| 12 ᠰᠠᠷ᠎ᠠ ᠶᠢᠨ 2 ᠤᠨ ᠡᠳᠦᠷ ᠪᠣᠯ ᠠᠷᠪᠠᠨ ᠬᠤᠶᠠᠳᠤᠭᠠᠷ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠡᠳᠦᠷ︾ ᠪᠣᠯᠣᠨ᠎ᠠ᠃ ᠪᠥᠬᠦ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ | ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠪᠣᠯᠣᠨ ᠪᠣᠯᠪᠠᠰᠤᠨ ᠤ ᠦᠵᠡᠯ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠬᠢᠷᠢ ᠲᠦᠪᠰᠢᠨ ᠤ ᠨᠡᠶᠢᠭᠡᠮ ᠤᠨ ᠠᠭᠤᠷ | ᠠᠮᠢᠰᠬᠤᠯ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ ᠂11 ᠰᠠᠷ᠎ᠠ ᠶᠢᠨ 29 ᠤ ᠡᠳᠦᠷ᠂ ᠮᠠᠨ ᠤ ᠰᠢᠶᠠᠨ ᠤ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠰᠢᠶᠠᠨ ᠤ ᠮᠠᠰᠢᠨ ᠲᠡᠷᠭᠡᠨ ᠤ ᠥᠷᠲᠡᠭᠡᠨ ᠳᠤ ︽ᠪᠣᠯᠪᠠᠰᠤᠨ ᠵᠠᠮ | ᠬᠠᠷᠢᠯᠴᠠᠭ᠎ᠠ · ᠲᠠ ᠪᠢᠳᠡᠨ ᠲᠠᠢ ᠬᠠᠮᠲᠦ ᠣᠷᠤᠰᠢᠨ᠎ᠠ︾ 122 ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ ᠼᠤᠤ ᠫᠧᠩ ᠬᠤᠷᠠᠯ ᠢ ᠡᠷᠬᠢᠯᠡᠪᠡ ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ | ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠱᠧᠨ ᠶᠠᠷᠢᠶᠠᠨ ᠳᠠᠭᠠᠨ ᠬᠡᠯᠡᠭᠰᠡᠨ ᠨᠢ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠮᠠᠨ ᠤ ᠰᠢᠶᠠᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠭ᠎ᠠ ᠪᠣᠯᠪᠠᠴᠤ ᠵᠠᠮ | ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠳᠠᠯᠳᠠ ᠬᠡᠮ ᠮᠥᠨ ᠬᠦ ᠶᠡᠭᠡ ᠬᠡᠮᠵᠢᠶ᠎ᠡ ᠪᠠᠷ ᠣᠷᠣᠰᠢᠵᠤ᠂ | ᠬᠥᠮᠥᠨ᠂ ᠲᠡᠷᠭᠡ᠂ ᠵᠠᠮ ᠤᠨ ᠵᠥᠷᠢᠴᠡᠯ ᠮᠥᠨ ᠬᠦ ᠲᠣᠪᠣᠶᠢᠮ᠎ᠠ ᠪᠠᠶᠢᠨ᠎ᠠ᠃ ᠥᠷᠭᠡᠨ ᠤᠯᠠᠨ ᠵᠠᠮ ᠬᠠᠷᠢᠯᠴᠠᠭᠠᠨ ᠳᠤ | ᠣᠷᠣᠯᠴᠠᠭᠰᠠᠳ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠬᠤ ᠴᠢᠬᠤᠯᠠᠲᠠᠢ ᠪᠠᠶᠢᠨ᠎ᠠ ᠂ | ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠬᠤ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠂ | ᠤᠯᠠᠨ ᠢᠶᠠᠷ ᠢᠶᠠᠨ ᠬᠠᠮᠲᠤᠪᠠᠷ ᠴᠢᠷᠮᠠᠶᠢᠵᠤ ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠨ ᠵᠠᠰᠠᠵᠤ ᠂ ᠠᠮᠤᠷ ᠲᠦᠪᠰᠢᠨ | ᠪᠣᠯᠪᠠᠰᠤᠨ ᠢᠶᠠᠷ ᠶᠠᠪᠤᠵᠤ ᠰᠠᠭᠤᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠤ ᠂ ᠵᠠᠮ | ᠬᠠᠷᠢᠯᠴᠠᠭᠠᠨ ᠤ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠪᠦᠬᠦ ᠬᠦᠴᠦᠨ ᠢᠶᠠᠷ ᠢᠶᠠᠨ | ᠴᠣᠬᠢᠯᠲᠠ ᠥᠭᠬᠦ ᠪᠠ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠶᠢ ᠬᠦᠰᠡᠵᠦ | ᠪᠠᠶᠢᠨ᠎ᠠ ᠭᠡᠪᠡ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠶᠢᠨ | ᠳᠤᠷ᠎ᠠ ᠶᠢᠨ ᠦᠢᠯᠡᠴᠢᠯᠡᠭᠴᠢᠳ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠪᠢᠴᠢᠭ ᠢ | ᠤᠩᠰᠢᠨ ᠨᠡᠶᠢᠲᠡᠯᠡᠵᠦ᠂ ᠠᠷᠠᠳ ᠤᠨ ᠴᠠᠭᠳᠠᠭ᠎ᠠ ᠨᠠᠷ ︽ᠪᠣᠯᠪᠠᠰᠤᠨ ᠵᠠᠮ ᠬᠠᠷᠢᠯᠴᠠᠭ᠎ᠠ · ᠲᠠ ᠪᠢᠳᠡᠨ ᠲᠠᠢ ᠬᠠᠮᠲᠦ | ᠣᠷᠤᠰᠢᠨ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ᠂ ᠳᠤᠷᠠᠰᠬᠠᠯ ᠤᠨ ᠡᠳ᠋ ᠲᠠᠷᠬᠠᠭᠠᠭᠰᠠᠨ ᠪᠥᠭᠡᠳ ᠵᠠᠮ ᠬᠠᠷᠢᠯᠴᠠᠭᠠᠨ ᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠪᠠ᠃ ᠡᠭᠦᠨ ᠤ ᠬᠠᠮᠲᠤ᠂ ᠡᠪᠦᠯ ᠤᠨ | ᠤᠯᠠᠷᠢᠯ ᠤᠨ ᠴᠠᠭ ᠠᠭᠤᠷ ᠤᠨ ᠣᠨᠴᠠᠯᠢᠭ ᠲᠠᠢ ᠤᠶᠠᠯᠳᠤᠭᠤᠯᠤᠨ᠂ ᠵᠠᠰᠠᠮᠠᠯ ᠵᠠᠮ ᠢᠶᠠᠷ ᠠᠮᠤᠷ ᠲᠦᠪᠰᠢᠨ ᠢᠶᠠᠷ | ᠠᠶᠠᠯᠠᠬᠤ ᠂ ᠵᠠᠮ ᠬᠠᠷᠢᠯᠴᠠᠭᠠᠨ ᠤ ᠲᠡᠮᠳᠡᠭ ᠢ ᠢᠯᠭᠠᠨ ᠲᠠᠨᠢᠬᠤ᠂ ᠠᠮᠤᠷ ᠲᠦᠪᠰᠢᠨ ᠢᠶᠠᠷ ᠲᠡᠷᠭᠡ ᠵᠢᠯᠤᠭᠤᠳᠬᠤ | ᠵᠡᠷᠭᠡ ᠲᠠᠯ᠎ᠠ ᠶᠢᠨ ᠦᠨᠳᠦᠰᠦᠨ ᠶᠡᠷᠦ ᠶᠢᠨ ᠮᠡᠳᠡᠯᠭᠡ ᠶᠢᠨ ᠲᠠᠯ᠎ᠠ ᠪᠠᠷ ᠣᠯᠠᠨ ᠲᠦᠮᠡᠨ ᠳᠤ ᠰᠠᠨᠠᠭᠤᠯᠬᠤ ᠨᠢ᠂ ᠠᠷᠢᠬᠢ | ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠶᠠᠳᠠᠷᠠᠭᠤ ᠪᠠᠷ ᠲᠡᠷᠭᠡ ᠵᠢᠯᠤᠭᠤᠳᠬᠤ᠂ ᠦᠨᠡᠮᠯᠡᠯ ᠦᠭᠡᠢ ᠪᠠᠷ | ᠲᠡᠷᠭᠡ ᠵᠢᠯᠤᠭᠤᠳᠬᠤ᠂ ᠬᠠᠤᠯᠢ ᠶᠢ ᠵᠥᠷᠢᠴᠡᠨ ᠬᠥᠮᠥᠨ ᠲᠡᠭᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠲᠠᠰᠤ ᠵᠣᠭᠰᠣᠭᠠᠵᠤ᠂ ᠫᠠᠶᠢᠰᠠ ᠦᠭᠡᠢ ᠦᠨᠡᠮᠯᠡᠯ ᠦᠭᠡᠢ᠂ ᠬᠠᠶᠠᠭᠳᠠᠮᠠᠯ | ᠲᠡᠷᠭᠡ ᠵᠢᠴᠢ ᠠᠮᠤᠷ ᠲᠦᠪᠰᠢᠨ ᠪᠤᠰᠤ᠂ ᠬᠠᠤᠯᠢ ᠶᠣᠰᠣᠨ ᠤ ᠪᠤᠰᠤ ᠲᠡᠷᠭᠡᠨ ᠳᠤ ᠰᠠᠭᠤᠬᠤ ᠶᠢ ᠴᠢᠩᠭ᠎ᠠ | ᠴᠠᠭᠠᠵᠠᠯᠠᠵᠤ᠂ ᠵᠠᠮ ᠬᠠᠷᠢᠯᠴᠠᠭᠠᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠵᠠᠮ ᠬᠠᠷᠢᠯᠴᠠᠭᠠᠨ ᠤ | ᠠᠳᠡᠯ ᠠᠴᠠ ᠬᠤᠯᠠᠳᠠᠬᠤ ᠬᠡᠷᠡᠭᠲᠡᠢ᠃ | ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ ᠵᠠᠮ ᠬᠠᠷᠢᠯᠴᠠᠭᠠᠨ ᠤ ᠣᠷᠴᠢᠨ | ᠲᠣᠭᠤᠷᠢᠨ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠬᠠᠮᠠᠭᠠᠯᠠᠬᠤ ᠴᠢᠬᠤᠯᠠᠲᠠᠢ᠂ ᠮᠠᠨ ᠤ ᠰᠢᠶᠠᠨ ᠲᠤᠰ ᠤᠳᠠᠭᠠᠨ ᠤ | ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠠᠵᠢᠯᠯᠠᠭ᠎ᠠ ᠶᠢ | ᠴᠡᠭᠴᠡᠯᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ | ᠮᠡᠳᠡᠯᠭᠡ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ ᠬᠡᠪᠴᠢᠶᠡᠨ ᠳᠤ | ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠂ ᠥᠷᠭᠡᠨ ᠤᠯᠠᠨ | ᠲᠦᠮᠡᠨ ᠤ ᠪᠣᠯᠪᠠᠰᠤᠨ ᠵᠠᠮ ᠬᠠᠷᠢᠯᠴᠠᠭᠠᠨ ᠤ ᠣᠷᠣᠯᠴᠠᠭᠴᠢ ᠪᠣᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠳᠡᠭᠡᠭᠰᠢᠯᠡᠭᠦᠯᠵᠦ ᠂ ᠠᠵᠢᠯ ᠲᠦᠷᠦᠯ ᠤᠨ ᠬᠢᠨ ᠤ ᠬᠠᠷᠢᠭᠤᠴᠠᠯᠭ᠎ᠠ ᠪᠠᠨ ᠭᠦᠢᠴᠡᠳᠬᠡᠬᠦ ᠂ ᠤᠯᠠᠨ ᠨᠡᠶᠢᠲᠡ ᠪᠠᠷ ᠢᠶᠠᠨ | ᠣᠷᠣᠯᠴᠠᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠤᠨ ᠲᠣᠭᠲᠠᠴᠠ ᠶᠢ | ᠴᠢᠷᠮᠠᠶᠢᠨ ᠪᠤᠢ ᠪᠣᠯᠭᠠᠵᠤ ᠂ ᠪᠦᠬᠦ ᠰᠢᠶᠠᠨ ᠤ ᠠᠷᠠᠳ ᠲᠦᠮᠡᠨ ᠳᠤ ᠠᠮᠤᠷ ᠲᠦᠪᠰᠢᠨ᠂ ᠰᠠᠭᠠᠳ ᠦᠭᠡᠢ ᠂ ᠪᠣᠯᠪᠠᠰᠤᠨ᠂ | ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠵᠠᠮ ᠤᠨ | ᠶᠠᠪᠤᠳᠠᠯ᠂ ᠬᠤᠲᠠ ᠶᠢᠨ ᠬᠠᠮᠢᠶᠠᠷᠤᠯᠲᠠ᠂ ᠭᠠᠯ ᠤᠨᠲᠠᠷᠠᠭᠠᠬᠤ ᠠᠪᠤᠷᠠᠨ ᠲᠤᠰᠠᠯᠠᠯᠲᠠ᠂ ᠮᠧᠢ ᠲᠤᠸᠠᠨ ᠬᠦᠷᠭᠡᠯᠲᠡ | ᠵᠡᠷᠭᠡ ᠨᠡᠶᠢᠭᠡᠮ ᠤᠨ ᠪᠦᠯᠬᠦᠮ ᠤᠨ ᠰᠠᠯᠠᠭ᠎ᠠ ᠮᠥᠴᠢᠷ ᠤᠨ ᠲᠥᠯᠥᠭᠡᠯᠡᠭᠴᠢᠳ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | | | | | | |