ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠪᠣᠷᠤᠤᠰᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ  ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/18
    ᠲᠣᠰᠬᠤᠨ ᠤ ᠤᠯᠠᠨ ᠲᠦᠮᠡᠨ ᠢ ᠬᠠᠪᠰᠤᠷᠤᠨ ᠲᠡᠳᠬᠦᠬᠦ ᠬᠦᠰᠡᠯ ᠡᠷᠡᠮᠡᠯᠵᠡᠯ ᠢ ᠭᠦᠨᠵᠡᠭᠡᠢ ᠣᠶᠢᠯᠭᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠪᠠ ᠳᠡᠷᠭᠡᠳᠡᠬᠢ ᠪᠤᠬᠢᠨᠢᠳᠤᠯ ᠲᠠᠢ ᠶᠠᠪᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠶᠢᠨ ᠲᠦᠯᠦᠭᠡ᠂ ᠣᠶᠢᠷ᠎ᠠ ᠳᠤ᠂ ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠪᠣᠷᠤᠤᠰᠤ ᠵᠠᠰᠠᠭ ᠵᠠᠬᠢᠷᠭᠠᠨ ᠤ ᠲᠣᠰᠬᠤᠨ ᠤ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ  ᠬᠢᠨ 2023 ᠣᠨ ᠤ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠶ᠎ᠡ︾ ᠭᠡᠬᠦ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠥᠷᠨᠢᠭᠦᠯᠪᠡ᠃

10.jpg

    ᠬᠤᠸᠠ ᠨᠧᠩ ᠪᠦᠯᠦᠭᠯᠡᠯ ᠤᠨ ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠶᠢᠨ ᠲᠣᠰᠬᠤᠨ ᠳᠤ ᠰᠠᠭᠤᠭ᠎ᠠ

ᠨᠢᠭᠡᠳᠦᠭᠡᠷ ᠱᠦᠵᠢ ᠶᠤᠸᠠᠨ ᠽᠢ ᠴᠢᠶᠠᠩ ᠣᠶᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ 

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠭᠰᠠᠨ ᠪᠥᠭᠡᠳ ᠭᠤᠣᠯ ᠰᠡᠳᠦᠪᠲᠦ

ᠬᠥᠮᠦᠵᠢᠯ ᠲᠠᠢ ᠤᠶᠠᠯᠳᠤᠭᠤᠯᠤᠨ 2023 ᠣᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ

ᠥᠷᠨᠢᠭᠦᠯᠦᠭᠰᠡᠨ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ︾ᠭᠡᠬᠦ ᠠᠵᠢᠯ ᠤᠨ ᠪᠠᠶᠢᠳᠠᠯ ᠢ

ᠬᠠᠷᠢᠭᠤ ᠮᠡᠳᠡᠭᠦᠯᠵᠦ ᠂ ᠠᠵᠢᠯᠯᠠᠭ᠎ᠠ ᠥᠷᠨᠢᠭᠦᠯᠦᠭᠰᠡᠨ ᠬᠦᠷᠦᠯᠴᠡᠬᠦ ᠦᠭᠡᠢ ᠲᠠᠯ᠎ᠠ ᠶᠢ ᠵᠠᠳᠠᠯᠵᠤ ᠂ 2024 ᠣᠨ ᠤ

ᠠᠵᠢᠯᠯᠠᠭ᠎ᠠ ᠥᠷᠨᠢᠭᠦᠯᠬᠦ ᠲᠥᠯᠥᠪᠯᠡᠭᠡ ᠶᠢ ᠠᠭᠤᠵᠢᠷᠠᠲᠠᠯ᠎ᠠ ᠶᠠᠷᠢᠯᠴᠠᠵᠠᠢ ᠃ ᠲᠣᠰᠬᠤᠨ ᠳᠤ ᠰᠠᠭᠤᠭ᠎ᠠ ᠠᠵᠢᠯᠯᠠᠬᠤ

ᠠᠩᠭᠢ ᠶᠢᠨ ᠭᠡᠰᠢᠭᠦᠳ ᠨᠢᠭᠡ ᠵᠢᠯ ᠤᠨ ᠲᠤᠷᠰᠢᠬᠢ ᠲᠣᠰᠬᠤᠨ ᠳᠤ ᠰᠠᠭᠤᠭ᠎ᠠ ᠠᠵᠢᠯ ᠲᠠᠢ ᠪᠠᠨ ᠤᠶᠠᠯᠳᠤᠭᠤᠯᠤᠨ

ᠥᠪᠡᠷ ᠤᠨ ᠠᠵᠢᠯᠯᠠᠭ᠎ᠠ ᠳᠤ ᠣᠷᠣᠯᠴᠠᠭᠰᠠᠨ ᠲᠥᠷᠥᠭᠳᠡᠯ ᠢᠶᠠᠨ ᠶᠠᠷᠢᠪᠠ᠃

ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠷᠢᠯᠳᠦᠭᠦᠨ ᠨᠠᠷ ᠤᠯᠠᠨ ᠲᠦᠮᠡᠨ ᠤ ᠲᠥᠯᠥᠭᠡᠯᠡᠭᠴᠢ ᠲᠠᠢ

ᠨᠢᠭᠤᠷᠳᠠᠨ ᠶᠠᠷᠢᠯᠴᠠᠵᠤ ᠂ ᠲᠣᠰᠬᠤᠨ ᠤ ᠠᠷᠠᠳ ᠤᠨ ᠳᠠᠷᠢᠵᠤ ᠲᠡᠵᠢᠭᠡᠨ ᠦᠷᠡᠵᠢᠭᠦᠯᠬᠦ ᠂ ᠭᠡᠷ ᠪᠦᠯᠢ ᠶᠢᠨ ᠡᠮ

ᠡᠮᠨᠡᠯᠭᠡ ᠂ ᠠᠵᠢᠯ ᠣᠯᠭᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ ᠂

ᠲᠣᠰᠬᠤᠨ ᠤ ᠠᠷᠠᠳ ᠤᠨ ᠡᠨᠡ ᠵᠢᠯ ᠤᠨ ᠦᠬᠡᠷ ᠬᠤᠨᠢ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠨᠡᠮᠡᠭᠳᠡᠬᠦ ᠂

ᠬᠤᠳᠠᠯᠳᠤᠬᠤ ᠦᠨ᠎ᠡ ᠳᠣᠣᠷ᠎ᠠ ᠵᠡᠷᠭᠡ ᠠᠰᠠᠭᠤᠳᠠᠯ ᠳᠤ ᠴᠢᠭᠯᠡᠭᠦᠯᠦᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂

ᠠᠵᠢᠯᠯᠠᠬᠤ ᠠᠩᠭᠢ ᠶᠢᠨ ᠭᠡᠰᠢᠭᠦᠳ ᠲᠡᠮᠳᠡᠭᠯᠡᠯ ᠢ ᠨᠠᠷᠢᠨ ᠬᠢᠨᠠᠮᠠᠭᠠᠢ ᠰᠣᠨᠣᠰᠴᠤ ᠂ ᠢᠷᠡᠬᠦ ᠵᠢᠯ ᠤᠨ ᠲᠣᠰᠬᠤᠨ ᠳᠤ

ᠰᠠᠭᠤᠬᠤ ᠠᠵᠢᠯ ᠤᠨ ᠭᠤᠣᠯᠳᠠᠯᠭ᠎ᠠ ᠲᠠᠢ ᠰᠢᠢᠳᠪᠦᠷᠢᠯᠡᠬᠦ ᠵᠦᠢᠯᠡᠰ ᠲᠤ ᠣᠷᠣᠭᠤᠯᠪᠠ᠃

    ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠤᠯᠠᠨ ᠲᠦᠮᠡᠨ ᠪᠣᠷᠤᠤᠰᠤ ᠵᠠᠰᠠᠭ ᠵᠠᠬᠢᠷᠭᠠᠨ ᠤ ᠲᠣᠰᠬᠤᠨ ᠤ

ᠠᠷᠠᠳ ᠤᠨ ᠵᠠᠩ ᠦᠢᠯᠡ ᠶᠢᠨ ᠵᠤᠭᠠᠴᠠᠯ ᠤᠨ ᠪᠦᠲᠦᠭᠡᠨ ᠪᠠᠶᠢᠭᠤᠯᠤᠯᠲᠠ᠂ ᠬᠥᠮᠥᠰ ᠤᠨ ᠣᠷᠣᠰᠢᠨ ᠰᠠᠭᠤᠬᠤ

ᠣᠷᠴᠢᠨ ᠲᠣᠭᠤᠷᠢᠨ ᠤ ᠵᠠᠰᠠᠯᠲᠠ᠂ ᠡᠭᠡᠯᠵᠢᠯᠡᠨ ᠳᠠᠷᠢᠬᠤ ᠂ ᠬᠥᠮᠥᠨ ᠮᠠᠯ ᠢ ᠰᠠᠯᠭᠠᠬᠤ ᠢᠨᠵᠧᠨᠧᠷᠢᠩ ᠂ ᠠᠵᠤ

ᠦᠢᠯᠡᠰ ᠤᠨ ᠭᠦᠨᠵᠡᠭᠡᠢ ᠬᠥᠭᠵᠢᠯᠲᠡ᠂ ᠲᠣᠰᠬᠤᠨ ᠤ ᠳᠡᠰ ᠤᠨ ᠰᠣᠶᠣᠯ ᠤᠨ ᠪᠠᠶᠢᠭᠤᠯᠤᠯᠲᠠ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠂ ᠲᠣᠰᠬᠤᠨ ᠳᠤ ᠰᠠᠭᠤᠬᠤ ᠠᠵᠢᠯ ᠵᠡᠷᠭᠡ ᠲᠠᠯ᠎ᠠ ᠪᠠᠷ ᠮᠠᠰᠢ ᠤᠯᠠᠨ ᠰᠠᠶᠢᠨ

ᠰᠠᠨᠠᠭᠤᠯᠭ᠎ᠠ ᠂ ᠠᠷᠭ᠎ᠠ ᠬᠡᠮᠵᠢᠶ᠎ᠡ ᠳᠤᠷᠠᠳᠴᠠᠢ ᠃ ᠲᠣᠰᠬᠤᠨ ᠤ ︽ᠬᠤᠶᠠᠷ ᠵᠥᠪᠯᠡᠯ︾ ᠲᠤᠰᠬᠠᠢ ᠰᠡᠳᠦᠪᠲᠦ ᠬᠤᠷᠠᠯ

ᠬᠤᠷᠠᠯᠳᠤᠭᠤᠯᠵᠤ ᠰᠤᠳᠤᠯᠭᠠᠨ ᠬᠢᠵᠦ᠂ ᠢᠷᠡᠬᠦ ᠵᠢᠯ ᠤᠨ ᠭᠤᠣᠯ ᠠᠵᠢᠯ ᠲᠠᠢ ᠪᠠᠨ ᠤᠶᠠᠯᠳᠤᠭᠤᠯᠤᠨ᠂ ᠠᠵᠢᠯ ᠤᠨ

ᠰᠡᠳᠬᠢᠴᠡ ᠪᠠ ᠰᠠᠨᠠᠮᠵᠢ ᠪᠠᠨ ᠭᠠᠷᠭᠠᠵᠤ᠂ ᠢᠷᠡᠬᠦ ᠵᠢᠯ ᠤᠨ ᠡᠳᠦᠷ ᠲᠤᠲᠤᠮ ᠤᠨ ᠠᠵᠢᠯ ᠳᠠᠭᠠᠨ ᠣᠷᠭᠠᠨᠢᠭ ᠢᠶᠠᠷ

ᠠᠭᠤᠰᠤᠯᠴᠠᠭᠤᠯᠤᠨ᠂ ᠲᠣᠰᠬᠤᠨ ᠳᠤ ᠰᠠᠭᠤᠬᠤ ᠠᠵᠢᠯ ᠤᠨ ᠴᠢᠨᠠᠷ ᠰᠠᠶᠢᠲᠠᠢ ᠥᠷᠨᠢᠬᠦ ᠶᠢ ᠪᠦᠲᠦᠮᠵᠢᠲᠡᠶ ᠲᠦᠯᠬᠢᠨ

ᠠᠬᠢᠭᠤᠯᠪᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2