ᠵᠣᠴᠢᠨ ᠄ ᠵᠢᠶᠠ ᠴᠢᠶᠠᠩ | ᠲᠣᠪᠴᠢᠯᠠᠯ ᠳᠤ ᠄ ᠬᠤᠸᠠᠳᠧ ᠰᠢᠶᠠᠨ ᠤ ᠤᠢ ᠰᠢᠭᠤᠢ ᠪᠠ ᠡᠪᠡᠰᠦᠨ ᠤ ᠦᠢᠯᠡᠰ ᠤᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠵᠢᠶᠠ ᠴᠢᠶᠠᠩ ᠠᠵᠢᠯ ᠥᠷᠨᠢᠭᠦᠯᠦᠭᠰᠡᠨ | ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ ᠃ | | | | | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠰᠤᠷᠪᠤᠯᠵᠢᠯᠠᠭᠴᠢ᠄ ᠵᠢᠶᠠ ᠲᠣᠪᠴᠢᠶᠠᠨ ᠳᠠᠷᠤᠭ᠎ᠠ ᠡ ᠂ ᠲᠠ ᠰᠠᠶᠢᠨ ᠦᠦ︖ ᠂ ᠥᠨᠥᠳᠥᠷ ᠲᠠᠨ ᠢ | ᠰᠤᠷᠪᠤᠯᠵᠢᠯᠠᠭᠰᠠᠨ ᠳᠠᠭᠠᠨ ᠮᠠᠰᠢ ᠠᠵᠠᠲᠠᠢ ᠰᠠᠨᠠᠭᠳᠠᠵᠤ ᠪᠠᠶᠢᠨ᠎ᠠ᠃ | ᠵᠢᠶᠠ ᠲᠣᠪᠴᠢᠶᠠᠨ ᠳᠠᠷᠤᠭ᠎ᠠ᠄ ᠲᠠ ᠰᠠᠶᠢᠨ ᠦᠦ︖ ᠂ ᠲᠠᠨ ᠲᠠᠢ ᠡᠨᠡ ᠤᠳᠠᠭ᠎ᠠ ᠶᠢᠨ ᠰᠣᠷᠪᠤᠯᠵᠢᠯᠠᠭ᠎ᠠ ᠶᠢ ᠬᠢᠬᠦ | ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠰᠤᠷᠪᠤᠯᠵᠢᠯᠠᠭᠴᠢ᠄ ᠡᠩ ᠲᠡᠷᠢᠭᠦᠨ ᠳᠤ᠂ ᠲᠠ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠤᠣᠯ | ᠡᠭᠦᠷᠭᠡ ᠬᠠᠷᠢᠭᠤᠴᠠᠯᠭ᠎ᠠ ᠪᠠ ᠠᠵᠢᠯ ᠤᠨ ᠠᠭᠤᠯᠭ᠎ᠠ ᠶᠢ ᠳᠥᠭᠦᠮᠬᠡᠨ ᠲᠠᠨᠢᠯᠴᠠᠭᠤᠯᠤᠨ᠎ᠠ ᠦᠦ︖ | ᠵᠢᠶᠠ ᠲᠣᠪᠴᠢᠶᠠᠨ ᠳᠠᠷᠤᠭ᠎ᠠ᠄ ᠵᠠ᠃ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠤᠣᠯ ᠡᠭᠦᠷᠭᠡ | ᠬᠠᠷᠢᠭᠤᠴᠠᠯᠭ᠎ᠠ ᠪᠣᠯ ᠣᠶ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠪᠠᠶᠢᠭᠠᠯᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠂ ᠡᠭᠦᠨ ᠳᠤ ᠣᠶᠢᠵᠢᠭᠤᠯᠵᠤ ᠡᠪᠡᠰᠦ ᠳᠠᠷᠢᠬᠤ | ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠣᠶ ᠰᠢᠭᠤᠢ ᠡᠪᠡᠰᠦ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ᠂ ᠴᠢᠭᠢᠭᠯᠢᠭ ᠭᠠᠵᠠᠷ ᠢ ᠬᠠᠮᠢᠶᠠᠷᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠪᠠᠭᠲᠠᠨ᠎ᠠ᠃ | ᠡᠭᠦᠨ ᠤ ᠵᠡᠷᠭᠡᠴᠡᠭᠡᠪᠡᠷ ᠂ ᠪᠢᠳᠡ ᠪᠠᠰᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠠᠷᠢᠭᠤᠴᠠᠨ | ᠠᠬᠢᠭᠤᠯᠵᠤ ᠂ ᠤᠢ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠰᠤᠷᠪᠤᠯᠵᠢᠯᠠᠭᠴᠢ ᠄ ᠣᠶᠢᠷ᠎ᠠ ᠶᠢᠨ ᠵᠢᠯ ᠠᠴᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠠᠶᠢᠭᠠᠯᠢ ᠶᠢᠨ | ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ | ᠲᠠᠯ᠎ᠠ ᠪᠠᠷ ᠶᠠᠮᠠᠷ ᠶᠠᠮᠠᠷ ᠴᠢᠬᠤᠯᠠ ᠠᠮᠵᠢᠯᠲᠠ ᠣᠯᠣᠭᠰᠠᠨ ᠪᠤᠢ ︖ | ᠵᠢᠶᠠ ᠲᠣᠪᠴᠢᠶᠠᠨ ᠳᠠᠷᠤᠭ᠎ᠠ᠄ ᠣᠶᠢᠷ᠎ᠠ ᠶᠢᠨ ᠵᠢᠯ ᠤᠳ ᠲᠤ᠂ ᠪᠢᠳᠡ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠣᠶ ᠰᠢᠭᠤᠢ ᠡᠪᠡᠰᠦ | ᠪᠡᠯᠴᠢᠭᠡᠷ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠶ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ | ᠬᠠᠮᠠᠭᠠᠯᠠᠯᠲᠠ ᠶᠢ ᠦᠨᠡᠨᠬᠦ ᠴᠢᠩᠭᠠᠳᠬᠠᠨ᠂ ᠣᠶ ᠰᠢᠭᠤᠢ ᠵᠢᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ | ᠪᠠᠶᠠᠯᠢᠭ ᠤᠨ ᠳᠠᠯᠳᠠ ᠬᠦᠴᠦᠨ ᠢ ᠠᠭᠤᠳᠠᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠡᠶᠢᠲᠡ | 60 ᠭᠠᠷᠤᠢ ᠲᠦᠮᠡᠨ ᠮᠦ ᠪᠡᠶᠡᠯᠡᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 14.3% ᠳᠤ ᠬᠦᠷᠴᠦ᠂ | ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 34.7% ᠪᠣᠯᠲᠠᠯ᠎ᠠ | ᠳᠡᠭᠡᠭᠰᠢᠯᠡᠪᠡ᠂ ᠡᠭᠦᠨ ᠳᠤ 2023 ᠣᠨ ᠪᠣᠯ ᠣᠶᠢᠷ᠎ᠠ ᠶᠢᠨ ᠵᠢᠯ ᠳᠤ ᠪᠡᠶᠡᠯᠡᠭᠦᠯᠦᠭᠰᠡᠨ ᠲᠥᠷᠥᠯ ᠵᠦᠢᠯ ᠬᠠᠮᠤᠭ ᠤᠨ | ᠣᠯᠠᠨ᠂ ᠬᠡᠷᠡᠭᠵᠢᠭᠦᠯᠦᠭᠰᠡᠨ ᠦᠷ᠎ᠡ ᠪᠦᠲᠦᠮᠵᠢ ᠬᠠᠮᠤᠭ ᠤᠨ ᠰᠠᠶᠢᠨ ᠨᠢᠭᠡ ᠵᠢᠯ ᠪᠣᠯᠣᠨ᠎ᠠ᠃ | 2023 ᠣᠨ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠤᠳᠤᠷᠢᠳᠤᠯᠭ᠎ᠠ ᠳᠣᠣᠷ᠎ᠠ᠂ ᠬᠤᠲᠠ ᠶᠢᠨ | ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠳᠣᠣᠷ᠎ᠠ᠂ ᠣᠶ ᠰᠢᠭᠤᠢ | ᠡᠪᠡᠰᠦ ᠪᠡᠯᠴᠢᠭᠡᠷ ᠤᠨ ᠪᠥᠬᠦ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 19.6 ᠲᠦᠮᠡᠨ ᠮᠦ ᠪᠡᠶᠡᠯᠡᠭᠦᠯᠵᠦ᠂ | ︽ᠡᠬᠡ ᠭᠠᠵᠠᠷ ᠢ ᠨᠣᠭᠤᠭᠠᠷᠠᠭᠤᠯᠵᠤ᠂ ᠣᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ︾ ᠡᠭᠦᠷᠭᠡ ᠶᠢ | ᠪᠡᠶᠡᠯᠡᠭᠦᠯᠪᠡ᠃ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ᠂ ᠨᠢᠭᠡ ᠳᠤ ᠂ ᠣᠶ | ᠰᠢᠭᠤᠢ ᠡᠪᠡᠰᠦ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠪᠡ᠃ | 253.7 ᠲᠦᠮᠡᠨ ᠮᠦ ᠶᠢᠨ ᠣᠶ ᠰᠢᠭᠤᠢ ᠡᠪᠡᠰᠦ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠤᠨ ᠬᠢᠨᠠᠨ | ᠬᠡᠮᠵᠢᠯᠲᠡ ᠶᠢ ᠪᠡᠶᠡᠯᠡᠭᠦᠯᠵᠦ᠂ 28.12 ᠲᠦᠮᠡᠨ ᠮᠦ ᠶᠢ ᠰᠡᠷᠭᠡᠶᠢᠯᠡᠨ ᠵᠠᠰᠠᠨ᠎ᠠ᠃ ᠬᠤᠶᠠᠷ ᠲᠤ᠂ ᠣᠶ ᠰᠢᠭᠤᠢ ᠶᠢᠨ | ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ | ᠵᠢᠴᠢ ᠳᠥᠷᠪᠡᠨ ᠱᠠᠲᠤᠨ ᠤ ᠬᠠᠮᠲᠤᠷᠠᠨ ᠰᠡᠷᠭᠡᠶᠢᠯᠡᠬᠦ ᠲᠣᠭᠲᠠᠴᠠ ᠶᠢ ᠬᠡᠷᠡᠭᠯᠡᠨ᠂ ᠡᠯ᠎ᠡ ᠰᠠᠯᠠᠭ᠎ᠠ ᠮᠥᠴᠢᠷ ᠤᠨ | ᠬᠠᠮᠵᠢᠯᠴᠠᠭ᠎ᠠ᠂ ᠡᠯ᠎ᠡ ᠰᠠᠶᠢᠨ ᠳᠤᠷ᠎ᠠ ᠶᠢᠨ ᠪᠦᠯᠬᠦᠮ ᠤᠨ ᠬᠠᠮᠵᠢᠯᠴᠠᠭ᠎ᠠ ᠵᠢᠴᠢ ᠪᠥᠬᠦ ᠺᠠᠳ᠋ᠷ ᠠᠵᠢᠯᠲᠠᠨ ᠤ | ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ 2023 ᠣᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ | ᠭᠠᠷᠤᠭᠰᠠᠨ ᠦᠭᠡᠢ᠃ ᠭᠤᠷᠪᠠ ᠳᠤ ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠦᠷᠭᠦᠯᠵᠢᠯᠡᠨ | ᠥᠷᠨᠢᠭᠦᠯᠵᠦ᠂ 2.2 ᠤᠨ ᠳᠡᠯᠡᠬᠡᠢ ᠶᠢᠨ ᠨᠤᠭᠤ ᠭᠠᠵᠠᠷ ᠤᠨ ᠡᠳᠦᠷ ᠂ 3.12 ᠤᠨ ᠮᠣᠳᠣ ᠲᠠᠷᠢᠬᠤ ᠪᠠᠶᠠᠷ ᠵᠡᠷᠭᠡ | ᠪᠠᠶᠠᠷ ᠤᠨ ᠡᠳᠦᠷ ᠢᠶᠠᠷ ᠳᠠᠮᠵᠢᠭᠤᠯᠵᠤ ᠂ ᠤᠢ ᠰᠢᠭᠤᠢ ᠡᠪᠡᠰᠦ ᠪᠡᠯᠴᠢᠭᠡᠷ ᠤᠨ ᠨᠤᠭᠤ ᠭᠠᠵᠠᠷ ᠪᠣᠯᠣᠨ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠵᠡᠷᠭᠡ ᠤᠬᠠᠭᠤᠯᠭ᠎ᠠ ᠶᠢᠨ ᠠᠵᠢᠯ ᠢ ᠶᠡᠬᠡᠪᠡᠷ ᠥᠷᠨᠢᠭᠦᠯᠵᠦ ᠂ 2023 ᠣᠨ ᠳᠤ ᠬᠢᠷᠰᠠ᠂ | ᠬᠠᠯᠵᠠᠨ ᠪᠦᠷᠭᠦᠳ᠂ ᠲᠣᠮᠣ ᠬᠤᠨ ᠭᠠᠯᠠᠭᠤ ᠂ ᠬᠠᠷᠠᠭᠤᠨ᠎ᠠ᠂ ᠲᠣᠭᠤᠷᠤᠤ ᠂ ᠬᠥᠬᠡ ᠳᠡᠭᠡᠯᠡᠢ ᠂ ᠰᠢᠷ᠎ᠠ ᠰᠢᠪᠠᠭᠤ᠂ | ᠬᠦᠰᠦᠨ ᠲᠡᠰ᠂ ᠤᠭᠤᠯᠢ ᠮᠠᠩᠭᠢᠰᠤ ᠂ ᠯᠠᠮᠠ ᠰᠢᠪᠠᠭᠤ ᠵᠡᠷᠭᠡ ᠠᠮᠢᠲᠠᠨ ᠢ ᠨᠡᠶᠢᠲᠡ 20 ᠭᠠᠷᠤᠢ ᠠᠪᠤᠷᠠᠨ ᠡᠮᠴᠢᠯᠡᠵᠦ | ᠂ ᠮᠠᠨ ᠤ ᠰᠢᠶᠠᠨ ᠤ ᠬᠡᠭᠡᠷ᠎ᠡ ᠶᠢᠨ ᠠᠮᠢᠲᠠᠨ ᠢ ᠦᠨᠡᠨᠬᠦ ᠬᠠᠮᠠᠭᠠᠯᠠᠵᠤ ᠂ ᠪᠠᠶᠢᠭᠠᠯᠢ ᠶᠢᠨ ᠠᠮᠢ ᠠᠬᠤᠢ ᠶᠢᠨ | ᠲᠡᠩᠴᠡᠭᠦᠷᠢ ᠶᠢ ᠬᠠᠮᠠᠭᠠᠯᠠᠪᠠ ᠃ | ᠶᠡᠷᠦᠩᠬᠡᠢ ᠳᠤᠨᠢ ᠠᠪᠴᠤ ᠬᠡᠯᠡᠪᠡᠯ᠂ ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠣᠶ ᠰᠢᠭᠤᠢ ᠡᠪᠡᠰᠦ ᠪᠡᠯᠴᠢᠭᠡᠷ ᠤᠨ ᠠᠵᠢᠯ | ᠡᠷᠬᠢᠯᠡᠭᠰᠡᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠮᠠᠨ ᠤ ᠰᠢᠶᠠᠨ ᠤ ᠣᠶ ᠰᠢᠭᠤᠢ ᠶᠢᠨ ᠪᠦᠷᠬᠦᠴᠡ | ᠦᠷᠭᠦᠯᠵᠢᠯᠡᠨ ᠨᠡᠮᠡᠭᠳᠡᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠦᠷᠭᠦᠯᠵᠢᠯᠡᠨ ᠨᠡᠮᠡᠭᠳᠡᠵᠦ᠂ ᠮᠠᠨ ᠤ | ᠰᠢᠶᠠᠨ ᠤ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠦᠨᠡᠨ ᠬᠦ ᠳᠡᠭᠡᠭᠰᠢᠯᠡᠭᠦᠯᠵᠦ | ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠭᠰᠡᠨ | ᠪᠠᠶᠢᠨ᠎ᠠ᠃ | ᠰᠤᠷᠪᠤᠯᠵᠢᠯᠠᠭᠴᠢ ᠄ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠂ ᠤᠢ | ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠪᠠᠰᠠ ᠶᠠᠮᠠᠷ ᠶᠠᠮᠠᠷ ᠪᠣᠳᠠᠲᠠᠢ ᠲᠥᠯᠥᠪᠯᠡᠭᠡ ᠪᠠ ᠠᠷᠭ᠎ᠠ ᠬᠡᠮᠵᠢᠶ᠎ᠡ | ᠪᠠᠶᠢᠬᠤ ᠪᠤᠢ ︖ | ᠵᠢᠶᠠ ᠲᠣᠪᠴᠢᠶᠠᠨ ᠳᠠᠷᠤᠭ᠎ᠠ᠄ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠᠶᠢ ᠠᠬᠢᠭᠤᠯᠬᠤ ᠲᠠᠯ᠎ᠠ ᠪᠠᠷ᠂ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠲᠥᠯᠦᠪᠵᠢᠭᠦᠯᠭᠡ ᠵᠢᠴᠢ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ | ᠢᠨᠵᠧᠨᠧᠷᠢᠩ ᠤᠨ ᠱᠠᠭᠠᠷᠳᠠᠯᠭ᠎ᠠ ᠶᠣᠰᠣᠭᠠᠷ᠂ ᠨᠢᠭᠡ ᠳᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ ᠂ ᠣᠶᠢᠵᠢᠭᠤᠯᠵᠤ ᠨᠣᠭᠤᠭᠠᠷᠠᠭᠤᠯᠬᠤ ᠂ ᠡᠪᠡᠰᠦ ᠲᠠᠷᠢᠵᠤ ᠪᠣᠶᠢᠵᠢᠭᠤᠯᠬᠤ ᠠᠵᠢᠯ ᠢ | ᠦᠷᠭᠦᠯᠵᠢᠯᠡᠨ ᠥᠷᠨᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠤᠢ ᠰᠢᠭᠤᠢ ᠡᠪᠡᠰᠦ ᠪᠡᠯᠴᠢᠭᠡᠷ ᠢ ᠪᠠᠲᠤᠳᠬᠠᠨ | ᠳᠡᠭᠡᠭᠰᠢᠯᠡᠭᠦᠯᠬᠦ ᠪᠠᠷ ᠲᠥᠯᠥᠪᠯᠡᠵᠦ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ 69.63 ᠲᠦᠮᠡᠨ ᠮᠦ ᠬᠡᠷᠡᠭᠵᠢᠭᠦᠯᠵᠦ ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠰᠦᠨᠦᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠨᠡᠶᠢᠰᠯᠡᠯ ᠤᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠬᠤᠶᠠᠷ ᠲᠤ ᠂ ᠤᠢ ᠰᠢᠭᠤᠢ ᠂ ᠨᠤᠲᠤᠭ ᠪᠡᠯᠴᠢᠭᠡᠷ ᠂ ᠴᠢᠭᠢᠭᠯᠢᠭ ᠭᠠᠵᠠᠷ ᠪᠠ ᠬᠡᠭᠡᠷ᠎ᠡ ᠶᠢᠨ ᠠᠮᠢᠳᠠᠨ | ᠤᠷᠭᠤᠮᠠᠯ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠠᠮᠢ ᠠᠬᠤᠢ ᠶᠢᠨ | ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ ᠃ ᠭᠤᠷᠪᠠ ᠳᠤ ᠂ ᠠᠮᠢ ᠠᠬᠤᠢ ᠶᠢᠨ | ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠯᠠᠨ ᠨᠡᠶᠢᠲᠡ ᠶᠢᠨ ᠠᠮᠢ ᠠᠬᠤᠢ ᠶᠢᠨ ᠪᠣᠯᠪᠠᠰᠤᠨ ᠤ | ᠤᠬᠠᠮᠰᠠᠷ ᠢ ᠳᠡᠭᠡᠭᠰᠢᠯᠡᠭᠦᠯᠦᠨ᠎ᠡ ᠃ | ᠰᠤᠷᠪᠤᠯᠵᠢᠯᠠᠭᠴᠢ᠄ ᠬᠠᠮᠤᠭ ᠤᠨ ᠰᠡᠭᠦᠯ ᠳᠤ᠂ ᠲᠠᠨ ᠤ ᠢᠷᠡᠭᠡᠳᠦᠢ ᠶᠢᠨ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶᠠᠨ ᠤ ᠠᠵᠢᠯ ᠳᠤ ᠡᠳᠦᠢ ᠲᠡᠳᠦᠢ ᠬᠦᠰᠡᠯ ᠡᠷᠡᠮᠡᠯᠵᠡᠯ ᠪᠠ ᠪᠠᠷᠠᠭᠠᠯᠠᠯ ᠶᠠᠭᠤ ᠪᠠᠶᠢᠨ᠎ᠠ ᠪᠤᠢ︖ | ᠵᠢᠶᠠ ᠲᠣᠪᠴᠢᠶᠠᠨ ᠳᠠᠷᠤᠭ᠎ᠠ᠄ ᠢᠷᠡᠭᠡᠳᠦᠢ ᠳᠤ᠂ ᠨᠢᠭᠡ ᠳᠤ᠂ ᠬᠥᠭᠵᠢᠯᠲᠡ ᠶᠢᠨ ᠰᠡᠳᠬᠢᠴᠡ ᠪᠠᠨ | ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ᠠᠵᠠ | ᠲᠣᠬᠢᠶᠠᠯ ᠢ ᠴᠢᠩᠭ᠎ᠠ ᠠᠳᠬᠤᠨ᠂ ᠣᠶ ᠰᠢᠭᠤᠢ ᠡᠪᠡᠰᠦ ᠪᠡᠯᠴᠢᠭᠡᠷ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ | ᠠᠵᠢᠯ ᠢ ᠠᠬᠢᠭᠤᠯᠵᠤ᠂ ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠲᠣ ᠦᠶ᠎ᠡ ᠶᠢᠨ ᠣᠶ | ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠣᠶ ᠰᠢᠭᠤᠢ ᠡᠪᠡᠰᠦ | ᠪᠡᠯᠴᠢᠭᠡᠷ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠨᠡᠶᠢᠭᠡᠮ ᠳᠠᠶᠠᠭᠠᠷ ᠤᠨ ᠬᠠᠮᠲᠤ ᠶᠢᠨ | ᠴᠢᠷᠮᠠᠶᠢᠯᠭ᠎ᠠ ᠪᠠᠷ ᠮᠠᠨ ᠤ ᠤᠢ ᠰᠢᠭᠤᠢ ᠡᠪᠡᠰᠦ ᠪᠡᠯᠴᠢᠭᠡᠷ ᠤᠨ ᠦᠢᠯᠡᠰ ᠯᠠᠪᠳᠠᠶ᠎ᠠ ᠨᠡᠩ ᠭᠡᠷᠡᠯ ᠰᠠᠴᠤᠷᠠᠩᠭᠤᠢ | ᠠᠮᠵᠢᠯᠲᠠ ᠣᠯᠬᠤ ᠶᠢ ᠪᠢᠳᠡ ᠢᠲᠡᠭᠡᠵᠦ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |