12 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠵᠠᠩ ᠲᠢᠶᠠᠨ ᠸᠧᠨ ᠨᠠᠷ ᠣᠯᠠᠨ ᠨᠡᠶᠢᠲᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ | ᠠᠵᠢᠯ ᠤᠨ ᠲᠤᠬᠠᠢ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · ᠴᠢᠯᠠᠭᠤ ᠨᠠᠷ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ ᠤᠨ ᠠᠵᠢᠯᠯᠠᠬᠤ ᠲᠣᠭᠤᠷᠢᠭ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠲᠣᠭᠤᠷᠢᠭ ᠤᠨ ᠲᠠᠷᠬᠠᠯᠲᠠ ᠶᠢᠨ ᠪᠠᠶᠢᠳᠠᠯ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠢᠴᠢ ᠭᠠᠵᠠᠷ | ᠰᠢᠷᠣᠢ ᠠᠭᠤᠷᠬᠠᠢ ᠶᠢᠨ ᠰᠦᠯᠵᠢᠶᠡᠨ ᠳᠡᠭᠡᠷᠡᠬᠢ ᠠᠷᠠᠯᠵᠢᠶᠠᠨ ᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ | ᠪᠠᠶᠢᠴᠠᠭᠠᠨ ᠦᠵᠡᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠶᠠᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠬᠤ᠂ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠰᠠᠬᠢᠯᠭ᠎ᠠ | ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠵᠠᠩ ᠲᠢᠶᠠᠨ ᠸᠧᠨ ᠮᠠᠨ ᠤ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ | ᠠᠵᠢᠯ ᠢ ᠭᠦᠢᠴᠡᠳ ᠨᠤᠲᠠᠯᠠᠭᠰᠠᠨ ᠪᠥᠭᠡᠳ ᠵᠠᠰᠠᠭ ᠤᠨ ᠣᠷᠳᠣᠨ ᠤ ᠬᠤᠳᠠᠯᠳᠤᠨ ᠠᠪᠬᠤ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠢ | ᠠᠭᠤᠷᠬᠠᠢ ᠶᠢᠨ ᠭᠠᠷᠤᠯᠲᠠ ᠶᠢᠨ ᠠᠷᠠᠯᠵᠢᠶ᠎ᠠ ᠬᠢᠬᠦ᠂ ᠤᠯᠤᠰ ᠤᠨ ᠥᠮᠴᠢᠯᠡᠯ ᠤᠨ ᠥᠮᠴᠢᠯᠡᠯ ᠤᠨ ᠡᠷᠬᠡ ᠶᠢ ᠦᠨ᠎ᠡ | ᠬᠠᠶᠠᠨ ᠬᠤᠳᠠᠯᠳᠤᠬᠤ ᠵᠡᠷᠭᠡ ᠠᠵᠢᠯ ᠤᠨ ᠨᠠᠷᠢᠨ ᠵᠠᠩᠭᠢᠯᠠᠭ᠎ᠠ ᠶᠢᠨ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃ ᠲᠡᠷᠡ | ᠵᠢᠭᠠᠵᠤ ᠭᠠᠷᠭᠠᠭᠰᠠᠨ ᠨᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠣᠨᠣᠯ ᠪᠣᠯᠣᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠨ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠵᠤ᠂ | ᠳᠣᠲᠣᠭᠠᠳᠤ ᠠᠴᠠ ︽ᠢᠯᠵᠠᠷᠠᠯ︾ ᠤᠨ ᠳᠠᠯᠳᠠ ᠭᠡᠮ ᠢ ᠠᠷᠢᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ᠡᠦ · ᠴᠢᠯᠠᠭᠤ ᠢᠯᠡᠷᠬᠡᠶᠢᠯᠡᠬᠦ ᠳᠡᠭᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠭᠰᠠᠭᠠᠷ | ᠢᠷᠡᠵᠡᠶ᠃ ᠲᠠᠷᠠᠭᠠᠴᠢ ᠶᠢᠨ ᠠᠯᠬᠤᠮ ᠳᠤ᠂ ᠥᠩᠭᠡᠷᠡᠭᠰᠡᠨ ᠲᠠᠢ ᠪᠠᠨ ᠠᠳᠠᠯᠢ ᠪᠠᠷ᠂ ᠴᠢᠳᠠᠯ ᠤᠨ ᠬᠢᠷᠢ ᠪᠠᠷ ᠢᠶᠠᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠰ ᠤᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ | ᠬᠠᠩᠭᠠᠵᠤ᠂ ᠠᠷᠠᠯᠵᠢᠶ᠎ᠠ ᠶᠢᠨ ᠲᠠᠪᠴᠠᠩ ᠤᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠰᠢᠰᠲ᠋ᠧᠮᠵᠢ ᠶᠢᠨ ᠲᠡᠭᠦᠯᠳᠡᠷᠵᠢᠬᠦ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠵᠶ᠋ᠠᠨᠡᠷᠭᠦᠬᠦ ᠬᠡᠷᠡᠭᠲᠡᠢ ᠭᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | |