ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ︽ᠠᠭᠤᠤ ᠬᠠᠶᠢᠷ᠎ᠠ ᠶᠢᠨ ᠤᠮᠠᠷᠠᠲᠤ ᠬᠢᠯᠢ · ᠦᠵᠡᠰᠬᠦᠯᠡᠩᠲᠦ ᠰᠠᠶᠢᠬᠠᠨ ᠦᠢᠯᠡᠳᠬᠡᠯ ᠤᠨ ᠭᠠᠵᠠᠷ︾ ᠤᠨ ᠭᠠᠷ ᠤᠷᠠᠯᠠᠯ ᠤᠨ ᠪᠦᠲᠦᠭᠡᠭᠳᠡᠬᠦᠨ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/7
    ᠵᠡᠮᠳᠡᠭᠴᠦᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠵᠡᠮᠳᠡᠭᠴᠦᠳ ᠢ ᠬᠠᠪᠰᠤᠷᠤᠨ ᠬᠤᠷᠤᠭᠤᠨ ᠦᠵᠦᠭᠦᠷ ᠤᠨ ᠰᠢᠳᠢ ᠶᠢ ᠪᠠᠳᠠᠷᠠᠭᠤᠯᠤᠨ᠎ᠠ᠃ 11 ᠰᠠᠷ᠎ᠠ ᠶᠢᠨ 6 ᠤ ᠡᠳᠦᠷ᠂ ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠪᠠᠶᠢᠭᠤᠯᠤᠮᠵᠢ ᠠᠴᠠ ︽ ᠠᠭᠤᠤ ᠬᠠᠶᠢᠷ᠎ᠠ ᠶᠢᠨ ᠤᠮᠠᠷᠠᠲᠤ ᠬᠢᠯᠢ · ᠦᠵᠡᠰᠬᠦᠯᠡᠩᠲᠦ ᠰᠠᠶᠢᠬᠠᠨ ᠦᠢᠯᠡᠳᠬᠡᠯ ᠤᠨ ᠭᠠᠵᠠᠷ—ᠰᠣᠯᠣᠩᠭ᠎ᠠ ᠵᠡᠮᠳᠡᠭᠴᠦᠳ ᠢ ᠬᠠᠪᠰᠤᠷᠤᠨ ᠠᠵᠢᠯ ᠣᠯᠭᠤᠬᠤ ᠠᠵᠢᠯᠯᠠᠭ᠎ᠠ ᠶᠢᠨ ᠦᠢᠯᠡᠴᠢᠯᠡᠭᠡᠨ ᠤ ᠲᠥᠷᠥᠯ ᠵᠦᠢᠯ︾ ᠤᠨ ᠪᠣᠯᠪᠠᠰᠤᠷᠠᠯ ᠤᠨ ᠠᠩᠭᠢ ᠶᠢ ᠳᠠᠭᠠᠭᠠᠴᠢᠯᠠᠨ ᠡᠷᠭᠢᠯᠡᠪᠡ᠃

1.jpg

 

    ᠠᠩᠭᠢ ᠡᠬᠢᠯᠡᠬᠦ ᠶᠣᠰᠣᠯᠠᠯ ᠳᠡᠭᠡᠷ᠎ᠡ᠂ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ

ᠵᠡᠮᠳᠡᠭᠴᠦᠳ ᠲᠤ ᠲᠣᠰ ᠤᠳᠠᠭᠠᠨ ᠤ ᠪᠣᠯᠪᠠᠰᠤᠷᠠᠯ ᠤᠨ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠡᠢ᠃ ︽ᠠᠭᠤᠤ 

ᠬᠠᠶᠢᠷ᠎ᠠ ᠶᠢᠨ ᠤᠮᠠᠷᠠᠲᠤ ᠬᠢᠯᠢ · ᠦᠵᠡᠰᠬᠦᠯᠡᠩᠲᠦ ᠰᠠᠶᠢᠬᠠᠨ ᠦᠢᠯᠡᠳᠬᠡᠯ ︾ ᠤᠨ ᠵᠡᠮᠳᠡᠭᠴᠦᠳ ᠤᠨ ᠠᠵᠢᠯ

ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠲᠦᠷᠦᠯ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠤᠨ 

ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠠᠵᠢᠯ ᠤᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ ᠂ ᠵᠡᠮᠳᠡᠭᠴᠦᠳ ᠤᠨ

ᠨᠡᠯᠢᠶᠡᠳ ᠥᠨᠳᠥᠷ ᠶᠠᠰᠤ ᠴᠢᠨᠠᠷ ᠲᠠᠢ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃

    ᠲᠥᠷᠥᠯ ᠵᠦᠢᠯ ᠨᠢ ᠵᠡᠮᠳᠡᠭᠴᠦᠳ ᠲᠤ ᠦᠢᠯᠡᠴᠢᠯᠡᠵᠦ ᠠᠵᠢᠯ ᠣᠯᠭᠤᠬᠤ᠂ ᠪᠣᠯᠪᠠᠰᠤᠷᠠᠭᠤᠯᠤᠯ ᠬᠢᠬᠦ ᠳᠤ

ᠭᠠᠷ ᠢᠶᠠᠷ ᠨᠡᠬᠡᠵᠦ ᠡᠳ᠋ᠰᠢᠭᠦᠯᠬᠦ ᠪᠠᠷ ᠭᠤᠣᠯ ᠪᠣᠯᠭᠠᠵᠤ᠂ ᠨᠠᠩ ᠣᠯᠠᠨ ᠵᠡᠮᠳᠡᠭᠴᠦᠳ ᠢ ᠬᠠᠪᠰᠤᠷᠤᠨ ᠭᠡᠷ ᠤᠨ

ᠡᠭᠦᠳᠡᠨ ᠳᠤᠨᠢ ᠣᠶᠢᠷ᠎ᠠ ᠬᠠᠪᠢ ᠳᠤᠨᠢ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠦᠨ᠎ᠡ᠃

ᠪᠣᠯᠪᠠᠰᠤᠷᠠᠭᠤᠯᠤᠯ ᠤᠨ ᠲᠤᠬᠠᠢ ᠶᠢᠨ ᠲᠠᠯᠠᠪᠤᠷ ᠲᠤ᠂ ᠸᠧᠨ ᠶᠦᠨ ᡁᠢ ᠪᠠᠭᠰᠢ ᠲᠥᠬᠦᠮ ᠣᠶᠢᠯᠠᠭᠠᠮᠵᠢᠲᠠᠢ ᠦᠭᠡ

ᠬᠡᠯᠡ ᠪᠠᠷ ᠲᠤᠬᠠᠢ ᠶᠢᠨ ᠲᠠᠯᠠᠪᠤᠷ ᠤᠨ ᠰᠤᠷᠤᠭᠴᠢᠳ ᠲᠤ ᠲᠣᠪᠴᠢ ᠵᠣᠬᠢᠶᠠᠬᠤ ᠶᠠᠪᠤᠴᠠ᠂ ᠠᠷᠭ᠎ᠠ ᠪᠠᠷᠢᠯ᠂

ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠦᠢᠯᠡᠳᠬᠦ ᠨᠠᠷᠢᠨ ᠵᠦᠢᠯᠡᠰ ᠢ ᠳᠠᠬᠢᠨ ᠳᠠᠪᠲᠠᠨ ᠬᠢᠵᠦ ᠦᠵᠡᠭᠦᠯᠪᠡ

᠃ ᠰᠤᠷᠤᠭᠴᠢᠳ ᠨᠠᠷᠢᠨ ᠬᠢᠨᠠᠮᠠᠭᠠᠢ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠪᠠᠭᠰᠢ ᠨᠠᠷ ᠢᠶᠠᠷ ᠥᠪᠡᠷ ᠤᠨ

ᠪᠦᠲᠦᠭᠡᠯ ᠢᠶᠠᠨ ᠢᠳᠡᠪᠬᠢᠲᠡᠢ ᠦᠨᠡᠯᠡᠭᠦᠯᠵᠦ᠂ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠷ ᠬᠥᠭᠵᠢᠶᠡᠨ ᠲᠠᠢ

ᠪᠣᠯᠭᠠᠵᠤ᠂ ᠰᠤᠷᠤᠭᠴᠢᠳ ᠤᠨ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ ᠪᠠᠶᠢᠯ᠎ᠠ᠃

2.jpg

   ᠰᠤᠷᠤᠭᠴᠢᠳ ᠢᠯᠡᠷᠬᠡᠶᠢᠯᠡᠬᠦ ᠳᠡᠭᠡᠨ᠂ ︽ᠦᠵᠡᠰᠬᠦᠯᠡᠩᠲᠦ ᠰᠠᠶᠢᠬᠠᠨ ᠦᠢᠯᠡᠳᠬᠡᠯ ᠤᠨ ᠭᠠᠵᠠᠷ︾ ᠤᠨ

ᠪᠣᠯᠪᠠᠰᠤᠷᠠᠭᠤᠯᠤᠯ ᠤᠨ ᠬᠢᠴᠢᠶᠡᠯ ᠤᠨ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠣᠯᠬᠤᠶᠢᠴᠠ

ᠴᠢᠨᠠᠷ ᠢᠶᠠᠷ ᠴᠥᠮ ᠮᠠᠰᠢ ᠴᠢᠩᠭ᠎ᠠ ᠪᠠᠶᠢᠵᠤ᠂ ᠪᠢᠳᠡ ᠮᠡᠷᠭᠡᠵᠢᠯ ᠢ ᠰᠠᠶᠢᠲᠤᠷ ᠰᠤᠷᠴᠤ᠂ ᠥᠪᠡᠷ ᠤᠨ

ᠬᠦᠴᠦ ᠪᠠᠷ ᠢᠶᠠᠨ ᠠᠮᠢᠳᠤᠷᠠᠵᠤ ᠴᠢᠳᠠᠨ᠎ᠠ ᠭᠡᠵᠡᠢ᠃ ᠡᠭᠦᠨ ᠠᠴᠠ ᠭᠠᠳᠠᠨ᠎ᠠ᠂ ᠰᠣᠯᠣᠩᠭ᠎ᠠ ᠵᠡᠮᠳᠡᠭᠴᠦᠳ ᠢ

ᠬᠠᠪᠰᠤᠷᠤᠨ ᠠᠵᠢᠯ ᠣᠯᠭᠤᠬᠤ ᠠᠵᠢᠯᠯᠠᠭ᠎ᠠ ᠶᠢᠨ ᠦᠢᠯᠡᠴᠢᠯᠡᠭᠡ ᠨᠢ ᠪᠠᠰᠠ ᠲᠡᠳᠡᠨ ᠢ ᠬᠠᠪᠰᠤᠷᠤᠨ ᠭᠠᠷ

ᠤᠷᠠᠯᠠᠯ ᠤᠨ ᠪᠦᠲᠦᠭᠡᠯ ᠤᠨ ᠵᠠᠬᠢᠶᠠᠯᠠᠭ᠎ᠠ ᠶᠢᠨ ᠮᠠᠶ᠋ᠢᠭ ᠤᠨ ᠪᠣᠷᠤᠯᠠᠭᠤᠯᠭ᠎ᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃

    ᠪᠣᠯᠪᠠᠰᠤᠷᠠᠭᠤᠯᠤᠯ ᠤᠨ ᠠᠵᠢᠯᠯᠠᠭ᠎ᠠ ᠪᠠᠷ ᠳᠠᠮᠵᠢᠭᠤᠯᠤᠨ ᠵᠡᠮᠳᠡᠭᠴᠦᠳ ᠤᠨ ᠭᠠᠷ ᠤᠷᠠᠯᠠᠯ ᠦᠢᠯᠡᠳᠬᠦ ᠬᠢᠷᠢ

ᠬᠡᠮᠵᠢᠶ᠎ᠡ ᠶᠢ ᠳᠡᠭᠡᠭᠰᠢᠯᠡᠭᠦᠯᠵᠦ ᠂ ᠵᠡᠮᠳᠡᠭᠴᠦᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠠᠷᠭ᠎ᠠ ᠵᠠᠮ ᠢ ᠨᠢ

ᠥᠷᠭᠡᠳᠬᠡᠪᠡ ᠃ ᠬᠤᠶᠢᠰᠢᠳᠠ ᠂ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠪᠠᠶᠢᠭᠤᠯᠤᠮᠵᠢ 

︽ᠦᠵᠡᠰᠬᠦᠯᠡᠩᠲᠦ ᠰᠠᠶᠢᠬᠠᠨ ᠦᠢᠯᠡᠳᠬᠡᠯ ᠤᠨ ᠭᠠᠵᠠᠷ︾ ᠤᠨ ᠲᠦᠷᠦᠯ ᠵᠦᠢᠯ ᠢ ᠦᠷᠭᠦᠯᠵᠢᠯᠡᠨ ᠰᠠᠶᠢᠲᠤᠷ

ᠠᠳᠬᠤᠵᠤ ᠂ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠣᠳᠠᠲᠠᠢ

ᠠᠳᠬᠤᠵᠤ ᠂ ᠠᠵᠢᠯ ᠣᠯᠭᠤᠯᠲᠠ ᠶᠢᠨ ᠪᠣᠯᠪᠠᠰᠤᠷᠠᠯ ᠢ ᠰᠠᠶᠢᠲᠤᠷ ᠬᠢᠵᠦ ᠂ ᠵᠡᠮᠳᠡᠭᠴᠦᠳ ᠲᠤ ᠨᠡᠩ ᠤᠯᠠᠨ ᠠᠵᠢᠯ

ᠣᠯᠭᠤᠯᠲᠠ ᠶᠢᠨ ᠠᠵᠠ ᠲᠣᠬᠢᠶᠠᠯ ᠬᠠᠩᠭᠠᠵᠤ ᠂ ᠥᠪᠡᠷ ᠤᠨ ᠬᠥᠳᠡᠯᠮᠦᠷᠢ ᠪᠠᠷ ᠢᠶᠠᠨ ᠠᠵᠢᠯ ᠣᠯᠵᠤ ᠣᠷᠣᠯᠭ᠎ᠠ ᠪᠠᠨ

ᠨᠡᠮᠡᠭᠳᠡᠭᠦᠯᠬᠦ ᠶᠢ ᠪᠡᠶᠡᠯᠡᠭᠦᠯᠵᠦ᠂ ᠠᠮᠢᠳᠤᠷᠠᠯ ᠤᠨ ᠶᠠᠰᠤ ᠴᠢᠨᠠᠷ ᠪᠣᠯᠣᠨ ᠲᠦᠪᠰᠢᠨ ᠢ ᠳᠡᠭᠡᠭᠰᠢᠯᠡᠭᠦᠯᠦᠨ᠎ᠡ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2