯ ᠮᠠᠶ᠋ᠢᠭ ᠤᠨ ᠡᠨᠧᠷᠭᠢ ᠶᠢᠨ ᠰᠢᠰᠲ᠋ᠧᠮ ᠢ ᠪᠠᠶᠢᠭᠤᠯᠤᠨ᠎ᠠ᠃ | | 2.ᠡᠨᠧᠷᠬᠢ ᠠᠷᠪᠢᠯᠠᠬᠤ ᠲᠠᠯᠳᠠ ᠬᠦᠴᠦᠨ ᠢ ᠭᠦᠨᠵᠡᠭᠡᠢ ᠠᠭᠤᠳᠠᠯᠯᠠᠨ᠎ᠠ᠃ ᠲᠤᠰᠬᠠᠢ ᠨᠠᠷᠢᠯᠢᠭ ᠣᠨᠴᠠ ᠰᠢᠨ᠎ᠡ᠂ | ᠮᠠᠰᠢᠨ ᠢᠶᠠᠷ ᠬᠥᠮᠥᠨ ᠰᠣᠯᠢᠬᠤ᠂ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ᠂ ᠮᠠᠰᠢᠨ ᠴᠠᠬᠢᠯᠭᠠᠨ ᠤ | ᠲᠥᠬᠦᠭᠡᠷᠦᠮᠵᠢ ᠶᠢᠨ ᠥᠭᠡᠷᠡᠴᠢᠯᠡᠯᠲᠡ ᠵᠡᠷᠭᠡ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠨᠧᠷᠭᠢ ᠶᠢᠨ ᠠᠰᠢᠭᠯᠠᠮᠵᠢ ᠨᠢ ᠪᠠᠷᠢᠮᠵᠢᠶ᠎ᠠ ᠳᠤ ᠬᠦᠷᠬᠦ | ᠦᠭᠡᠢ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠰᠢᠭᠰᠢᠭᠳᠡᠭᠦᠯᠵᠦ᠂ ᠬᠠᠶᠢᠯᠤᠰᠢ ᠶᠢᠨ ᠠᠵᠤ | ᠠᠬᠤᠶᠢᠯᠠᠯ ᠤᠨ ᠪᠦᠷᠢᠨ ᠪᠢᠲᠡᠭᠦᠮᠵᠢᠯᠡᠨ ᠥᠭᠡᠷᠡᠴᠢᠯᠡᠬᠦ᠂ ᠴᠠᠬᠢᠯᠭᠠᠨ ᠲᠦᠭᠡᠭᠡᠬᠦ ᠰᠢᠰᠲ᠋ᠧᠮ᠂ ᠴᠠᠬᠢᠯᠭᠠᠨ ᠮᠠᠰᠢᠨ ᠤ | ᠰᠢᠰᠲ᠋ᠧᠮ᠂ ᠬᠦᠴᠦᠳᠡᠯ ᠥᠭᠡᠷᠡᠴᠢᠯᠡᠭᠴᠢ ᠵᠡᠷᠭᠡ ᠨᠢᠭᠡ ᠪᠦᠯᠦᠭ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠤᠨ᠎ᠠ᠃ ᠤᠶᠤᠯᠢᠭ ᠴᠠᠬᠢᠯᠭᠠᠨ ᠬᠡᠷᠡᠭᠯᠡᠭᠦᠷ᠂ | ᠡᠨᠧᠷᠭᠢ ᠠᠷᠪᠢᠯᠠᠬᠤ ᠴᠠᠬᠢᠯᠭᠠᠨ ᠬᠡᠷᠡᠭᠯᠡᠭᠦᠷ ᠤᠨ ᠬᠡᠷᠡᠭᠯᠡᠯᠲᠡ ᠶᠢ ᠵᠣᠷᠢᠭᠵᠢᠭᠤᠯᠵᠤ᠂ ᠲᠠᠷᠬᠠᠮᠠᠯ ᠮᠠᠶ᠋ᠢᠭ ᠤᠨ ᠴᠠᠬᠢᠯᠭᠠᠨ | ᠡᠭᠦᠰᠬᠡᠭᠴᠢ ᠬᠢᠭᠡᠳ ᠤᠶᠤᠯᠢᠭ ᠴᠠᠬᠢᠯᠭᠠᠨ ᠲᠣᠣᠷ ᠤᠨ ᠪᠦᠲᠦᠮᠵᠢᠲᠡᠶ ᠪᠠᠷ ᠠᠭᠤᠰᠤᠯᠴᠠᠬᠤ ᠶᠢ ᠳᠡᠯᠭᠡᠷᠡᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠤᠨ ᠴᠠᠬᠢᠯᠭᠠᠨ ᠲᠦᠭᠡᠭᠡᠬᠦ ᠰᠢᠰᠲ᠋ᠧᠮ᠂ ᠴᠠᠬᠢᠯᠭᠠᠨ ᠮᠠᠰᠢᠨ ᠤ ᠰᠢᠰᠲ᠋ᠧᠮ᠂ ᠬᠦᠴᠦᠳᠡᠯ | ᠥᠭᠡᠷᠡᠴᠢᠯᠡᠭᠴᠢ ᠵᠡᠷᠭᠡ ᠪᠣᠶ ᠪᠦᠬᠦᠢ ᠬᠤᠴᠤᠷᠤᠩᠭᠤᠢ ᠮᠠᠰᠢᠨ ᠴᠠᠬᠢᠯᠭᠠᠨ ᠤ ᠲᠥᠬᠦᠭᠡᠷᠦᠮᠵᠢ ᠶᠢ ᠪᠦᠬᠦᠨ ᠢ | ᠰᠢᠭᠰᠢᠭᠳᠡᠭᠦᠯᠵᠦ᠂ ᠣᠶᠤᠨᠴᠢ᠂ ᠡᠨᠧᠷᠭᠢ ᠠᠷᠪᠢᠯᠠᠬᠤ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠤᠨ᠎ᠠ᠃ 3 ᠠᠴᠠ | ᠳᠡᠭᠡᠭᠰᠢ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠪᠣᠶᠢᠵᠢᠭᠤᠯᠤᠨ᠎ᠠ᠃ 2024 ᠣᠨ ᠳᠤ᠂ ᠠᠵᠤ | ᠦᠢᠯᠡᠳᠪᠦᠷᠢ ᠳᠤ ᠬᠡᠷᠡᠭᠯᠡᠬᠦ ᠤᠰᠤ ᠶᠢ ᠪᠦᠬᠦᠨ ᠢ ᠪᠢᠲᠡᠭᠦᠮᠵᠢᠯᠡᠭᠰᠡᠨ ᠬᠡᠯᠪᠡᠷᠢ ᠶᠢᠨ ᠡᠷᠭᠢᠯᠳᠦᠭᠦᠯᠦᠨ ᠬᠡᠷᠡᠭᠯᠡᠬᠦ ᠤᠰᠤ | ᠪᠣᠯᠭᠠᠨ ᠥᠭᠡᠷᠡᠴᠢᠯᠡᠵᠦ᠂ ᠪᠣᠶ ᠪᠦᠬᠦᠢ ᠬᠠᠶᠢᠯᠤᠰᠢ ᠶᠢᠨ ᠠᠵᠤ ᠠᠬᠤᠶᠢᠯᠠᠯ ᠤᠨ ᠰᠢᠭᠠᠷᠤ ᠶᠢ ᠪᠦᠬᠦᠨ ᠢ ᠬᠠᠭᠤᠷᠠᠢ | ᠰᠢᠭᠠᠷᠤ ᠪᠣᠯᠭᠠᠨ ᠥᠭᠡᠷᠡᠴᠢᠯᠡᠵᠦ᠂ ᠰᠢᠭᠠᠷᠤ ᠶᠢ ᠭᠠᠷᠭᠠᠵᠤ ᠲᠣᠭᠤᠰᠣ ᠬᠤᠷᠢᠶᠠᠬᠤ ᠲᠥᠬᠦᠭᠡᠷᠦᠮᠵᠢ ᠶᠢ ᠨᠡᠮᠡᠵᠦ | ᠤᠭᠰᠠᠷᠠᠪᠠ᠃ 2025 ᠣᠨ ᠪᠣᠯᠬᠤ ᠳᠤ᠂ ᠬᠠᠶᠢᠯᠤᠰᠢ ᠶᠢᠨ ᠠᠵᠤ ᠠᠬᠤᠶᠢᠯᠠᠯ ᠤᠨ ᠵᠤᠤᠬᠠᠨ ᠠᠴᠠ ᠭᠠᠷᠭᠠᠬᠤ | ᠠᠵᠢᠯ ᠤᠨ ᠳᠠᠷᠠᠭᠠᠯᠠᠯ ᠳᠤ ᠴᠥᠮ ᠮᠠᠰᠢᠨ ᠢᠶᠠᠷ ᠬᠥᠮᠥᠨ ᠰᠣᠯᠢᠬᠤ ᠶᠢ ᠪᠡᠶᠡᠯᠡᠭᠦᠯᠵᠦ᠂ ᠲᠤᠰᠬᠠᠢ ᠨᠠᠷᠢᠯᠢᠭ ᠣᠨᠴᠠ | ᠰᠢᠨ᠎ᠡ ᠠᠵᠤ ᠠᠬᠤᠶᠢᠯᠠᠯ ᠢ 5 ᠠᠴᠠ ᠳᠡᠭᠡᠭᠰᠢ ᠪᠣᠶᠢᠵᠢᠭᠤᠯᠤᠨ᠎ᠠ᠃ | 3. ᠪᠣᠬᠢᠷᠲᠤᠯ ᠦᠭᠡᠢ ᠪᠠᠷᠢᠯᠭ᠎ᠠ ᠶᠢ ᠳᠡᠯᠭᠡᠷᠡᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ | ᠥᠷᠨᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢ ᠳᠡᠯᠭᠡᠷᠡᠭᠦᠯᠵᠦ᠂ ᠬᠦᠷᠢᠶᠡᠯᠡᠩ ᠲᠣᠭᠤᠷᠢᠭ ᠤᠨ ᠰᠢᠨ᠎ᠡ ᠪᠠᠷ | ᠪᠠᠶᠢᠭᠤᠯᠤᠭᠰᠠᠨ ᠪᠣᠶ ᠪᠦᠬᠦᠢ ᠪᠠᠷᠢᠯᠭ᠎ᠠ ᠶᠢᠨ ᠲᠥᠷᠥᠯ ᠵᠦᠢᠯ ᠢ ᠡᠷᠬᠡᠪᠰᠢ ᠪᠣᠬᠢᠷᠲᠤᠯ ᠦᠭᠡᠢ ᠪᠠᠷᠢᠯᠭ᠎ᠠ ᠶᠢᠨ | ᠪᠠᠷᠢᠮᠵᠢᠶ᠎ᠠ ᠳᠤ ᠬᠦᠷᠦᠭᠦᠯᠬᠦ ᠶᠢᠨ ᠬᠠᠮᠲᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠪᠠ ᠵᠠᠰᠠᠭ ᠵᠠᠬᠢᠷᠭᠠᠨ | ᠵᠡᠷᠭᠡ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠳᠤ ᠪᠣᠬᠢᠷᠲᠤᠯ ᠦᠭᠡᠢ ᠥᠭᠡᠷᠡᠴᠢᠯᠡᠯᠲᠡ ᠬᠢᠬᠦ ᠶᠢ | ᠵᠣᠷᠢᠭᠵᠢᠭᠤᠯᠤᠨ᠎ᠠ᠃ ᠬᠤᠳᠠᠯᠳᠤᠭᠠᠨ ᠤ ᠪᠠᠷᠢᠯᠭ᠎ᠠ ᠪᠣᠯᠣᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠦᠵᠡᠮᠵᠢ ᠶᠢᠨ | ᠳ᠋ᠧᠩ᠂ ᠴᠠᠬᠢᠯᠭᠠᠨ ᠱᠠᠲᠤ᠂ ᠭᠡᠷᠡᠯᠲᠦᠭᠦᠯᠭᠡ᠂ ᠤᠰᠤᠨ ᠬᠥᠭᠡᠷᠭᠡ ᠵᠡᠷᠭᠡ ᠲᠥᠬᠦᠭᠡᠷᠦᠮᠵᠢ ᠶᠢᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠡᠨᠧᠷᠭᠢ ᠶᠢᠨ ᠠᠰᠢᠭᠯᠠᠮᠵᠢ ᠪᠠᠷ ᠥᠨᠳᠥᠷ | ᠲᠥᠬᠦᠭᠡᠷᠦᠮᠵᠢ ᠶᠢᠨ ᠬᠡᠷᠡᠭᠯᠡᠯᠲᠡ ᠶᠢ ᠵᠣᠷᠢᠭᠵᠢᠭᠤᠯᠤᠨ᠎ᠠ᠃ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ ᠪᠠ | ᠬᠤᠳᠠᠯᠳᠤᠭᠠᠨ ᠤ ᠲᠠᠯᠠᠪᠤᠷ ᠲᠤ ᠴᠢᠭᠯᠡᠭᠦᠯᠦᠨ᠂ ᠪᠢᠳᠡ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢ ᠬᠢᠨᠠᠨ | ᠪᠠᠶᠢᠴᠠᠭᠠᠬᠤ ᠪᠠ ᠭᠦᠢᠴᠡᠳᠬᠡᠯ ᠲᠤᠭ᠎ᠠ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠪᠠ᠃ ᠪᠠᠷᠢᠯᠭ᠎ᠠ ᠶᠢᠨ ᠡᠨᠧᠷᠭᠢ | ᠠᠷᠪᠢᠯᠠᠬᠤ ᠭᠡᠷᠡᠯᠲᠦᠭᠦᠯᠭᠡ᠂ ᠤᠰᠤ ᠠᠷᠪᠢᠯᠠᠬᠤ ᠪᠠᠭᠠᠵᠢ ᠬᠡᠷᠡᠭᠰᠡᠯ᠂ ᠨᠡᠷᠡᠨ ᠡᠨᠧᠷᠭᠢ ᠪᠣᠯᠣᠨ ᠠᠭᠠᠷ ᠤᠨ ᠰᠤᠷᠪᠤᠯᠵᠢ | ᠢᠯᠴᠢ ᠶᠢᠨ ᠬᠥᠭᠡᠷᠭᠡ ᠶᠢᠨ ᠤᠰᠤ ᠬᠠᠯᠠᠭᠠᠬᠤ ᠰᠢᠰᠲ᠋ᠧᠮ ᠵᠡᠷᠭᠡ ᠥᠨᠳᠥᠷ ᠦᠷ᠎ᠡ ᠠᠰᠢᠭ ᠲᠠᠢ ᠡᠨᠧᠷᠭᠢ ᠠᠷᠪᠢᠯᠠᠬᠤ | ᠮᠡᠷᠭᠡᠵᠢᠯ ᠬᠢᠭᠡᠳ ᠦᠢᠯᠡᠳᠬᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠳᠡᠯᠭᠡᠷᠡᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠬᠤᠲᠠ ᠪᠠᠯᠭᠠᠰᠤ ᠶᠢᠨ | ᠬᠠᠭᠤᠴᠢᠨ ᠵᠢᠵᠢᠭ ᠲᠣᠭᠤᠷᠢᠭ ᠪᠠ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃ 2024—2025 ᠣᠨ ᠳᠤ᠂ ᠬᠦᠷᠢᠶᠡᠯᠡᠩ | ᠲᠣᠭᠤᠷᠢᠭ ᠵᠢᠴᠢ ᠬᠤᠲᠠ ᠬᠥᠳᠡᠭᠡ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ | ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ᠂ ᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠣᠬᠢᠷᠲᠤᠯ ᠦᠭᠡᠢ ᠡᠨᠧᠷᠭᠢ ᠬᠠᠩᠭᠠᠬᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 50% ᠠᠴᠠ ᠳᠡᠭᠡᠭᠰᠢ ᠳᠤ ᠬᠦᠷᠦᠭᠦᠯᠵᠦ᠂ ᠴᠡᠪᠡᠷ ᠡᠨᠧᠷᠭᠢ | ᠬᠠᠩᠭᠠᠬᠤ ᠨᠣᠷᠮ᠎ᠠ ᠶᠢ 30% ᠳᠤ ᠬᠦᠷᠦᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠵᠢᠴᠢ | ᠬᠠᠭᠤᠴᠢᠨ ᠰᠠᠭᠤᠭᠠᠯᠢ ᠲᠣᠭᠤᠷᠢᠭ ᠤᠨ ᠳᠤᠯᠠᠭᠠᠨ ᠢ ᠬᠠᠮᠠᠭᠠᠯᠠᠬᠤ ᠥᠭᠡᠷᠡᠴᠢᠯᠡᠯᠲᠡ ᠶᠢ 90% ᠠᠴᠠ ᠳᠡᠭᠡᠭᠰᠢ ᠳᠤ | ᠬᠦᠷᠦᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ | ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ᠃ | ︵ᠭᠤᠷᠪᠠ︶ ᠲᠣᠭᠲᠠᠴᠠ ᠶᠢᠨ ᠰᠢᠨ᠎ᠡ ᠶᠢ ᠡᠭᠦᠳᠴᠦ᠂ ᠲᠠᠪᠴᠠᠩ ᠪᠠᠶᠢᠭᠤᠯᠤᠨ᠂ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠦᠭᠡᠢ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1. ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠦᠭᠡᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠲᠥᠷᠥᠯ ᠵᠦᠢᠯ ᠢ ᠬᠦᠷᠢᠶᠡᠯᠡᠩ ᠳᠤ ᠣᠷᠣᠭᠤᠯᠬᠤ | ᠠᠴᠠ ᠲᠥᠷᠥᠯ ᠵᠦᠢᠯ ᠢ ᠬᠡᠷᠡᠭᠵᠢᠭᠦᠯᠬᠦ ᠬᠦᠷᠲᠡᠯᠡᠬᠢ ᠪᠥᠬᠦ ᠶᠠᠪᠤᠴᠠ ᠶᠢᠨ ᠡᠨᠧᠷᠭᠢ ᠠᠷᠪᠢᠯᠠᠬᠤ ᠪᠠ | ᠨᠡᠭᠦᠷᠡᠰᠦᠲᠥ᠋ᠷᠥᠭᠴᠢ ᠦᠭᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠂ ᠲᠤᠬᠠᠶᠢᠯᠠᠪᠠᠯ ᠬᠦᠷᠢᠶᠡᠯᠡᠩ ᠳᠤ | ᠣᠷᠣᠭᠤᠯᠬᠤ ᠲᠥᠷᠥᠯ ᠵᠦᠢᠯ ᠤᠨ ᠡᠨᠧᠷᠭᠢ ᠶᠢ ᠦᠨᠡᠯᠡᠭᠰᠡᠨ ᠰᠠᠭᠤᠷᠢᠨ ᠳᠡᠭᠡᠷ᠎ᠡ᠂ ᠬᠦᠷᠢᠶᠡᠯᠡᠩ ᠳᠤ ᠣᠷᠣᠭᠤᠯᠬᠤ | ᠲᠥᠷᠥᠯ ᠵᠦᠢᠯ ᠢ ᠵᠢᠷᠤᠭᠯᠠᠨ ᠲᠥᠯᠥᠪᠯᠡᠬᠦ᠂ ᠬᠡᠷᠡᠭᠵᠢᠭᠦᠯᠬᠦ ᠪᠠ ᠰᠡᠭᠦᠯᠴᠢ ᠶᠢᠨ ᠬᠤᠭᠤᠴᠠᠭᠠᠨ ᠤ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠪᠤᠴᠠ ᠳᠤ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ ᠦᠭᠡᠢ | ᠪᠠᠶᠢᠬᠤ ᠶᠢ ᠦᠨᠡᠯᠡᠨ ᠵᠢᠱᠢᠬᠦ ᠪᠠ ᠳᠡᠭᠡᠭᠰᠢᠯᠡᠭᠦᠯᠦᠨ ᠬᠥᠲᠥᠯᠥᠨ ᠵᠢᠯᠤᠭᠤᠳᠴᠤ᠂ ᠪᠣᠬᠢᠷᠲᠤᠯ ᠦᠭᠡᠢ ᠦᠢᠯᠡᠳᠬᠦ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ | ᠦᠢᠯᠡᠳᠬᠦᠨ ᠪᠠ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠯᠭᠡᠷᠡᠭᠦᠯᠵᠦ᠂ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠪᠠᠶᠢᠴᠠᠭᠠᠨ ᠪᠦᠷᠢᠳᠬᠡᠬᠦ᠂ | ᠦᠢᠯᠡᠳᠬᠦᠨ ᠳᠤ ᠨᠡᠭᠦᠷᠡᠰᠦᠲᠥ᠋ᠷᠥᠭᠴᠢ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠡᠷᠡᠴᠢᠯᠡᠯ ᠬᠢᠬᠦ | ᠪᠠ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠦᠷᠢᠶᠡᠯᠡᠩ | ᠲᠣᠭᠤᠷᠢᠭ ᠤᠨ ᠥᠨᠳᠥᠷ ᠬᠢᠷᠢ ᠲᠦᠪᠰᠢᠨ ᠪᠦᠬᠦᠢ ᠡᠨᠧᠷᠭᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠲᠡᠮᠦᠷ ᠬᠠᠶᠢᠯᠤᠰᠢ ᠶᠢᠨ ᠠᠵᠤ ᠦᠢᠯᠡᠰ ᠲᠤ ᠬᠠᠨᠳᠤᠭᠤᠯᠤᠭᠰᠠᠨ ︽ | ᠡᠨᠧᠷᠭᠢ ᠶᠢᠨ ᠬᠤᠷᠣᠭᠳᠠᠯ ᠤᠨ ᠬᠡᠪ ᠳᠠᠭᠤᠷᠢᠶᠠᠯ︾ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠦᠢᠯᠡᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠪᠣᠬᠢᠷᠲᠤᠯ ᠦᠭᠡᠢ ᠦᠢᠯᠡᠳᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠱᠠᠭᠠᠷᠳᠠᠯᠭ᠎ᠠ ᠶᠢ ᠵᠣᠬᠢᠰᠲᠠᠢ ᠪᠠᠷ ᠳᠡᠭᠡᠭᠰᠢᠯᠡᠭᠦᠯᠦᠨ᠂ ᠡᠨᠧᠷᠭᠢ ᠠᠷᠪᠢᠯᠠᠵᠤ ᠣᠷᠴᠢᠨ | ᠠᠬᠤᠢ ᠶᠢ ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠶᠢᠨ ᠰᠤᠷᠪᠤᠯᠵᠢ᠂ ᠠᠮᠢ ᠠᠬᠤᠢ ᠶᠢᠨ | ᠣᠷᠴᠢᠨ ᠨᠥᠬᠦᠴᠡᠯ᠂ ᠪᠣᠬᠢᠷᠲᠤᠯ ᠦᠭᠡᠢ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠢ | ᠲᠦᠷᠭᠡᠪᠴᠢᠯᠡᠨ ᠬᠥᠭᠵᠢᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ 5 ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ | ᠪᠣᠬᠢᠷᠲᠤᠯ ᠦᠭᠡᠢ ᠦᠢᠯᠡᠳᠪᠦᠷᠢ ᠶᠢ 1 ᠶᠢ ᠪᠣᠶᠢᠵᠢᠭᠤᠯᠤᠨ᠎ᠠ᠃ 2024—2025 ᠣᠨ ᠳᠤ᠂ ᠬᠦᠷᠢᠶᠡᠯᠡᠩ | ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ 10 ᠠᠴᠠ | ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ 2 ᠠᠴᠠ ᠳᠡᠭᠡᠭᠰᠢ ᠳᠤ | ᠬᠦᠷᠦᠭᠦᠯᠦᠨ᠎ᠡ᠃ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠤᠯ ᠢ ᠪᠦᠬᠦᠨ ᠢ ᠤᠯᠤᠰ ᠤᠨ ᠲᠡᠷᠢᠭᠦᠨ ᠤ ᠬᠢᠷᠢ | ᠬᠡᠮᠵᠢᠶ᠎ᠡ ᠳᠤ ᠬᠦᠷᠦᠭᠦᠯᠵᠦ᠂ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ ᠠᠵᠤ ᠠᠬᠤᠶᠢᠯᠠᠯ ᠢ ᠠᠳᠠᠭ ᠲᠠᠭᠠᠨ | 3 ᠠᠴᠠ ᠳᠡᠭᠡᠭᠰᠢ ᠳᠤ ᠬᠦᠷᠦᠭᠦᠯᠦᠨ᠎ᠡ᠃ | 2. ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠳᠡᠭᠡ | ᠵᠠᠩᠭᠢ ᠶᠢᠨ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠡᠨᠧᠷᠭᠢ ᠶᠢᠨ ᠲᠤᠭ᠎ᠠ ᠪᠦᠷᠢᠳᠬᠡᠯ ᠪᠠ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠢᠯ ᠤᠨ ᠶᠡᠷᠦᠩᠬᠡᠶᠢᠯᠡᠭᠰᠡᠨ ᠡᠨᠧᠷᠬᠢ ᠵᠢᠨᠬᠤᠷᠣᠭᠳᠠᠭᠤᠯᠭᠠ ᠨᠢ 1000 ᠲᠣᠨ ᠪᠠᠷᠢᠮᠵᠢᠶᠠᠲᠤ | ᠨᠡᠭᠦᠷᠡᠰᠦ ᠶᠢ ᠳᠠᠪᠠᠭᠰᠠᠨ ᠠᠵᠤ ᠠᠬᠤᠶᠢᠯᠠᠯ ᠢ ᠪᠦᠬᠦᠨ ᠢ ᠡᠨᠧᠷᠬᠢ ᠶᠢᠨ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠤᠨ᠎ᠠ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠰᠦᠯᠵᠢᠶᠡᠨ | ᠳᠡᠭᠡᠷ᠎ᠡ ᠬᠢᠨᠠᠨ ᠬᠡᠮᠵᠢᠬᠦ ᠶᠢ ᠠᠬᠢᠭᠤᠯᠵᠤ᠂ ᠨᠢᠭᠡᠴᠡ ᠪᠠ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠭᠰᠡᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠨᠢᠭᠡᠴᠡ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠬᠡᠷᠡᠭᠯᠡᠭᠡ ᠪᠠ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠬᠡᠮᠵᠢᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢᠨ ︽ᠭᠤᠷᠪᠠ ᠶᠢ ᠨᠢᠭᠡ | ᠴᠣᠭᠴᠠᠵᠢᠭᠤᠯᠬᠤ︾ ᠣᠶᠤᠨᠴᠢᠯᠠᠭᠰᠠᠨ ᠬᠠᠮᠢᠶᠠᠷᠤᠯᠲᠠ ᠶᠢ ᠬᠠᠮᠢᠶᠠᠷᠤᠨ ᠡᠵᠡᠮᠳᠡᠵᠦ᠂ ᠲᠡᠭᠦᠨ ᠢ ᠠᠯᠬᠤᠮ | ᠠᠯᠬᠤᠮ ᠢᠶᠠᠷ ᠵᠠᠳᠠᠯᠬᠤ᠂ ᠪᠦᠷᠢᠳᠬᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠬᠠᠪᠰᠤᠷᠤᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠴᠢᠳᠠᠮᠵᠢ ᠲᠠᠢ ᠪᠣᠯᠭᠠᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠢᠭᠡᠳ ᠣᠷᠴᠢᠯ ᠠᠵᠤ ᠠᠬᠤᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠂ | ᠮᠡᠷᠭᠡᠵᠢᠯ ᠢ ᠳᠡᠯᠭᠡᠷᠡᠭᠦᠯᠦᠨ ᠰᠣᠯᠢᠯᠴᠠᠬᠤ᠂ ᠪᠣᠯᠪᠠᠰᠤᠷᠠᠭᠤᠯᠬᠤ᠂ ᠵᠥᠪᠯᠡᠯᠭᠡ ᠥᠭᠬᠦ᠂ ᠤᠬᠠᠭᠤᠯᠬᠤ ᠵᠡᠷᠭᠡ ᠲᠠᠯ᠎ᠠ ᠶᠢᠨ | ᠦᠢᠯᠡᠳᠦᠯ ᠢ ᠨᠡᠮᠡᠭᠳᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠴᠢᠯᠡᠭᠡᠨ ᠤ | ᠬᠦᠴᠦᠨ ᠢ ᠴᠢᠩᠭᠠᠷᠠᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ︽ᠠᠵᠤ ᠦᠢᠯᠡᠳᠪᠦᠷᠢᠵᠢᠯᠲᠡ᠂ | ᠮᠡᠳᠡᠭᠡ ᠵᠠᠩᠭᠢᠵᠢᠯᠲᠠ︾ ᠬᠤᠶᠠᠷ ᠢ ᠠᠭᠤᠰᠤᠯᠴᠠᠭᠤᠯᠬᠤ ᠶᠢ ᠦᠷᠭᠦᠯᠵᠢᠯᠡᠨ ᠠᠬᠢᠭᠤᠯᠵᠤ᠂ 3 ᠠᠴᠠ ᠳᠡᠭᠡᠭᠰᠢ | ᠣᠶᠤᠨᠲᠤ ᠦᠢᠯᠡᠳᠪᠦᠷᠢ ᠶᠢ ᠰᠢᠨ᠎ᠡ ᠪᠠᠷ ᠨᠡᠮᠡᠭᠳᠡᠭᠦᠯᠦᠨ᠎ᠡ᠃ 2024 ᠣᠨ ᠳᠤ᠂ ᠠᠵᠤ ᠦᠢᠯᠡᠳᠪᠦᠷᠢᠵᠢᠯᠲᠡ ᠪᠠ | ᠮᠡᠳᠡᠭᠡ ᠵᠠᠩᠭᠢᠵᠢᠯᠲᠠ ᠶᠢᠨ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ 5 ᠠᠴᠠ ᠳᠡᠭᠡᠭᠰᠢ ᠣᠶᠤᠨᠲᠤ | ᠦᠢᠯᠡᠳᠪᠦᠷᠢ ᠰᠢᠨ᠎ᠡ ᠪᠠᠷ ᠨᠡᠮᠡᠭᠳᠡᠨ᠎ᠡ᠃ 2025 ᠣᠨ ᠳᠤ᠂ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠪᠦᠬᠦᠨ ᠢᠶᠠᠷ ᠢᠶᠠᠨ ᠣᠶᠤᠨᠴᠢᠯᠠᠬᠤ ᠶᠢ ᠪᠡᠶᠡᠯᠡᠭᠦᠯᠵᠦ᠂ ᠲᠣᠭᠠᠴᠢᠯᠠᠭᠰᠠᠨ ᠡᠨᠧᠷᠭᠢ | ᠣᠯᠭᠤᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ | ᠠᠮᠤᠷ ᠲᠦᠪᠰᠢᠨ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠣᠶᠤᠨᠴᠢᠯᠠᠯᠲᠠ ᠶᠢ ᠪᠡᠶᠡᠯᠡᠭᠦᠯᠵᠦ᠂ ᠪᠦᠬᠦᠨ ᠢᠶᠠᠷ ᠢᠶᠠᠨ | ᠣᠶᠤᠨᠲᠤ ᠬᠦᠷᠢᠶᠡᠯᠡᠩ ᠲᠣᠭᠤᠷᠢᠭ ᠤᠨ ᠠᠷᠤ ᠲᠠᠪᠴᠠᠩ ᠳᠤ ᠣᠷᠣᠵᠤ᠂ ᠲᠤᠭ᠎ᠠ ᠪᠠᠷᠢᠮᠲᠠ ᠶᠢᠨ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠪᠤᠢ ᠪᠦᠬᠦᠢ ᠭᠤᠣᠯᠳᠠᠯᠭ᠎ᠠ ᠲᠠᠢ ᠡᠨᠧᠷᠬᠢ ᠬᠡᠷᠡᠭᠯᠡᠬᠦ | ᠨᠢᠭᠡᠴᠡ ᠪᠣᠯᠣᠨ ᠪᠤᠰᠤᠳ ᠶᠡᠷᠦᠩᠬᠡᠶᠢᠯᠡᠭᠰᠡᠨ ᠡᠨᠧᠷᠬᠢ ᠶᠢᠨ ᠬᠤᠷᠣᠭᠳᠠᠭᠤᠯᠭ᠎ᠠ ᠨᠢ 1000 ᠲᠣᠨ ᠪᠠᠷᠢᠮᠵᠢᠶᠠᠲᠤ | ᠨᠡᠭᠦᠷᠡᠰᠦ ᠠᠴᠠ ᠳᠡᠭᠡᠭᠰᠢᠬᠢ ᠠᠵᠤ ᠠᠬᠤᠶᠢᠯᠠᠯ ᠤᠳ ᠢ ᠴᠥᠮ ᠡᠨᠧᠷᠬᠢ ᠶᠢᠨ ᠬᠤᠷᠣᠭᠳᠠᠭᠤᠯᠭ᠎ᠠ ᠶᠢᠨ | ᠬᠠᠮᠢᠶᠠᠷᠤᠯᠲᠠ ᠶᠢᠨ ᠲᠥᠪ ᠪᠣᠯᠭᠠᠨ ᠪᠠᠶᠢᠭᠤᠯᠤᠨ᠎ᠠ᠃ | ︵ᠳᠥᠷᠪᠡ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠢᠵᠢ ᠪᠦᠷᠢᠳᠦᠭᠦᠯᠬᠦ ᠶᠢ ᠴᠢᠬᠤᠯᠠᠴᠢᠯᠠᠵᠤ᠂ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠪᠡᠯᠡᠳᠬᠡᠮᠵᠢ ᠶᠢ ᠪᠠᠬᠢᠵᠢᠭᠦᠯᠦᠨ᠎ᠡ | 1. ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠵᠠᠮ ᠬᠠᠷᠢᠯᠴᠠᠭᠠᠨ ᠤ | ᠰᠢᠰᠲ᠋ᠧᠮᠵᠢ ᠶᠢ ᠪᠠᠶᠢᠭᠤᠯᠤᠨ᠎ᠠ᠃ ᠪᠣᠬᠢᠷᠲᠤᠯ ᠦᠭᠡᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲᠡᠮᠵᠢ ᠶᠢᠨ | ᠳᠣᠣᠷᠠᠬᠢ ᠪᠦᠲᠦᠴᠡ ᠶᠢᠨ ᠴᠢᠨᠠᠷᠲᠠᠢ ᠪᠠᠷ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠬᠦᠷᠢᠶᠡᠨ ᠤ | ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠂ ᠪᠣᠬᠢᠷᠲᠤᠯ ᠦᠭᠡᠢ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ ᠴᠡᠪᠡᠷ ᠪᠣᠬᠢᠷᠳᠤᠯ ᠦᠭᠡᠢ | ᠴᠠᠬᠢᠯᠭᠠᠨ ᠬᠥᠳᠡᠯᠭᠡᠭᠦᠷᠲᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠶᠢ 20 ᠰᠢᠨ᠎ᠡ ᠪᠠᠷ ᠨᠡᠮᠡᠭᠳᠡᠭᠦᠯᠦᠨ᠎ᠡ | ᠃ 2024 ᠣᠨ ᠳᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠬᠡᠷᠡᠭᠵᠢᠭᠦᠯᠵᠦ᠂ ᠨᠢᠭᠡᠳᠦᠯᠲᠡᠢ ᠲᠣᠬᠢᠷᠠᠭᠤᠯᠤᠨ ᠬᠦᠷᠭᠡᠬᠦ᠂ ᠲᠥᠪᠯᠡᠷᠡᠭᠦᠯᠦᠨ ᠲᠣᠬᠢᠷᠠᠭᠤᠯᠤᠨ ᠬᠦᠷᠭᠡᠬᠦ᠂ ᠣᠯᠠᠨ | ᠨᠡᠶᠢᠲᠡ ᠶᠢᠨ ᠲᠣᠬᠢᠷᠠᠭᠤᠯᠤᠨ ᠬᠦᠷᠭᠡᠬᠦ ᠵᠡᠷᠭᠡ ᠠᠷᠪᠢᠯᠠᠨ ᠭᠠᠮᠨᠠᠬᠤ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠴᠡᠪᠡᠷ | ᠪᠣᠬᠢᠷᠳᠤᠯ ᠦᠭᠡᠢ ᠴᠠᠬᠢᠯᠭᠠᠨ ᠬᠥᠳᠡᠯᠭᠡᠭᠦᠷᠲᠦ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ 30 ᠰᠢᠨ᠎ᠡ ᠪᠠᠷ | ᠨᠡᠮᠡᠭᠳᠡᠭᠦᠯᠵᠦ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ 50 ᠰᠢᠨ᠎ᠡ ᠪᠠᠷ ᠨᠡᠮᠡᠭᠳᠡᠭᠦᠯᠵᠦ᠂ ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢ ᠪᠣᠬᠢᠷᠲᠤᠯ ᠦᠭᠡᠢ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2025 | ᠣᠨ ᠪᠣᠯᠬᠤ ᠳᠤ᠂ ᠴᠤᠯᠤ ᠴᠡᠪᠡᠷ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠵᠠᠮ ᠬᠠᠷᠢᠯᠴᠠᠭ᠎ᠠ ᠪᠠᠷ ᠭᠤᠣᠯ ᠴᠣᠭᠴᠠ | ᠪᠣᠯᠭᠠᠭᠰᠠᠨ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ᠂ | ᠬᠠᠮᠲᠤ ᠪᠠᠷ ᠡᠳ᠋ᠯᠡᠬᠦ ᠳᠤᠭᠤᠢ ᠲᠡᠷᠭᠡ ᠪᠠ ᠶᠠᠪᠠᠭᠠᠨ ᠶᠠᠪᠤᠬᠤ ᠵᠠᠮ ᠬᠠᠷᠢᠯᠴᠠᠭᠠᠨ ᠤ ᠰᠢᠰᠲ᠋ᠧᠮ ᠢᠶᠠᠷ ᠨᠥᠬᠦᠪᠦᠷᠢ | ᠪᠣᠯᠭᠠᠭᠰᠠᠨ ᠰᠢᠨ᠎ᠡ ᠬᠡᠯᠪᠡᠷᠢ ᠶᠢᠨ ᠵᠠᠮ ᠬᠠᠷᠢᠯᠴᠠᠭᠠᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠪᠦᠬᠦ ᠰᠢᠶᠠᠨ ᠤ | ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠲᠡᠷᠭᠡᠨ ᠤ ᠬᠤᠪᠢ ᠶᠢᠨ ᠵᠢᠩ ᠢ ᠴᠠᠬᠢᠯᠭᠠᠨ ᠴᠡᠨᠡᠭᠯᠡᠬᠦ 10 ᠦᠷᠳᠡᠭᠡ ᠪᠣᠯᠭᠠᠨ ᠳᠡᠯᠭᠡᠷᠡᠭᠦᠯᠦᠨ ᠪᠠᠶᠢᠭᠤᠯᠵᠤ᠂ | ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠲᠤᠬᠠᠢ ᠤᠯᠤᠰ ᠤᠨ ᠲᠦᠷᠦ ᠶᠢᠨ ᠪᠣᠳᠣᠯᠭ᠎ᠠ ᠶᠢ ᠤᠬᠠᠭᠤᠯᠵᠤ᠂ | ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠤᠳᠠᠯᠳᠤᠨ ᠠᠪᠬᠤ ᠶᠢ ᠵᠣᠷᠢᠭᠵᠢᠭᠤᠯᠤᠨ | ᠬᠥᠲᠥᠯᠥᠨ ᠵᠢᠯᠣᠭᠤᠳᠤᠨ᠎ᠠ᠃ | 2. ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠪᠠ ᠰᠢᠢᠳᠪᠦᠷᠢᠯᠡᠬᠦ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠤᠲᠠ ᠶᠢᠨ ᠲᠣᠭᠤᠷᠢᠭ ᠵᠢᠴᠢ ᠬᠦᠷᠢᠶᠡᠯᠡᠩ ᠲᠣᠭᠤᠷᠢᠭ ᠲᠤ᠂ ︽ᠲᠥᠷᠥᠯ ᠬᠤᠪᠢᠶᠠᠨ | ᠲᠠᠯᠪᠢᠬᠤ—ᠲᠥᠷᠥᠯ ᠬᠤᠪᠢᠶᠠᠨ ᠴᠤᠭᠯᠠᠭᠤᠯᠬᠤ—ᠲᠥᠷᠥᠯ ᠬᠤᠪᠢᠶᠠᠨ ᠲᠡᠭᠡᠭᠡᠪᠦᠷᠢᠯᠡᠬᠦ—ᠲᠥᠷᠥᠯ ᠬᠤᠪᠢᠶᠠᠨ | ᠰᠢᠢᠳᠪᠦᠷᠢᠯᠡᠬᠦ︾ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮᠵᠢ ᠶᠢ ᠠᠯᠬᠤᠮ | ᠠᠯᠬᠤᠮ ᠢᠶᠠᠷ ᠬᠡᠷᠡᠭᠵᠢᠭᠦᠯᠦᠨ᠎ᠡ᠃ ᠢᠯᠭᠠᠬᠤ ᠴᠢᠳᠠᠮᠵᠢ ᠲᠠᠢ ᠬᠤᠭ ᠨᠣᠪᠰᠢ ᠳᠠᠮᠵᠢᠭᠤᠯᠬᠤ ᠥᠷᠲᠡᠭᠡ ᠶᠢ ᠪᠠᠶᠢᠭᠤᠯᠵᠤ | ᠂ ᠠᠵᠢᠯᠯᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠳᠡᠭᠡᠳᠦ ᠱᠠᠲᠤᠨ ᠤ ᠪᠡᠯᠡ | ᠮᠥᠩᠭᠦ ᠶᠢ ᠴᠢᠷᠮᠠᠶᠢᠨ ᠣᠯᠵᠤ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ | ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠨ | ᠬᠠᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ 2025 ᠣᠨ ᠪᠣᠯᠬᠤ ᠳᠤ᠂ ᠪᠣᠬᠢᠷᠲᠤᠯ ᠦᠭᠡᠢ | ᠬᠤᠭ ᠨᠣᠪᠰᠢ ᠶᠢ ᠳᠠᠬᠢᠨ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠪᠠᠶᠢᠭᠤᠯᠤᠨ᠎ᠠ᠃ | 3. ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠸᠠᠳᠧ | ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠭᠠᠷ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠪᠠᠷᠢᠮᠵᠢᠶ᠎ᠠ ᠳᠤ ᠬᠦᠷᠭᠡᠬᠦ ᠲᠥᠰᠥᠯ ᠵᠡᠷᠭᠡ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ | ᠲᠣᠭᠲᠠᠭᠠᠬᠤ ᠪᠠ ᠬᠡᠷᠡᠭᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠨ᠂ ᠭᠠᠳᠠᠨ᠎ᠠ ᠠᠴᠠ | ᠢᠷᠡᠯᠲᠡ ᠲᠠᠢ ᠪᠣᠬᠢᠷᠲᠤᠯ ᠢ ᠬᠠᠰᠢᠬᠤ᠂ ᠳᠣᠲᠣᠭᠠᠳᠤ ᠢᠷᠡᠯᠲᠡ ᠲᠠᠢ ᠪᠣᠬᠢᠷᠲᠤᠯ ᠢ ᠵᠠᠰᠠᠬᠤ ᠪᠠ ᠠᠮᠢ ᠠᠬᠤᠢ ᠶᠢ | ᠰᠡᠷᠭᠦᠭᠡᠬᠦ ᠪᠠ ᠠᠮᠢ ᠠᠬᠤᠢ ᠶᠢ ᠬᠠᠮᠢᠶᠠᠷᠬᠤ ᠵᠡᠷᠭᠡ ᠢᠨᠵᠧᠨᠧᠷᠢᠩ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠭᠤᠣᠯ ᠪᠣᠯᠬᠤ ᠤᠰᠤᠨ ᠴᠣᠭᠴᠠ᠂ ᠢᠯᠠᠩᠭᠤᠶ᠎ᠠ ᠳ᠋ᠦᠩ ᠬᠤ᠋ | ᠴᠡᠴᠡᠷᠯᠢᠭ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠬᠦᠷᠢᠶᠡᠯᠡᠩ ᠲᠣᠭᠤᠷᠢᠭ ᠤᠨ | ᠠᠭᠠᠷ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠳᠤ ᠬᠦᠷᠭᠡᠬᠦ ᠵᠡᠷᠭᠡ ᠬᠠᠮᠢᠶ᠎ᠠ ᠪᠦᠬᠦᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ 2024—2025 ᠣᠨ ᠳᠤ᠂ ᠬᠦᠷᠢᠶᠡᠯᠡᠩ | ᠲᠣᠭᠤᠷᠢᠭ ᠤᠨ ᠠᠭᠠᠷ᠂ ᠤᠰᠤᠨ ᠤ ᠪᠣᠬᠢᠷᠲᠤᠯ ᠵᠡᠷᠭᠡ ᠶᠢ ᠪᠦᠬᠦᠨ ᠢ ᠪᠦᠲᠦᠮᠵᠢᠲᠡᠶ ᠵᠠᠰᠠᠵᠤ᠂ ᠳᠤᠮᠳᠠᠬᠢ ᠤᠰᠤᠨ ᠤ | ᠴᠢᠨᠠᠷ ᠢ ᠬᠠᠮᠢᠶ᠎ᠠ ᠪᠦᠬᠦᠢ ᠪᠠᠷᠢᠮᠵᠢᠶ᠎ᠠ ᠳᠤ ᠬᠦᠷᠦᠭᠦᠯᠵᠦ᠂ ᠠᠰᠢᠭᠯᠠᠯᠲᠠ ᠶᠢᠨ ᠨᠣᠷᠮ᠎ᠠ ᠶᠢ 100% ᠳᠤ | ᠬᠦᠷᠦᠭᠦᠯᠦᠨ᠎ᠡ᠃ | 4. ᠨᠣᠭᠤᠭᠠᠷᠠᠭᠤᠯᠤᠯᠲᠠ ᠶᠢᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ | ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠪᠠᠷ ᠴᠢᠩᠭ᠎ᠠ ᠤᠷᠭᠤᠮᠠᠯ ᠢ ᠲᠠᠷᠢᠵᠤ᠂ ᠨᠣᠭᠤᠭᠠᠨ ᠬᠥᠷᠥᠰᠥ ᠶᠢᠨ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠰᠠᠶᠢᠵᠢᠷᠠᠭᠤᠯᠤᠨ᠎ᠠ᠃ ᠬᠦᠷᠢᠶᠡᠯᠡᠩ ᠲᠣᠭᠤᠷᠢᠭ ᠪᠠ | ᠠᠵᠤ ᠠᠬᠤᠶᠢᠯᠠᠯ ᠤᠨ ᠴᠡᠴᠡᠷᠯᠢᠭ ᠤᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠰᠠᠶᠢᠵᠢᠷᠠᠭᠤᠯᠵᠤ᠂ | ᠤᠯᠠᠮᠵᠢᠯᠠᠯᠲᠤ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠮᠢ ᠠᠬᠤᠢ ᠶᠢᠨ ᠬᠠᠮᠢᠶᠠᠷᠤᠯᠲᠠ ᠶᠢᠨ ᠠᠷᠭ᠎ᠠ | ᠮᠠᠶ᠋ᠢᠭ ᠪᠣᠯᠭᠠᠨ ᠥᠭᠡᠷᠡᠴᠢᠯᠡᠵᠦ᠂ ᠵᠣᠷᠢᠭᠤᠳᠠ ᠬᠠᠷᠰᠢᠯᠠᠬᠤ ᠪᠠ ᠬᠤᠶᠠᠳᠠᠭᠢ ᠤᠳᠠᠭᠠᠨ ᠤ ᠪᠣᠬᠢᠷᠲᠤᠯ ᠢ ᠪᠠᠭᠠᠰᠬᠠᠨ᠂ | ᠬᠥᠮᠥᠨ ᠤ ᠬᠦᠴᠦᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠮᠢ ᠠᠬᠤᠢ ᠶᠢᠨ ᠦᠢᠯᠡᠳᠦᠯ ᠢ | ᠴᠢᠩᠭᠠᠷᠠᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ᠄ 2025 ᠣᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠣᠯᠠᠨ | ᠨᠡᠶᠢᠲᠡ ᠶᠢᠨ ᠲᠠᠯᠠᠪᠠᠶ ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢ 30% ᠳᠤ ᠬᠦᠷᠦᠭᠦᠯᠵᠦ᠂ ᠦᠢᠯᠡᠳᠪᠦᠷᠢ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ ᠶᠢ 20% ᠳᠤ ᠬᠦᠷᠦᠭᠦᠯᠦᠨ᠎ᠡ᠃ | ︵ᠲᠠᠪᠤ︶ ᠣᠷᠴᠢᠯᠳᠤᠭᠤᠯᠤᠨ ᠥᠭᠡᠷᠡᠴᠢᠯᠡᠬᠦ᠂ ᠠᠷᠢᠭᠤᠨ ᠴᠡᠪᠡᠷ ᠦᠢᠯᠡᠳᠪᠦᠷᠢᠯᠡᠬᠦ᠂ ᠬᠦᠷᠢᠶᠡᠯᠡᠩ | ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ | 1. ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠪᠠᠷ | ᠭᠠᠷᠳᠠᠴᠠ ᠪᠣᠯᠭᠠᠨ᠂ ᠣᠷᠴᠢᠯ ᠠᠵᠤ ᠠᠬᠤᠢ ᠶᠢ ᠬᠥᠭᠵᠢᠭᠦᠯᠦᠨ᠎ᠡ᠃ ᠣᠷᠴᠢᠯ ᠠᠵᠤ ᠠᠬᠤᠢ ᠶᠢ ᠬᠥᠭᠵᠢᠭᠦᠯᠬᠦ ᠪᠣᠯ | ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠴᠢᠨ ᠠᠬᠤᠢ ᠶᠢ ᠬᠠᠮᠠᠭᠠᠯᠠᠬᠤ ᠴᠢᠬᠤᠯᠠ ᠠᠷᠭ᠎ᠠ ᠵᠠᠮ ᠮᠥᠨ᠂ ᠲᠡᠷᠡ ᠨᠢ ᠡᠬᠢ | ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠪᠣᠬᠢᠷᠲᠤᠯ ᠪᠣᠳᠠᠰ ᠤᠨ ᠡᠭᠦᠰᠬᠦ ᠶᠢ ᠡᠬᠢ | ᠰᠤᠷᠪᠤᠯᠵᠢ ᠠᠴᠠ ᠨᠢ ᠪᠠᠭᠠᠰᠬᠠᠵᠤ ᠪᠣᠯᠣᠨ᠎ᠠ᠃ ᠡᠭᠦᠨ ᠤ ᠬᠠᠮᠲᠤ ᠤᠢᠢᠯᠡᠳᠬ᠋ᠡᠭᠦᠨ ᠤ ᠥᠪᠡᠷ ᠤᠨ ᠦᠷᠳᠡᠭ ᠢ | ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠷᠢᠰᠦᠯᠳᠦᠬᠦ | ᠴᠢᠳᠠᠪᠤᠷᠢ ᠶᠢ ᠨᠡᠮᠡᠭᠳᠡᠭᠦᠯᠵᠦ ᠪᠣᠯᠣᠨ᠎ᠠ᠃ ᠤᠯᠠᠭᠠᠨᠴᠠᠪ ᠬᠤᠲᠠ ᠶᠢᠨ ᠳᠤᠷᠠᠳᠤᠭᠰᠠᠨ ︽ᠭᠤᠷᠪᠠᠨ ᠨᠢᠭᠡ ᠪᠦᠯᠦᠭ︾ | ︽ᠲᠠᠪᠤᠵᠢᠭᠤᠯᠬᠤ ᠥᠭᠡᠷᠡᠴᠢᠯᠡᠯᠲᠡ︾ ᠶᠢᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠪᠥᠭᠡᠮᠨᠡᠷᠡᠯ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠠᠵᠤ | ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠠᠴᠠ ᠭᠠᠷᠳᠠᠵᠤ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠡᠨᠧᠷᠭᠢ | ᠪᠣᠯᠭᠠᠨ ᠬᠤᠪᠢᠷᠠᠭᠤᠯᠵᠤ᠂ ᠮᠠᠲ᠋ᠧᠷᠢᠶᠠᠯ ᠪᠠ ᠦᠢᠯᠡᠳᠬᠦᠨ ᠢ ᠤᠷᠴᠢᠯᠵᠢᠭᠤᠯᠤᠨ ᠠᠰᠢᠭᠯᠠᠬᠤ ᠶᠢ ᠪᠡᠶᠡᠯᠡᠭᠦᠯᠦᠨ ᠡᠬᠢ | ᠪᠠᠶᠠᠯᠢᠭ ᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠪᠦᠲᠦᠮᠵᠢᠲᠡᠶ ᠪᠠᠭᠠᠰᠬᠠᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ 2023 ᠣᠨ ᠳᠤ᠂ ᠬᠦᠶ ᠺᠠᠩ ᠮᠧᠩ ᠳ᠋ᠡ | ᠲᠢᠲ᠋ᠠᠨ ᠤ ᠦᠢᠯᠡᠰ᠂ ᠳ᠋ᠠ ᠲᠠᠩ ᠤᠨ ᠯᠦᠩ ᠳ᠋ᠧ ᠺᠣᠮᠫᠠᠨᠢ ᠶᠢᠨ ᠦᠯᠡᠳᠡᠪᠦᠷᠢ ᠢᠯᠴᠢ ᠦᠯᠡᠳᠡᠪᠦᠷᠢ ᠬᠡᠢ ᠪᠠᠷ | ᠴᠠᠬᠢᠯᠭᠠᠨ ᠭᠠᠷᠭᠠᠬᠤ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ | ᠦᠯᠡᠳᠡᠭᠳᠡᠯ ᠢᠯᠴᠢ ᠦᠯᠡᠳᠡᠭᠳᠡᠯ ᠬᠡᠢ ᠶᠢ ᠶᠡᠷᠦᠩᠬᠡᠶᠢᠯᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠠᠵᠤ | ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ 2024—2025 | ᠣᠨ ᠳᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠨᠠᠷᠢᠯᠢᠭ ᠭᠦᠨᠵᠡᠭᠡᠢ ᠡᠳ᠋ᠰᠢᠭᠦᠯᠬᠦ ᠳᠠᠰᠢ ᠬᠥᠭᠵᠢᠭᠦᠯᠬᠦ ᠶᠢ | ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ | 2. ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠠᠬᠢᠭᠤᠯᠤᠨ᠎ᠠ᠃ ᠪᠦᠬᠦ | ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ ᠶᠢ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠢ | ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠠᠷᠢᠭᠤᠨ ᠴᠡᠪᠡᠷ ᠦᠢᠯᠡᠳᠪᠦᠷᠢᠯᠡᠯ ᠢ ᠪᠥᠬᠦ ᠲᠠᠯ᠎ᠠ ᠪᠠᠷ ᠲᠦᠯᠬᠢᠨ | ᠠᠬᠢᠭᠤᠯᠵᠤ᠂ ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠤᠨ ᠠᠵᠢᠯ ᠲᠥᠷᠥᠯ ᠤᠨ ᠪᠠᠷᠢᠮᠵᠢᠶ᠎ᠠ ᠳᠤ ᠥᠯᠥ | ᠭᠦᠷᠦᠭᠰᠡᠨ ᠭᠠᠷ ᠤᠷᠠᠯᠠᠯ ᠤᠨ ᠮᠡᠷᠭᠡᠵᠢᠯ ᠳᠤ ᠪᠥᠬᠦ ᠶᠠᠪᠤᠴᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ | ᠬᠡᠷᠡᠭᠵᠢᠭᠦᠯᠵᠦ᠂ ᠦᠢᠯᠡᠳᠬᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠪᠣᠬᠢᠷᠲᠤᠯ ᠦᠭᠡᠢ | ᠬᠦᠷᠢᠶᠡᠯᠡᠩ ᠤᠨ ᠬᠠᠶᠢᠯᠤᠰᠢ ᠶᠢᠨ ᠠᠵᠤ ᠠᠬᠤᠶᠢᠯᠠᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠲᠣᠭᠲᠠᠴᠠ ᠶᠢ | ᠪᠠᠶᠢᠭᠤᠯᠵᠤ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠦᠷᠭᠦᠯᠵᠢᠯᠡᠨ ᠥᠷᠨᠢᠭᠦᠯᠬᠦ ᠪᠠᠷ | ᠳᠡᠮᠵᠢᠨ᠂ ᠭᠤᠣᠯᠳᠠᠯᠭ᠎ᠠ ᠲᠠᠢ ᠠᠵᠢᠯ ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠠᠵᠢᠯ ᠢ ᠬᠦᠴᠦᠲᠡᠢ | ᠠᠬᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠄ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ᠂ ᠵᠣᠬᠢᠬᠤ ᠬᠡᠪᠴᠢᠶᠡᠨ ᠳᠤ ᠬᠦᠷᠦᠭᠰᠡᠨ ᠰᠢᠨ᠎ᠡ ᠪᠠᠷ ᠪᠠᠶᠢᠭᠤᠯᠬᠤ | ᠦᠢᠯᠡᠳᠬᠦ ᠦᠢᠯᠡᠰ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ 2 ᠵᠢᠯ ᠤᠨ ᠳᠣᠲᠣᠷ᠎ᠠ ᠠᠷᠢᠭᠤᠨ | ᠴᠡᠪᠡᠷ ᠦᠢᠯᠡᠳᠪᠦᠷᠢᠯᠡᠯ ᠢ ᠬᠡᠷᠡᠭᠵᠢᠭᠦᠯᠬᠦ ᠶᠢ ᠱᠠᠭᠠᠷᠳᠠᠨ᠎ᠠ᠃ 2 ᠵᠢᠯ ᠤᠨ ᠳᠣᠲᠣᠷ᠎ᠠ ᠠᠷᠢᠭᠤᠨ ᠴᠡᠪᠡᠷ | ᠦᠢᠯᠡᠳᠪᠦᠷᠢᠯᠡᠯ ᠢ ᠬᠡᠷᠡᠭᠵᠢᠭᠦᠯᠦᠨ᠎ᠡ᠃ 2025 ᠣᠨ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ | ᠲᠣᠭᠲᠠᠭᠠᠭᠰᠠᠨ ᠠᠵᠤ ᠠᠬᠤᠶᠢᠯᠠᠯ ᠤᠳ 100% ᠤᠨ ᠠᠷᠢᠭᠤᠨ ᠴᠡᠪᠡᠷ ᠦᠢᠯᠡᠳᠪᠦᠷᠢᠯᠡᠯ ᠢ ᠦᠷᠨᠢᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠠᠵᠢᠯ ᠤᠨ ᠵᠢᠯᠤᠭᠤᠳᠬᠤ ᠭᠠᠵᠠᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠠᠷᠤᠭ᠎ᠠ ᠪᠠᠷ ᠵᠢᠯᠤᠭᠤᠳᠬᠤ | ᠳᠠᠷᠤᠭ᠎ᠠ ᠪᠣᠯᠭᠠᠭᠰᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠪᠣᠯᠭᠠᠭᠰᠠᠨ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠬᠥᠮᠥᠰ ᠢᠶᠠᠷ ᠳᠡᠳ᠋ ᠵᠢᠯᠤᠭᠤᠳᠬᠤ ᠳᠠᠷᠤᠭ᠎ᠠ ᠪᠣᠯᠭᠠᠭᠰᠠᠨ | ᠵᠢᠯᠤᠭᠤᠳᠬᠤ ᠰᠢᠰᠲ᠋ᠧᠮᠵᠢ ᠶᠢ ᠪᠠᠶᠢᠭᠤᠯᠵᠤ᠂ ᠵᠢᠯᠤᠭᠤᠳᠬᠤ ᠭᠠᠵᠠᠷ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠷ | ᠡᠭᠦᠷᠭᠡᠯᠡᠭᠦᠯᠵᠦ᠂ ᠳᠡᠳ᠋ ᠡᠷᠬᠢᠯᠡᠭᠴᠢ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠣᠩᠭᠤᠨ ᠰᠢᠯᠵᠢᠭᠦᠯᠵᠦ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠬᠦᠷᠢᠶᠡᠯᠡᠩ ᠲᠣᠭᠤᠷᠢᠭ ᠤᠨ ᠠᠵᠢᠯ ᠤᠨ ᠵᠢᠯᠤᠭᠤᠳᠬᠤ ᠭᠠᠵᠠᠷ ᠤᠨ | ᠪᠣᠳᠠᠲᠠᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠃ ᠡᠭᠦᠨ ᠤ ᠬᠠᠮᠲᠤ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ | ᠬᠠᠮᠵᠢᠯᠴᠠᠬᠤ᠂ ᠬᠠᠷᠢᠯᠴᠠᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠨᠡᠶᠢᠯᠡᠮᠡᠯ | ᠬᠦᠴᠦᠨ ᠢ ᠪᠦᠷᠢᠯᠳᠦᠭᠦᠯᠦᠨ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠬᠠᠮᠲᠤᠪᠠᠷ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ | ︵ᠬᠤᠶᠠᠷ︶ ᠪᠡᠯᠡ ᠮᠥᠩᠭᠦ ᠪᠠᠷ ᠲᠡᠳᠬᠦᠬᠦ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠢᠭ᠋ ᠤᠨ ᠬᠥᠭᠵᠢᠯᠲᠡ ᠶᠢᠨ ᠲᠤᠰᠬᠠᠢ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ ᠨᠡᠭᠦᠷᠡᠰᠦᠲᠥ᠋ᠷᠥᠭᠴᠢ ᠮᠥᠩᠭᠦᠨ | ᠭᠦᠢᠯᠭᠡᠭᠡᠨ ᠤ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠵᠦᠢ ᠶᠣᠰᠣᠨ ᠤ ᠢᠲᠡᠭᠡᠮᠵᠢᠲᠦ ᠵᠢᠭᠡᠯᠡᠯᠭᠡ᠂ ᠵᠦᠢ | ᠶᠣᠰᠣᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠣᠰᠣᠨ ᠤ ᠰᠠᠭᠤᠷᠢ ᠮᠥᠩᠭᠦ᠂ ᠵᠦᠢ ᠶᠣᠰᠣᠨ ᠤ ᠳᠠᠭᠠᠳᠬᠠᠯ ᠵᠡᠷᠭᠡ | ᠡᠯ᠎ᠡ ᠲᠥᠷᠥᠯ ᠤᠨ ᠵᠦᠢ ᠶᠣᠰᠣᠨ ᠤ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠨᠡᠭᠡᠭᠡᠨ ᠬᠥᠭᠵᠢᠭᠦᠯᠦᠨ᠎ᠡ᠃ | | ︵ᠭᠤᠷᠪᠠ︶ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ | ᠵᠢᠭᠰᠠᠭᠠᠯ ᠤᠨ ᠭᠠᠵᠠᠷ ᠪᠣᠯᠭᠠᠬᠤ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ᠂ ᠬᠦᠴᠦᠨ ᠵᠦᠢᠯ ᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠳᠠᠰᠢ ᠬᠡᠯᠪᠡᠶᠢᠯᠭᠡᠨ᠎ᠡ᠃ | ︵ᠳᠥᠷᠪᠡ︶ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢ ᠦᠨᠡᠯᠡᠨ ᠵᠢᠱᠢᠬᠦ ᠶᠢ ᠴᠢᠩᠭᠠᠷᠠᠭᠤᠯᠤᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠤᠯ ᠤᠨ | ᠬᠦᠴᠦᠯᠡᠴᠡ ᠶᠢᠨ ᠪᠠᠷᠢᠮᠵᠢᠶ᠎ᠠ ᠬᠡᠮᠵᠢᠭᠳᠡᠯ ᠢ ᠵᠦᠢ ᠵᠣᠬᠢᠰᠲᠠᠢ ᠲᠣᠬᠢᠷᠠᠭᠤᠯᠤᠨ᠂ ᠡᠨᠧᠷᠭᠢ ᠶᠢᠨ ᠬᠤᠷᠣᠭᠳᠠᠭᠤᠯᠤᠯ ᠢᠶᠠᠷ | ᠪᠠᠭ᠎ᠠ᠂ ᠨᠡᠮᠡᠯᠲᠡ ᠥᠷᠲᠡᠭ ᠶᠡᠬᠡᠲᠡᠢ ᠴᠢᠨᠠᠷ ᠰᠠᠶᠢᠲᠠᠢ ᠲᠥᠷᠥᠯ ᠵᠦᠢᠯ ᠳᠤ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠰᠠᠭᠠᠳ ᠦᠭᠡᠢ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ ᠡᠨᠧᠷᠭᠢ ᠬᠡᠷᠡᠭᠯᠡᠬᠦ ᠲᠥᠰᠥᠪ ᠤᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠲᠥᠷᠥᠯ ᠵᠦᠢᠯ ᠤᠨ | ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ ᠂ ᠡᠨᠧᠷᠭᠢ ᠬᠡᠷᠡᠭᠯᠡᠬᠦ | ᠲᠥᠰᠥᠪ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠡᠨᠧᠷᠭᠢ ᠶᠡᠭᠡ ᠬᠤᠷᠣᠭᠳᠠᠭᠤᠯᠬᠤ | ᠲᠥᠷᠥᠯ ᠵᠦᠢᠯ ᠢ ᠪᠦᠬᠦᠨ ᠢ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠳᠤ ᠣᠷᠣᠭᠤᠯᠵᠤ᠂ ᠤᠷᠢᠳᠠᠪᠠᠷ | ᠡᠨᠧᠷᠭᠢ ᠬᠡᠷᠡᠭᠯᠡᠬᠦ ᠬᠦᠴᠦᠨ ᠵᠦᠢᠯ ᠢ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠳᠠᠰᠢ ᠬᠡᠯᠪᠡᠶᠢᠯᠭᠡᠨ᠎ᠡ᠃ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠡᠨᠧᠷᠭᠢ ᠠᠷᠪᠢᠯᠠᠬᠤ ᠶᠢ | ᠬᠢᠨᠠᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠩᠭᠤ ᠶᠢᠨ ᠬᠢᠨᠠᠨ ᠪᠠᠶᠢᠴᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠰᠢᠯᠢᠳᠡᠭᠵᠢᠭᠦᠯᠦᠨ᠎ᠡ᠃ | ︵ᠲᠠᠪᠤ︶ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ | ᠲᠣᠭᠠᠴᠠᠭ᠎ᠠ ᠬᠢᠬᠦ᠂ ᠰᠢᠯᠭᠠᠨ ᠬᠢᠨᠠᠵᠤ ᠦᠨᠡᠯᠡᠨ ᠵᠢᠱᠢᠬᠦ᠂ ᠵᠠᠭᠤᠴᠢᠯᠠᠭᠤᠷ ᠢᠶᠠᠷ ᠤᠬᠠᠭᠤᠯᠬᠤ᠂ ᠪᠠᠶᠢᠯᠳᠤᠬᠤ | ᠪᠣᠳᠣᠯᠭ᠎ᠠ ᠬᠢᠭᠡᠳ ᠲᠥᠷᠥ ᠶᠢᠨ ᠪᠣᠳᠣᠯᠭ᠎ᠠ ᠵᠡᠷᠭᠡ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠠᠯᠪᠠᠨ ᠭᠡᠷ ᠤᠨ | ᠴᠢᠳᠠᠪᠤᠷᠢᠲᠠᠨ ᠢ ᠲᠡᠭᠦᠯᠳᠡᠷᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ | ᠦᠭᠡᠢ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠬᠦᠴᠦᠯᠡᠨ ᠥᠷᠨᠢᠭᠦᠯᠵᠦ᠂ ᠲᠤᠰᠬᠠᠢ ᠮᠡᠷᠭᠡᠵᠢᠯ ᠤᠨ ᠬᠡᠪ | ᠪᠣᠯᠪᠠᠰᠤᠷᠠᠯ ᠢᠶᠠᠷ ᠴᠢᠩᠭ᠎ᠠ᠂ ᠮᠡᠳᠡᠯᠭᠡ ᠶᠢᠨ ᠰᠢᠰᠲ᠋ᠧᠮᠵᠢ ᠨᠢ ᠪᠦᠷᠢᠨ ᠲᠡᠭᠦᠯᠳᠡᠷ ᠠᠵᠢᠯ ᠤᠨ ᠡᠩᠨᠡᠭᠡ ᠶᠢ | ᠪᠠᠶᠢᠭᠤᠯᠤᠨ᠎ᠠ᠃ | ︵ᠵᠢᠷᠭᠤᠭ᠎ᠠ︶ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠰᠦᠯᠵᠢᠶᠡᠨ ᠤ ᠲᠠᠪᠴᠠᠩ ᠢ ᠠᠰᠢᠭᠯᠠᠨ᠂ | ᠵᠠᠰᠠᠭ ᠤᠨ ᠶᠠᠪᠤᠳᠠᠯ ᠤᠨ ᠸᠢᠴᠠᠲ ᠤᠨ ᠨᠡᠶᠢᠲᠡ ᠶᠢᠨ ᠳ᠋ᠤᠭᠠᠷ᠂ ᠵᠢᠵᠢᠭ ᠫᠷᠣᠭ᠍ᠷᠠᠮ ᠵᠡᠷᠭᠡ ᠠᠴᠢᠶᠠᠯᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ | ᠲᠠᠪᠴᠠᠩ ᠢ ᠪᠠᠶᠢᠭᠤᠯᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠨᠡᠭᠦᠷᠡᠰᠦᠲᠥ᠋ᠷᠥᠭᠴᠢ ᠦᠭᠡᠢ ᠪᠠᠶᠢᠯᠭᠠᠬᠤ ᠣᠨᠣᠯᠵᠢᠬᠤᠨ ᠢ ᠤᠯᠠᠮᠵᠢᠯᠠᠨ ᠳᠡᠯᠭᠡᠷᠡᠭᠦᠯᠵᠦ᠂ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠦᠭᠡᠢ | ᠪᠠᠶᠢᠯᠭᠠᠬᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | |