ᠮᠠᠨ ᠤ ᠰᠢᠶᠠᠨ ᠤ ᠳᠣᠯᠣᠳᠤᠭᠠᠷ ᠪᠠᠯᠭᠠᠰᠤ ︽ᠪᠢ ᠭᠡᠷ ᠣᠷᠤᠨ ᠢᠶᠠᠨ ᠬᠠᠶᠢᠷᠠᠯᠠᠨ᠎ᠠ︾ ᠭᠡᠬᠦ ᠠᠵᠢᠯᠯᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠳᠤ ᠬᠡᠮᠡᠷᠯᠢᠭ ᠲᠤᠭ ᠬᠦᠷᠭᠡᠬᠦ ᠶᠣᠰᠣᠯᠠᠯ ᠬᠢᠪᠡ
ᠨᠡᠶᠢᠲᠡᠯᠡᠭᠰᠡᠨ ᠴᠠᠭ᠄
2023/12/20
    12 ᠰᠠᠷ᠎ᠠ ᠶᠢᠨ 20 ᠤ ᠡᠳᠦᠷ᠂ ᠮᠠᠨ ᠤ ᠰᠢᠶᠠᠨ ᠤ ᠳᠣᠯᠣᠳᠤᠭᠠᠷ ᠪᠠᠯᠭᠠᠰᠤ ︽ᠪᠢ ᠭᠡᠷ ᠣᠷᠤᠨ ᠢᠶᠠᠨ ᠬᠠᠶᠢᠷᠠᠯᠠᠨ᠎ᠠ︾ ᠭᠡᠬᠦ ᠠᠵᠢᠯᠯᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠳᠤ ᠬᠡᠮᠡᠷᠯᠢᠭ ᠲᠤᠭ ᠪᠡᠯᠡᠭᠯᠡᠬᠦ ᠶᠣᠰᠣᠯᠠᠯ ᠬᠤᠷᠠᠯᠳᠤᠭᠤᠯᠪᠠ᠃

20.jpg

    ︽ᠪᠢ ᠭᠡᠷ ᠢᠶᠠᠨ ᠣᠷᠤᠨ ᠬᠠᠶᠢᠷᠠᠯᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ ᠂ ᠳᠣᠯᠣᠳᠤᠭᠠᠷ

ᠪᠠᠯᠭᠠᠰᠤᠨ ᠤ ᠡᠯ᠎ᠡ ᠲᠣᠰᠬᠤᠨ ᠤ ᠨᠠᠮ ᠤᠨ ᠡᠭᠦᠷ ︽ᠺᠠᠳ᠋ᠷ ᠲᠦᠷᠦᠭᠦᠯᠡᠨ ᠵᠢᠭᠰᠠᠭᠠᠯ ᠤᠨ ᠭᠠᠵᠠᠷ ᠢᠶᠠᠨ ᠬᠠᠶᠢᠷᠠᠯᠠᠵᠤ ᠂

ᠤᠯᠠᠨ ᠲᠦᠮᠡᠨ ᠥᠪᠡᠷ ᠢᠶᠠᠨ ᠭᠡᠷ ᠣᠷᠣᠨ ᠢᠶᠠᠨ ᠬᠠᠶᠢᠷᠠᠯᠠᠬᠤ︾  ᠪᠠᠷ ᠭᠤᠣᠯ ᠰᠡᠳᠦᠪ ᠪᠣᠯᠭᠠᠵᠤ ᠂ ᠤᠯᠠᠨ

ᠬᠡᠯᠪᠡᠷᠢ ᠶᠢᠨ ︽ᠪᠢ ᠭᠡᠷ ᠣᠷᠤᠨ ᠢᠶᠠᠨ ᠬᠠᠶᠢᠷᠠᠯᠠᠬᠤ ︾ ᠠᠵᠢᠯᠯᠠᠭ᠎ᠠ ᠶᠢ ᠥᠷᠨᠢᠭᠦᠯᠵᠦ ᠂ ᠤᠯᠠᠨ ᠲᠦᠮᠡᠨ ᠳᠤ

ᠦᠢᠯᠡᠴᠢᠯᠡᠬᠦ ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠂ ᠵᠢᠭᠰᠠᠭᠠᠯ ᠤᠨ ᠭᠠᠵᠠᠷ ᠢᠶᠠᠨ ᠬᠠᠶᠢᠷᠠᠯᠠᠬᠤ ᠂

ᠭᠡᠷ ᠣᠷᠣᠨ ᠢᠶᠠᠨ ᠬᠠᠶᠢᠷᠠᠯᠠᠬᠤ ᠂ ᠬᠠᠷᠢᠯᠴᠠᠨ ᠬᠠᠪᠰᠤᠷᠤᠯᠴᠠᠵᠤ ᠡᠶ᠎ᠡ ᠨᠠᠶᠢᠷᠰᠠᠭ ᠢᠶᠠᠷ ᠶᠠᠪᠤᠯᠴᠠᠬᠤ ᠶᠢ ᠴᠠᠭ ᠤᠨ

ᠥᠩᠭᠡ ᠪᠣᠯᠭᠠᠬᠤ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ ᠭᠤᠣᠯ ᠰᠡᠳᠦᠪᠲᠦ ᠬᠥᠮᠦᠵᠢᠯ ᠢ

ᠥᠷᠨᠢᠭᠦᠯᠦᠭᠰᠡᠨ ᠠᠴᠠ ᠨᠠᠰᠢ ᠂ ᠡᠯ᠎ᠡ ᠲᠣᠰᠬᠤᠨ ᠤ ᠨᠠᠮ ᠤᠨ ᠡᠭᠦᠷ ᠤᠨ ᠬᠢᠨ ᠠᠷᠠᠳ ᠲᠦᠮᠡᠨ ᠳᠤ ᠦᠢᠯᠡᠴᠢᠯᠡᠬᠦ

ᠠᠮᠢᠳᠤᠯᠢᠭ ᠦᠢᠯᠡᠳᠦᠯᠭᠡ ᠪᠠᠷ ᠳᠠᠮᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ

ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠪᠦᠬᠦ ᠪᠠᠯᠭᠠᠰᠤᠨ ᠤ ᠨᠠᠮ ᠤᠨ

ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠤᠬᠠᠮᠰᠠᠷ ᠪᠣᠯᠣᠨ ᠴᠢᠳᠠᠪᠤᠷᠢ ᠶᠢ ᠴᠢᠨᠠᠭᠰᠢᠳᠠ

ᠳᠡᠭᠡᠭᠰᠢᠯᠡᠭᠦᠯᠵᠡᠢ ᠃ ᠣᠲᠣ ᠪᠣᠯᠲᠠᠯ᠎ᠠ᠂ ᠪᠥᠬᠦ ᠪᠠᠯᠭᠠᠰᠤ ᠪᠠᠷ ᠢᠶᠠᠨ ︽ᠪᠢ ᠭᠡᠷ ᠣᠷᠤᠨ ᠢᠶᠠᠨ ᠬᠠᠶᠢᠷᠠᠯᠠᠬᠤ︾

ᠠᠵᠢᠯᠯᠠᠭ᠎ᠠ ᠶᠢ ᠨᠡᠶᠢᠲᠡ 247 ᠭᠠᠷᠤᠢ ᠤᠳᠠᠭ᠎ᠠ ᠥᠷᠨᠢᠭᠦᠯᠪᠡ᠃

21.jpg

    ᠬᠤᠷᠠᠯ ᠳᠡᠭᠡᠷ᠎ᠡ᠂ ︽ᠪᠢ ᠭᠡᠷ ᠣᠷᠤᠨ ᠢᠶᠠᠨ ᠬᠠᠶᠢᠷᠠᠯᠠᠬᠤ ︾ ᠠᠵᠢᠯᠯᠠᠭ᠎ᠠ ᠳᠤᠮᠳᠠ᠂ ᠠᠵᠤ ᠦᠢᠯᠡᠰ ᠢ

ᠬᠥᠭᠵᠢᠭᠦᠯᠦᠨ ᠮᠠᠨᠳᠤᠭᠤᠯᠬᠤ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠂

ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠤᠨ ᠳᠤᠮᠳᠠ ᠴᠣᠯᠭᠤᠷᠠᠨ ᠭᠠᠷᠤᠭᠰᠠᠨ ᠭᠤᠷᠪᠠᠨ

ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠵᠤ ᠂ ᠲᠡᠷᠢᠭᠦᠨ ᠤ ᠬᠢ ᠶᠢ ᠬᠥᠬᠢᠭᠦᠯᠦᠨ

ᠰᠠᠶᠢᠰᠢᠶᠠᠵᠤ ᠂ ᠬᠤᠴᠤᠷᠤᠩᠭᠤᠢ ᠶᠢ ᠤᠷᠮᠠᠰᠢᠭᠤᠯᠤᠨ ᠵᠣᠷᠢᠭᠵᠢᠭᠤᠯᠵᠤ ᠂ ᠪᠦᠬᠦ ᠪᠠᠯᠭᠠᠰᠤᠨ ᠳᠤ ᠲᠡᠷᠢᠭᠦᠨ ᠤ

 ᠬᠢ ᠠᠴᠠ ᠰᠤᠷᠤᠯᠴᠠᠬᠤ ᠂ ᠲᠡᠷᠢᠭᠦᠨ ᠤ ᠬᠢ ᠶᠢ ᠭᠦᠢᠴᠡᠬᠦ ᠂ ᠲᠡᠷᠢᠭᠦᠨ ᠤ ᠬᠢ ᠶᠢ ᠲᠡᠮᠡᠴᠡᠨ ᠣᠯᠬᠤ ᠬᠠᠯᠠᠭᠤᠨ

ᠥᠷᠨᠢᠯᠲᠡ ᠭᠠᠷᠭᠠᠵᠤ ᠂ ᠳᠣᠯᠣᠳᠤᠭᠠᠷ ᠪᠠᠯᠭᠠᠰᠤᠨ ᠤ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ

ᠭᠠᠷᠭᠠᠬᠤ ᠪᠠᠷ ᠵᠣᠷᠢᠯᠭ᠎ᠠ ᠪᠣᠯᠭᠠᠭᠰᠠᠨ ᠶᠤᠮ᠃

    ᠬᠤᠷᠠᠯ ᠳᠡᠭᠡᠷ᠎ᠡ ᠂ ᠶᠢᠰᠦᠳᠦᠭᠡᠷ ᠲᠣᠰᠬᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠬᠤ

ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠬᠡᠮᠡᠷᠯᠢᠭ ᠲᠤᠭ ᠬᠦᠷᠭᠡᠪᠡ ᠃

22.jpg

    ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠴᠡᠭ ᠲᠣᠭᠲᠠᠭᠠᠨ ᠬᠠᠪᠰᠤᠷᠤᠨ

ᠲᠡᠳᠬᠦᠭᠰᠡᠨ ᠠᠴᠠ ᠨᠠᠰᠢ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠠᠭᠤᠷᠢ ᠲᠥᠬᠦᠭᠡᠷᠦᠮᠵᠢ ᠶᠢ

ᠳᠡᠭᠡᠭᠰᠢᠯᠡᠭᠦᠯᠬᠦ᠂ ᠠᠶᠢᠯ ᠲᠣᠰᠬᠤᠨ ᠢ ᠨᠣᠭᠤᠭᠠᠷᠠᠭᠤᠯᠤᠨ ᠭᠡᠷᠡᠯᠲᠦᠭᠦᠯᠬᠦ᠂ ᠣᠯᠠᠨ ᠲᠦᠮᠡᠨ ᠤ ᠰᠣᠶᠣᠯ ᠤᠨ

ᠠᠵᠢᠯᠯᠠᠭ᠎ᠠ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠬᠡᠷᠡᠭᠯᠡᠭᠡ ᠪᠠᠷ ᠠᠵᠤ ᠦᠢᠯᠡᠰ ᠢ

ᠳᠠᠶᠢᠴᠢᠯᠠᠬᠤ ᠵᠡᠷᠭᠡ ᠲᠠᠯ᠎ᠠ ᠪᠠᠷ ᠳᠣᠯᠣᠳᠤᠭᠠᠷ ᠪᠠᠯᠭᠠᠰᠤ ᠶᠢ ᠶᠡᠬᠡᠪᠡᠷ ᠳᠡᠮᠵᠢᠵᠦ᠂ ᠢᠯᠠᠩᠭᠤᠶ᠎ᠠ ︽ᠳ᠋ᠧ ᠬᠥ᠋

ᠳᠣᠯᠣᠳᠤᠭᠠᠷ︾ ᠨᠠᠷᠢᠮᠤ ᠶᠢ 8 ᠲᠣᠨ ᠰᠢᠬᠠᠮ ᠬᠤᠳᠠᠯᠳᠤᠨ ᠠᠪᠴᠤ᠂ ᠳᠣᠯᠣᠳᠤᠭᠠᠷ ᠪᠠᠯᠭᠠᠰᠤᠨ ᠤ ᠨᠠᠷᠢᠮᠤ ᠶᠢ

ᠪᠠᠭᠰᠢ ᠠᠵᠢᠯᠲᠠᠨ ᠤ ᠭᠡᠷ ᠲᠤ ᠣᠷᠣᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ︽ᠳ᠋ᠧ ᠬᠥ᠋

ᠳᠣᠯᠣᠳᠤᠭᠠᠷ︾ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠣᠷᠣᠭᠴᠢ ᠶᠢᠨ ᠬᠤᠭᠤᠯᠠᠨ ᠰᠢᠷᠡᠭᠡᠨ ᠳᠤ

ᠣᠷᠣᠵᠤ᠂ ︽ᠳ᠋ᠧ ᠬᠥ᠋ ᠳᠣᠯᠣᠳᠤᠭᠠᠷ︾ ᠨᠠᠷᠢᠮᠤ ᠠᠮᠤ ᠶᠢᠨ ᠠᠯᠳᠠᠷᠰᠢᠯ ᠪᠠ ᠨᠠᠷᠠᠲᠤ ᠲᠡᠮᠳᠡᠭ ᠤᠨ ᠦᠢᠯᠡᠳᠦᠯ ᠢ

ᠦᠨᠡᠨ ᠬᠦ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠪᠠᠯᠭᠠᠰᠤᠨ ᠤ ᠣᠨᠴᠠᠯᠢᠭᠲᠤ ᠠᠵᠤ

ᠦᠢᠯᠡᠰ ᠤᠨ ᠬᠥᠭᠵᠢᠯᠲᠡ ᠶᠢ ᠳᠠᠶᠢᠴᠢᠯᠠᠨ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ

ᠬᠦᠴᠦᠨ ᠨᠡᠮᠡᠷᠢᠯᠡᠨ᠎ᠡ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2