ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠮᠧᠩ ᠰᠢᠨ ᠵᠦᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/12/14
    ᠣᠶᠢᠷ᠎ᠠ ᠶᠢᠨ ᠵᠢᠯ ᠠᠴᠠ᠂ ᠪᠠᠶᠠᠨᠲᠠᠯ᠎ᠠ ᠰᠢᠶᠠᠩ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠣᠷᠢᠭᠵᠢᠭᠤᠯᠤᠯ ᠪᠠ ᠬᠦᠴᠦᠲᠡᠢ ᠳᠡᠮᠵᠢᠯᠭᠡ ᠳᠣᠣᠷ᠎ᠠ᠂ ︽ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠠᠶᠢᠭᠤᠯᠬᠤ᠂ ᠨᠢᠭᠡ ᠵᠦᠢᠯ ᠤᠨ ᠠᠵᠤ ᠦᠢᠯᠡᠰ ᠢ ᠬᠥᠭᠵᠢᠭᠦᠯᠬᠦ᠂ ᠨᠢᠭᠡ ᠲᠠᠯ᠎ᠠ ᠶᠢᠨ ᠣᠯᠠᠨ ᠲᠦᠮᠡᠨ ᠢ ᠪᠠᠶᠠᠵᠢᠭᠤᠯᠬᠤ︾ ᠠᠵᠢᠯ ᠤᠨ ᠰᠡᠳᠬᠢᠮᠵᠢ ᠶᠣᠰᠣᠭᠠᠷ᠂ ᠬᠤᠷᠰᠢᠶᠠᠵᠢᠯ ᠤᠨ ᠰᠠᠭᠤᠷᠢᠨ ᠭᠠᠵᠠᠷ ᠤᠨ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠨᠠᠩ ᠨᠢᠭᠲᠠ ᠪᠣᠯᠭᠠᠬᠤ᠂ ᠦᠢᠯᠡᠳᠪᠦᠷᠢᠯᠡᠯ ᠪᠠ ᠠᠮᠢ ᠠᠬᠤᠢ ᠶᠢ ᠨᠠᠩ ᠵᠣᠬᠢᠴᠠᠭᠤᠯᠬᠤ᠂ ᠡᠬᠢ ᠪᠠᠶᠠᠯᠢᠭ ᠤᠨ ᠠᠰᠢᠭᠯᠠᠯᠲᠠ ᠶᠢ ᠨᠠᠩ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠣᠯᠭᠠᠬᠤ᠂ ᠬᠥᠳᠡᠭᠡ ᠲᠣᠰᠬᠤᠨ ᠲᠠᠢ ᠬᠤᠯᠪᠤᠭᠠᠯᠠᠨ ᠬᠥᠳᠡᠭᠡ ᠲᠣᠰᠬᠤᠨ ᠢ ᠳᠠᠶᠢᠴᠢᠯᠠᠬᠤ ᠦᠷ᠎ᠡ ᠠᠰᠢᠭ ᠤᠨ ᠣᠷᠣᠯᠭ᠎ᠠ ᠶᠢ ᠢᠯᠡᠳᠲᠡ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠰᠢᠨ᠎ᠡ ᠶᠢ ᠡᠭᠦᠳᠦᠨ ᠰᠦᠪᠡᠭᠴᠢᠯᠡᠵᠦ ᠭᠠᠷᠭᠠᠨ᠎ᠠ᠃    ᠰᠠᠭᠤᠷᠢ ᠶᠢ ᠪᠠᠬᠢᠵᠢᠭᠦᠯᠵᠦ᠂ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠸᠠᠳᠧ ᠰᠢᠶᠠᠨ ᠤ ᠪᠠᠶᠠᠨᠲᠠᠯ᠎ᠠ ᠰᠢᠶᠠᠩ ᠤᠨ ᠮᠧᠩ ᠰᠢᠨ ᠵᠦᠩ ᠲᠡᠵᠢᠭᠡᠨ ᠦᠷᠡᠵᠢᠭᠦᠯᠬᠦ ᠲᠤᠰᠬᠠᠢ ᠬᠤᠷᠷᠰᠢᠶᠠᠵᠢᠯ ᠪᠣᠯ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ᠂ ᠡᠭᠦᠯᠳᠡᠷ ᠪᠣᠶᠢᠵᠢᠭᠤᠯᠬᠤ ᠶᠢ ᠥᠷᠭᠡᠳᠬᠡᠨ ᠦᠷᠡᠵᠢᠭᠦᠯᠬᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠨ᠎ᠡ ᠬᠡᠯᠪᠡᠷᠢ ᠶᠢᠨ ᠭᠤᠣᠯ ᠴᠣᠭᠴᠠ ᠪᠣᠯᠣᠨ᠎ᠠ᠃ ᠮᠧᠩ ᠰᠢᠨ ᠵᠦᠩ ᠬᠤᠷᠰᠢᠶᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠵᠢᠴᠢ ᠡᠪᠡᠰᠦ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ 8000 ᠺᠤᠸᠠᠲᠮᠧᠲᠷ᠂ ᠨᠣᠭᠤᠭᠠᠨ ᠳᠠᠷᠤᠰᠢᠭᠤᠯᠬᠤ ᠵᠣᠭᠤᠷᠢ 2000 ᠪᠣᠰᠤᠭ᠎ᠠ ᠳᠥᠷᠪᠡᠯᠵᠢᠨ ᠮᠧᠲᠷ᠂ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ 1 ᠪᠠᠶᠢᠭᠤᠯᠵᠤ᠂ 200 ᠮᠦ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠡᠯ᠎ᠡ ᠲᠥᠷᠥᠯ ᠤᠨ ᠡᠳ᠋ᠰᠢᠭᠦᠯᠬᠦ ᠮᠠᠰᠢᠨ ᠪᠠᠭᠠᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠭᠤᠣᠯ ᠲᠡᠵᠢᠭᠡᠪᠦᠷᠢ ᠮᠠᠯ ᠤᠨ ᠡᠭᠦᠯᠳᠡᠷ ᠨᠢ ᠠᠯᠠᠰᠢᠨ ᠬᠤᠨᠢᠨ ᠤ ᠡᠭᠦᠯᠳᠡᠷ ᠢᠶᠠᠷ ᠭᠤᠣᠯᠯᠠᠵᠤ᠂ ᠢᠵᠢ ᠪᠦᠷᠢᠳᠦᠭᠦᠯᠦᠭᠰᠡᠨ ᠬᠤᠴᠠ ᠨᠢ ᠳ᠋ᠦ᠋ ᠪᠥᠸᠧ ᠂ ᠰᠠᠹᠤᠺ᠂ ᠠᠦ᠋ᠰᠲᠷᠠᠯᠢᠶ᠎ᠠ ᠶᠢᠨ ᠴᠠᠭᠠᠨ ᠵᠡᠷᠭᠡ ᠡᠭᠦᠯᠳᠡᠷ ᠪᠠᠶᠢᠵᠤ᠂ ᠲᠤᠰᠬᠠᠢ ᠬᠤᠷᠰᠢᠶᠠᠨ ᠤ ᠵᠢᠯ ᠤᠨ ᠲᠡᠵᠢᠭᠡᠨ ᠦᠷᠡᠵᠢᠭᠦᠯᠦᠭᠰᠡᠨ ᠬᠡᠮᠵᠢᠶ᠎ᠡ ᠨᠢ ᠬᠠᠮᠤᠭ ᠠᠷᠪᠢᠨ ᠳᠠᠭᠠᠨ 2000 ᠭᠠᠷᠤᠢ ᠲᠣᠯᠤᠭᠠᠢ ᠳᠤ ᠬᠦᠷᠪᠡ᠃    ᠬᠡᠪ ᠵᠠᠭᠪᠤᠷ ᠤᠨ ᠰᠢᠨ᠎ᠡ ᠶᠢ ᠡᠭᠦᠳᠴᠦ ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠨ᠎ᠠ ᠃ ᠬᠤᠷᠰᠢᠶᠠᠵᠢᠯ ᠨᠢ ︽ ᠬᠥᠳᠡᠯᠮᠦᠷᠢ ᠶᠢᠨ ᠬᠦᠴᠦᠨ ᠦᠭᠡᠢ︾ ᠪᠠ ︽ ᠪᠠᠭᠤᠷᠠᠢ ᠬᠥᠳᠡᠯᠮᠦᠷᠢ ᠶᠢᠨ ᠬᠦᠴᠦᠨ︾ ᠲᠠᠢ ᠲᠠᠷᠢᠶᠠᠴᠢᠨ ᠡᠷᠦᠬᠡ ᠳᠤ ︽ᠣᠷᠣᠯᠠᠨ ᠬᠤᠳᠠᠯᠳᠤᠨ ᠠᠪᠴᠤ ᠨᠠᠶᠢᠳᠠᠨ ᠲᠡᠵᠢᠭᠡᠯᠭᠡᠬᠦ ︾ ᠵᠠᠭᠪᠤᠷ ᠢ ᠠᠪᠴᠤ ᠪᠠᠶᠢᠨ᠎ᠠ᠃ ᠬᠤᠷᠰᠢᠶᠠᠵᠢᠯ ᠠᠴᠠ ᠲᠠᠷᠢᠶᠠᠴᠢᠨ ᠡᠷᠦᠬᠡ ᠯᠦᠭᠡ ᠣᠷᠣᠯᠠᠨ ᠬᠤᠳᠠᠯᠳᠤᠨ ᠠᠪᠴᠤ ᠨᠠᠶᠢᠳᠠᠨ ᠲᠡᠵᠢᠭᠡᠯᠭᠡᠬᠦ ᠬᠡᠯᠡᠯᠴᠡᠭᠡᠷ ᠲᠣᠭᠲᠠᠵᠤ᠂ ᠬᠤᠷᠰᠢᠶᠠᠵᠢᠯ ᠠᠴᠠ ᠲᠠᠷᠢᠶᠠᠴᠢᠨ ᠡᠷᠦᠬᠡ ᠳᠤ ᠰᠠᠶᠢᠨ ᠡᠭᠦᠯᠳᠡᠷ ᠤᠨ ᠡᠮ᠎ᠡ ᠬᠤᠨᠢ ᠶᠢ ᠣᠷᠣᠯᠠᠨ ᠬᠤᠳᠠᠯᠳᠤᠨ ᠠᠪᠴᠤ ᠨᠠᠶᠢᠳᠠᠨ ᠲᠡᠵᠢᠭᠡᠯᠭᠡᠬᠦ ᠶᠣᠰᠣᠭᠠᠷ᠂ ᠨᠠᠶᠢᠳᠠᠨ ᠲᠡᠵᠢᠭᠡᠯᠭᠡᠬᠦ ᠦᠶᠡᠯᠡᠯ ᠤᠨ ᠬᠤᠭᠤᠴᠠᠭ᠎ᠠ ᠨᠢ 3 ᠵᠢᠯ ᠪᠣᠯᠣᠨ᠎ᠠ᠂ ᠨᠠᠶᠢᠳᠠᠨ ᠲᠡᠵᠢᠭᠡᠯᠭᠡᠬᠦ ᠬᠤᠭᠤᠴᠠᠭᠠᠨ ᠳᠠᠬᠢ ᠪᠣᠶ ᠪᠦᠬᠦᠢ ᠡᠪᠡᠰᠦ ᠪᠣᠷᠳᠤᠭ᠎ᠠ ᠵᠢᠴᠢ ᠬᠢᠵᠢᠭ ᠢ ᠰᠡᠷᠭᠡᠶᠢᠯᠡᠬᠦ᠂ ᠰᠠᠶᠢᠵᠢᠷᠠᠭᠤᠯᠬᠤ᠂ ᠬᠥᠮᠥᠨ ᠤ ᠬᠦᠴᠦᠨ ᠤ ᠵᠠᠷᠤᠳᠠᠯ ᠢ ᠴᠥᠮ ᠬᠤᠷᠰᠢᠶᠠᠵᠢᠯ ᠠᠴᠠ ᠬᠠᠷᠢᠭᠤᠴᠠᠨ᠎ᠠ᠃ ᠨᠠᠶᠢᠳᠠᠨ ᠲᠡᠵᠢᠭᠡᠯᠭᠡᠬᠦ ᠬᠤᠭᠤᠴᠠᠭᠠᠨ ᠳᠤ ᠬᠤᠷᠰᠢᠶᠠᠵᠢᠯ   ᠨᠢ ᠲᠠᠷᠢᠶᠠᠴᠢᠨ ᠡᠷᠤᠭᠡ ᠳᠤ ᠵᠢᠯ ᠪᠦᠷᠢ ᠡᠮ᠎ᠡ ᠬᠤᠨᠢ ᠨᠢᠭᠡᠪᠦᠷᠢ ᠳᠤ 360 ᠲᠥᠭᠦᠷᠢᠭ ᠤᠨ ᠠᠰᠢᠭ ᠬᠤᠪᠢᠶᠠᠵᠤ ᠥᠭᠲᠡᠭ ᠃ ᠣᠲᠣ ᠪᠣᠯᠲᠠᠯ᠎ᠠ᠂ ᠨᠡᠶᠢᠲᠡ 215 ᠡᠷᠦᠬᠡ ᠳᠤ ᠠᠰᠢᠭ ᠬᠤᠪᠢᠶᠠᠵᠤ ᠂ ᠵᠢᠯ ᠪᠦᠷᠢ 25.8 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠤ᠂ 3 ᠵᠢᠯ ᠳᠤ ᠨᠡᠶᠢᠲᠡ 77.5 ᠲᠦᠮᠡᠨ ᠲᠥᠭᠦᠷᠢᠭ ᠲᠤ ᠬᠦᠷᠴᠡᠢ᠃

60.png

    ᠲᠣᠭᠲᠠᠴᠠ ᠶᠢ ᠲᠡᠭᠦᠯᠳᠡᠷᠵᠢᠭᠦᠯᠵᠦ ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ ᠃ ᠠᠯᠠᠰᠢᠨ ᠬᠤᠨᠢᠨ ᠤ ᠠᠵᠤ

ᠦᠢᠯᠡᠰ ᠢ ᠤᠯᠠᠮ ᠨᠢᠭᠡ ᠠᠯᠬᠤᠮ ᠬᠦᠭᠵᠢᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂

ᠲᠠᠷᠢᠶᠠᠴᠢᠳ ᠤᠨ ᠲᠡᠵᠢᠭᠡᠨ ᠦᠷᠡᠵᠢᠭᠦᠯᠬᠦ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ︽ ᠬᠤᠷᠰᠢᠶᠠᠵᠢᠯ +

ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠪᠦᠬᠦᠯᠢ ᠴᠣᠭᠴᠠ ᠶᠢᠨ ᠬᠤᠯᠪᠤᠭᠠᠯᠠᠨ ᠬᠥᠳᠡᠯᠦᠯᠴᠡᠬᠦ

ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠪᠣᠳᠠᠲᠠᠢ ᠠᠵᠢᠯᠯᠠᠭᠠᠨ ᠤ ᠲᠣᠭᠲᠠᠴᠠ ᠨᠢ᠄ 

ᠬᠤᠷᠰᠢᠶᠠᠵᠢᠯ ᠠᠴᠠ ᠲᠠᠷᠢᠶᠠᠴᠢᠨ ᠡᠷᠦᠬᠡ ᠳᠤ ᠨᠢᠭᠡ ᠡᠮ᠎ᠡ ᠬᠤᠨᠢ ᠥᠭᠴᠦ᠂ ᠲᠠᠷᠢᠶᠠᠴᠢᠨ ᠡᠷᠦᠬᠡ ᠠᠴᠠ ᠵᠢᠯ ᠪᠦᠷᠢ 

ᠬᠤᠷᠰᠢᠶᠠᠵᠢᠯ ᠳᠤ 3 ᠰᠠᠷ᠎ᠠ ᠶᠢᠨ  ᠪᠣᠯᠤᠭᠰᠠᠨ‌ᠬᠤᠷᠠᠭ᠎ᠠ ︵ᠪᠡᠶ᠎ᠡ ᠶᠢᠨ ᠬᠦᠨᠳᠦ ᠨᠢ 35 ᠵᠢᠩ ᠣᠷᠴᠢᠮ︶ ᠨᠢᠭᠡ ᠶᠢ 

ᠲᠤᠰᠢᠶᠠᠵᠤ᠂ ᠡᠮ᠎ᠡ ᠬᠤᠨᠢᠨ ᠤ ᠥᠮᠴᠢᠯᠡᠯ ᠤᠨ ᠡᠷᠬᠡ ᠨᠢ ᠲᠠᠷᠢᠶᠠᠴᠢᠨ ᠡᠷᠦᠬᠡ ᠳᠤ ᠬᠠᠷᠢᠶᠠᠯᠠᠭᠳᠠᠨ᠎ᠠ᠃

ᠬᠤᠷᠰᠢᠶ᠎ᠠ ᠠᠴᠠ ᠲᠠᠷᠢᠶᠠᠴᠢᠨ ᠡᠷᠦᠬᠡ ᠳᠤ ᠡᠮ᠎ᠡ ᠬᠤᠨᠢ ᠶᠢ ᠦᠷᠭᠦᠯᠵᠢᠯᠡᠨ ᠲᠠᠯᠪᠢᠵᠤ᠂ ᠠᠯᠠᠰᠢᠨ ᠬᠤᠨᠢ ᠶᠢ

ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠬᠤᠷᠰᠢᠶ᠎ᠠ ᠨᠢ ᠵᠢᠯ ᠪᠦᠷᠢ ᠬᠦᠪᠦᠷᠡᠯ ᠰᠢᠯᠵᠢᠭᠦᠯᠬᠦ ᠶᠢ

ᠥᠷᠨᠢᠭᠦᠯᠵᠦ᠂ ᠠᠦ᠋ᠰᠲᠷᠠᠯᠢᠶ᠎ᠠ ᠶᠢᠨ ᠴᠠᠭᠠᠨ᠂ ᠴᠠᠭᠠᠨ ᠰᠠᠹᠤᠺ ᠢᠶᠠᠷ ᠭᠤᠣᠯ ᠪᠣᠯᠭᠠᠭᠰᠠᠨ ᠴᠢᠨᠠᠷ ᠰᠠᠶᠢᠲᠠᠢ ᠬᠤᠴᠠ 

ᠦᠷᠡᠵᠢᠭᠦᠯᠵᠦ᠂ ᠲᠠᠷᠢᠶᠠᠴᠢᠨ ᠡᠷᠦᠬᠡ ᠳᠤ ᠣᠷᠳᠣ ᠬᠤᠭᠤᠴᠠᠭ᠎ᠠ ᠪᠠᠷ ᠰᠦᠢᠳᠬᠡᠯ ᠬᠤᠷᠢᠶᠠᠬᠤ ᠦᠭᠡᠢ ᠪᠠᠷ ᠢᠳᠡᠰᠢᠨ

ᠬᠤᠨᠢᠨ ᠤ ᠡᠷᠯᠢᠰᠡᠵᠢᠭᠦᠯᠦᠯᠲᠡ ᠶᠢ ᠰᠠᠶᠢᠵᠢᠷᠠᠭᠤᠯᠬᠤ ᠵᠢᠴᠢ ᠪᠤᠰᠤᠳ ᠮᠡᠷᠭᠡᠵᠢᠯ ᠤᠨ ᠦᠢᠯᠡᠴᠢᠯᠡᠭᠡ ᠶᠢ

ᠥᠷᠨᠢᠭᠦᠯᠦᠨ᠎ᠡ᠃

    ᠠᠷᠭ᠎ᠠ ᠵᠠᠮ ᠢ ᠥᠷᠭᠡᠳᠬᠡᠵᠦ ᠂ ᠣᠷᠣᠯᠭ᠎ᠠ ᠶᠢᠨ ᠨᠡᠮᠡᠭᠳᠡᠯ ᠢ ᠲᠠᠶᠢᠴᠢᠯᠠᠨ᠎ᠠ ᠃ ᠬᠤᠷᠰᠢᠶᠠᠵᠢᠯ  ᠨᠢ ᠬᠤᠶᠠᠷ

ᠵᠦᠢᠯ ᠤᠨ ᠵᠠᠭᠪᠤᠷ ᠢ ᠬᠡᠷᠡᠭᠵᠢᠭᠦᠯᠦᠭᠰᠡᠨ ᠠᠴᠠ ᠨᠠᠰᠢ᠂ ᠡᠭᠦᠯᠳᠡᠷ ᠬᠤᠨᠢᠨ ᠤ ᠴᠡᠪᠡᠷ ᠡᠭᠦᠯᠳᠡᠷ ᠵᠢᠴᠢ ᠠᠯᠠᠰᠢᠨ

ᠬᠤᠨᠢ ᠶᠢ ᠡᠷᠯᠢᠰᠡᠵᠢᠭᠦᠯᠦᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠶᠢ ᠦᠷᠭᠦᠯᠵᠢᠯᠡᠨ ᠶᠡᠭᠡ ᠪᠠᠷ 

ᠬᠦᠭᠵᠢᠭᠦᠯᠵᠦ ᠂ ︽ᠬᠥᠳᠡᠯᠮᠦᠷᠢ ᠬᠦᠴᠦ ᠦᠭᠡᠢ︾ ᠪᠠ ︽ᠬᠥᠳᠡᠯᠮᠦᠷᠢ ᠬᠦᠴᠦ ᠪᠠᠭᠤᠷᠠᠢ︾ ᠲᠠᠷᠢᠶᠠᠴᠢᠨ

ᠡᠷᠦᠬᠡ ᠳᠤ ᠣᠷᠣᠯᠭ᠎ᠠ ᠪᠠᠨ ᠨᠡᠮᠡᠭᠳᠡᠭᠦᠯᠬᠦ‍ ᠨᠢᠭᠡ ᠵᠦᠢᠯ ᠤᠨ ᠰᠢᠨ᠎ᠡ ᠠᠷᠭ᠎ᠠ ᠵᠠᠮ ᠢ ᠥᠷᠭᠡᠳᠬᠡᠵᠦ ᠥᠭᠭᠦᠭᠰᠡᠨ

ᠪᠠᠶᠢᠨ᠎ᠠ᠃ ᠣᠲᠣ ᠪᠣᠯᠲᠠᠯ᠎ᠠ᠂ ᠬᠤᠷᠰᠢᠶᠠᠵᠢᠯ ᠠᠴᠠ ᠨᠢᠭᠡᠨᠲᠡ 2 ᠲᠣᠰᠬᠤᠨ ᠤ 12 ᠡᠷᠦᠬᠡ ᠲᠠᠷᠢᠶᠠᠴᠢᠨ

ᠡᠷᠦᠬᠡ ᠳᠤ 360 ᠡᠮ᠎ᠡ ᠬᠤᠨᠢ ᠲᠠᠯᠪᠢᠵᠤ ᠥᠭᠴᠡᠢ᠃ ᠵᠢᠱᠢᠯᠲᠡ ᠪᠠᠷ ᠴᠠᠭᠠᠨ ᠰᠠᠷ᠎ᠠ ᠶᠢᠨ ᠬᠤᠭᠤᠴᠠᠭᠠᠨ ᠳᠤ

900 ᠲᠥᠯ ᠲᠥᠯᠯᠡᠵᠦ᠂ ᠲᠠᠷᠢᠶᠠᠴᠢᠳ ᠲᠤ 21 ᠲᠦᠮᠡᠨ ᠲᠥᠭᠦᠷᠢᠭ ᠤᠨ ᠣᠷᠣᠯᠭ᠎ᠠ ᠰᠢᠨ᠎ᠡ ᠪᠠᠷ ᠨᠡᠮᠡᠭᠳᠡᠭᠦᠯᠦᠨ᠎ᠡ

᠃ ᠡᠭᠦᠨ ᠤ ᠬᠠᠮᠲᠤ ᠂ ᠰᠢᠨ᠎ᠡ ᠬᠡᠪ ᠵᠠᠭᠪᠤᠷ ᠨᠢ ᠪᠠᠰᠠ ᠠᠮᠢ ᠠᠬᠤᠢ ᠶᠢ ᠬᠠᠮᠠᠭᠠᠯᠠᠵᠤ ᠬᠤᠷᠢᠵᠤ ᠲᠡᠵᠢᠭᠡᠬᠦ ᠶᠢ

ᠬᠡᠷᠡᠭᠵᠢᠭᠦᠯᠬᠦ ᠳᠤ ᠰᠢᠨ᠎ᠡ ᠠᠷᠭ᠎ᠠ ᠵᠠᠮ ᠢ ᠨᠡᠭᠡᠭᠡᠨ ᠥᠭᠴᠦ ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠠᠬᠢᠭᠤᠯᠬᠤ ᠳᠤ ᠬᠤᠷᠰᠢᠶᠠᠵᠢᠯ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2