ᠮᠠᠨ ᠤ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/12/14
    ᠶᠡᠷᠦᠩᠬᠡᠢ ᠱᠦᠵᠢ ᠰᠢ ᠶᠢᠨ ᠫᠢᠩ ‍ᠤᠨ‌ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠨᠤᠯ ᠢ ᠵᠥᠪ ᠢᠶᠠᠷ ᠣᠶᠢᠯᠠᠭᠠᠨ ᠡᠵᠡᠮᠰᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠯᠠᠪᠳᠠᠭᠤᠨ ᠪᠠᠲᠤᠲᠠᠢ ᠪᠠᠷ ᠪᠤᠢ ᠪᠣᠯᠭᠠᠬᠤ ᠶᠢᠨ ᠲᠥᠯᠥᠭᠡ ᠂ 12 ᠰᠠᠷ᠎ᠠ ᠶᠢᠨ 14  ᠤ ᠡᠳᠦᠷ ᠂ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠡᠷᠬᠢᠯᠡᠪᠡ᠃ 

1.jpg

    ᠪᠣᠯᠪᠠᠰᠤᠷᠠᠯ ᠤᠨ ᠠᠩᠭᠢ ᠳᠤ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠵᠠᠩ

ᠢᠦᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠵᠢᠱᠢᠶ᠎ᠡ ᠦᠵᠡᠭᠦᠯᠬᠦ

ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ

ᠪᠠᠭᠰᠢ ᠶᠢᠨ ᠪᠦᠯᠬᠦᠮ ᠤᠨ ᠪᠦᠷᠢᠯᠳᠦᠭᠦᠨ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ

ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠭᠦᠸᠧ ᠶᠦᠩ ᠰᠢᠩ

ᠲᠣᠰᠪᠣᠷᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠭᠤᠶᠢᠪᠢᠰᠢ

ᠦᠭᠡᠢ ᠪᠠᠷ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠂

︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾  ᠪᠠᠷ ᠭᠤᠣᠯ ᠰᠡᠳᠦᠪ

ᠪᠣᠯᠭᠠᠵᠤ ᠂ ᠲᠤᠰᠬᠠᠢ ᠰᠡᠳᠦᠪᠲᠦ ᠪᠣᠯᠪᠠᠰᠤᠷᠠᠯ ᠬᠢᠵᠡᠢ ᠃

 ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ

ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠨᠡᠨᠬᠦ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ

ᠪᠤᠶ ᠪᠣᠯᠭᠠᠬᠤ ᠪᠠᠷ ᠭᠤᠣᠯ ᠰᠢᠵᠢᠮ ᠪᠣᠯᠭᠠᠬᠤ ᠬᠡᠷᠡᠭᠲᠡᠢ᠃ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠦᠬᠦᠵᠦ

ᠰᠡᠭᠡᠬᠦ ᠪᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ

ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠳᠤᠮᠳᠠᠳᠤ ᠶᠢᠨ

ᠦᠨᠳᠦᠰᠦᠲᠡᠨ ᠤ ᠨᠢᠭᠡ ᠭᠡᠷ ᠪᠦᠯᠢ ᠶᠢ ᠰᠠᠬᠢᠨ ᠬᠠᠮᠠᠭᠠᠯᠠᠬᠤ ᠬᠡᠷᠡᠭᠲᠡᠢ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠬᠤᠭᠤᠴᠠᠭ᠎ᠠ ᠬᠤᠪᠢᠶᠠᠨ

ᠶᠠᠪᠤᠭᠳᠠᠭᠤᠯᠵᠤ᠂ ᠳᠤᠮᠳᠠᠳᠤ ᠶᠢᠨ ᠦᠨᠳᠦᠰᠦᠲᠡᠨ ᠤ ᠪᠦᠷᠢᠯᠳᠦᠯ᠂ ᠮᠠᠨ ᠤ ᠤᠯᠤᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠦᠢᠯᠡᠳᠦᠯᠭᠡ ᠶᠢᠨ ᠥᠩᠭᠡᠷᠡᠯᠲᠡ ᠵᠢᠴᠢ ᠲᠤᠯᠭᠠᠷᠠᠵᠤ ᠪᠠᠶᠢᠭ᠎ᠠ ᠥᠷᠢᠰᠦᠯᠳᠦᠭᠡᠨ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠭᠤᠯᠤᠭᠳᠠᠬᠤᠨ᠂

ᠰᠢᠯᠲᠠᠭᠠᠨ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠨᠠᠷᠢᠨ ᠲᠠᠶᠢᠯᠪᠤᠷᠢᠯᠠᠯᠲᠠ ᠬᠢᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2