ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠡᠯ᠎ᠡ ᠰᠠᠯᠠᠭ᠎ᠠ ᠮᠥᠴᠢᠷ ᠤᠨ ᠠᠳᠡᠯ ᠭᠠᠷᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ | ᠬᠥᠳᠡᠯᠦᠯᠴᠡᠬᠦ ᠪᠠ ᠲᠦᠷᠭᠡᠨ ᠲᠤᠰᠬᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠤᠨ ᠠᠵᠢᠯᠯᠠᠭᠠᠨ ᠤ ᠴᠢᠨᠠᠷ ᠪᠠ ᠬᠡᠷᠡᠭᠯᠡᠭᠡᠨ ᠤ ᠴᠢᠨᠠᠷ ᠢ ᠰᠢᠯᠭᠠᠨ ᠪᠠᠲᠤᠯᠠᠬᠤ ᠶᠢᠨ ᠲᠤᠰᠠᠳᠠ᠂ | 12 ᠰᠠᠷ᠎ᠠ ᠶᠢᠨ 20 ᠤ ᠡᠳᠦᠷ ᠂ ᠮᠠᠨ ᠤ ᠰᠢᠶᠠᠨ ᠥᠪᠥᠷ ᠮᠣᠩᠭᠤᠯ ᠤᠨ ᠢ ᠯᠢ ᠲᠡᠮᠦᠷᠯᠢᠭ ᠬᠠᠶᠢᠯᠤᠭᠤᠯᠬᠤ | ᠬᠢᠵᠠᠭᠠᠷᠲᠤ ᠺᠣᠮᠫᠠᠨᠢ ᠳᠤ 2023 ᠣᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠬᠢᠪᠡ ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ | ᠸᠧᠢ ᠵᠡᠷᠭᠡ ᠤᠳᠤᠷᠢᠳᠤᠯᠭ᠎ᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠣᠷᠣᠯᠴᠠᠭᠰᠠᠨ ᠪᠥᠭᠡᠳ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ ᠵᠢᠯᠣᠭᠤᠳᠪᠠ᠃ | ᠲᠣᠰ ᠤᠳᠠᠭᠠᠨ ᠤ ᠰᠣᠷᠢᠯᠲᠠ ᠳᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠬᠡᠯᠪᠡᠷᠢ ᠶᠢ ᠠᠪᠴᠤ᠂ | ᠰᠣᠷᠢᠯᠲᠠ ᠳᠤ ᠠᠳᠡᠯ ᠭᠠᠷᠬᠤ᠂ ᠠᠵᠤ ᠠᠬᠤᠶᠢᠯᠠᠯ ᠤᠨ ᠥᠪᠡᠷ ᠢ ᠪᠠᠨ ᠠᠪᠤᠷᠠᠬᠤ᠂ ᠠᠳᠡᠯ ᠢ ᠳᠡᠭᠡᠭᠰᠢ ᠮᠡᠳᠡᠭᠦᠯᠬᠦ | ᠵᠡᠷᠭᠡ ᠲᠠᠯ᠎ᠠ ᠪᠠᠷ ᠪᠥᠬᠦ ᠪᠣᠳᠠᠲᠤ ᠪᠠᠶᠢᠳᠠᠯ᠂ ᠪᠥᠬᠦ ᠬᠦᠴᠦᠨ ᠵᠦᠢᠯ᠂ ᠪᠥᠬᠦ ᠶᠠᠪᠤᠴᠠ ᠶᠢᠨ ᠳᠠᠭᠤᠷᠢᠶᠠᠮᠠᠯ | ᠰᠣᠷᠢᠯᠲᠠ ᠶᠢ ᠬᠢᠭᠰᠡᠨ ᠪᠠᠶᠢᠨ᠎ᠠ᠃ ᠰᠣᠷᠢᠯᠲᠠ ᠶᠢᠨ ᠳᠠᠭᠤᠷᠢᠶᠠᠮᠠᠯ ᠰᠣᠷᠢᠯᠲᠠ ᠨᠢ ᠳᠡᠯᠪᠡᠷᠡᠯᠲᠡ ᠠᠴᠠ ᠪᠣᠯᠤᠭᠰᠠᠨ | ᠭᠠᠯ ᠤᠨ ᠠᠶᠤᠯ᠂ ᠲᠤᠬᠠᠢ ᠶᠢᠨ ᠲᠠᠯᠠᠪᠠᠢ ᠶᠢᠨ ᠬᠥᠮᠥᠰ ᠢ ᠰᠢᠷᠬᠠᠲᠤᠭᠤᠯᠤᠭᠰᠠᠨ ᠵᠡᠷᠭᠡ ᠠᠳᠡᠯ ᠢᠶᠠᠷ ᠠᠷᠤ ᠦᠵᠡᠭᠳᠡᠯ | ᠪᠣᠯᠭᠠᠪᠠ ᠃ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠡᠬᠢᠯᠡᠭᠦᠯᠬᠦ᠂ ᠲᠤᠬᠠᠢ ᠶᠢᠨ ᠲᠠᠯᠠᠪᠤᠷ ᠲᠤ ᠰᠡᠷᠡᠮᠵᠢᠯᠡᠭᠦᠯᠬᠦ | ᠪᠠ ᠲᠠᠷᠬᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠲᠦᠭᠰᠢᠭᠦᠷᠢ ᠶᠢ ᠠᠷᠢᠯᠭᠠᠬᠤ | ᠵᠡᠷᠭᠡ ᠰᠢᠷᠢᠰ ᠶᠠᠪᠤᠴᠠ ᠪᠠᠷ ᠳᠡᠮᠵᠢᠨ᠂ ᠡᠯ᠎ᠡ ᠰᠠᠯᠠᠭ᠎ᠠ ᠮᠥᠴᠢᠷ ᠤᠳ ᠲᠦᠷᠭᠡᠨ ᠲᠤᠰᠬᠠᠯ ᠭᠠᠷᠭᠠᠵᠤ᠂ ᠨᠢᠭᠲᠠ | ᠬᠠᠮᠵᠢᠯᠴᠠᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠠᠪᠴᠤ ᠪᠠᠶᠢᠳᠠᠯ ᠤᠨ | ᠬᠥᠭᠵᠢᠯᠲᠡ ᠶᠢ ᠡᠵᠡᠮᠳᠡᠪᠡ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠵᠦᠩ ᠲᠠᠢ ᠶᠢᠨ ᠠᠮᠤᠷ ᠲᠦᠪᠰᠢᠨ ᠤ | ᠶᠡᠷᠦᠩᠬᠡᠢ ᠬᠢᠨᠠᠭᠴᠢ ᠪᠢ ᠺᠧ ᠺᠧ ᠲᠣᠰ ᠤᠳᠠᠭᠠᠨ ᠤ ᠰᠣᠷᠢᠯᠲᠠ ᠳᠤ ᠦᠨᠡᠯᠡᠯᠲᠡ ᠬᠢᠭᠰᠡᠨ ᠪᠥᠭᠡᠳ ᠵᠢᠯᠤᠭᠤᠳᠬᠤ | ᠰᠠᠨᠠᠯ ᠢᠶᠠᠨ ᠳᠤᠷᠠᠳᠤᠭᠰᠠᠨ ᠪᠠᠶᠢᠨ᠎ᠠ᠃ | ᠴᠠᠩ ᠳ᠋ᠠ ᠸᠧᠢ ᠲᠤᠰ ᠤᠳᠠᠭ᠎ᠠ ᠶᠢᠨ ᠰᠣᠷᠢᠯᠲᠠ ᠶᠢᠨ ᠦᠷ᠎ᠡ ᠪᠦᠲᠦᠮᠵᠢ ᠶᠢ ᠨᠤᠲᠠᠯᠠᠪᠠ ᠃ ᠲᠡᠷᠡ | ᠱᠠᠭᠠᠷᠳᠠᠭᠰᠠᠨ ᠨᠢ᠂ ᠡᠯ᠎ᠡ ᠠᠵᠢᠯ ᠲᠥᠷᠥᠯ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠨ ᠶᠠᠪᠤᠭᠤᠯᠬᠤ ᠰᠣᠷᠢᠯᠲᠠ ᠶᠢᠨ | ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠳᠤᠮᠳᠠᠬᠢ | ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠠᠵᠢᠯᠲᠠᠨ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠶᠢᠨ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠢᠨᠵᠢᠯᠡᠬᠦ ᠤᠬᠠᠭᠠᠨᠴᠢ᠂ | ᠪᠣᠯᠪᠠᠰᠤᠷᠠᠩᠭᠤᠢ᠂ ᠣᠨᠣᠪᠴᠢᠲᠠᠶ ᠡᠵᠡᠮᠰᠢᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠶᠢᠨ | ᠬᠡᠷᠡᠭ ᠭᠠᠷᠤᠭᠰᠠᠨ ᠤ ᠲᠠᠷᠠᠭ᠎ᠠ ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠲᠦᠷᠭᠡᠨ ᠲᠤᠰᠬᠠᠯ ᠭᠠᠷᠭᠠᠵᠤ ᠂ | ᠨᠢᠭᠲᠠ ᠬᠠᠮᠵᠢᠯᠴᠠᠨ᠂ ᠡᠮᠬᠢ ᠵᠢᠷᠤᠮ ᠲᠠᠢ ᠪᠠᠷ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ ᠂ | ᠡ᠊ᠨᠳᠡᠯ ᠤᠨ ᠬᠥᠭᠵᠢᠯᠲᠡ ᠶᠢ ᠪᠦᠲᠦᠮᠵᠢᠲᠡᠶ ᠪᠠᠷ ᠬᠢᠵᠠᠭᠠᠷᠯᠠᠵᠤ ᠂ ᠬᠥᠮᠥᠨ ᠤ ᠦᠬᠦᠯ ᠰᠢᠷᠬᠠᠲᠤᠯ ᠪᠠ ᠡᠳ᠋ | ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠠᠷᠠᠳ ᠤᠯᠠᠨ ᠤ ᠠᠮᠢ ᠨᠠᠰᠤᠨ ᠤ | ᠠᠮᠤᠷ ᠲᠦᠪᠰᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ ᠃ | ᠳᠠᠷᠠᠭ᠎ᠠ ᠳᠤᠨᠢ ᠂ ᠴᠠᠩ ᠳ᠋ᠠ ᠸᠧᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ ᠂ | ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠪᠣᠯᠣᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ | ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ ᠃ | ᠴᠠᠩ ᠳ᠋ᠠ ᠸᠧᠢ ᠴᠢᠬᠤᠯᠠᠴᠢᠯᠠᠭᠰᠠᠨ ᠨᠢ᠂ ᠵᠢᠯ ᠤᠨ ᠡᠴᠦᠰ ᠪᠣᠯᠬᠤ ᠭᠡᠵᠦ ᠪᠠᠶᠢᠭ᠎ᠠ ᠦᠶ᠎ᠡ ᠳᠤ ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ | ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ ᠂ ᠠᠵᠢᠯ ᠤᠨ | ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠂ ᠭᠡᠮ ᠰᠣᠭᠤᠭ ᠢ ᠪᠠᠶᠢᠴᠠᠭᠠᠨ ᠴᠡᠭᠴᠡᠯᠡᠨ | ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠥᠷᠨᠢᠭᠦᠯᠵᠦ ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ | ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ ᠡᠯ᠎ᠡ ᠠᠵᠤ | ᠠᠬᠤᠶᠢᠯᠠᠯ ᠤᠨ ᠬᠢᠨ ᠴᠠᠭ ᠢᠮᠠᠭᠲᠠ ᠠᠮᠤᠷ ᠲᠦᠪᠰᠢᠨ ᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ | ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠪᠣᠯᠪᠠᠰᠤᠷᠠᠯ ᠤᠨ ᠠᠵᠢᠯ ᠢ | ᠴᠢᠬᠤᠯᠠᠴᠢᠯᠠᠵᠤ᠂ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠡᠰ | ᠳᠠᠷᠠᠭᠠᠵᠢᠭᠤᠯᠤᠯᠲᠠ ᠶᠢ ᠠᠵᠢᠯ ᠤᠨ ᠲᠠᠯ᠎ᠠ ᠨᠢᠭᠡᠪᠦᠷᠢ᠂ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠦᠷᠢᠮ ᠢ ᠦᠨᠡᠨᠬᠦ ᠪᠦᠷᠢᠯᠳᠦᠭᠦᠯᠵᠦ᠂ ᠡᠷᠴᠢᠮ ᠢᠶᠠᠨ | ᠴᠢᠩᠭᠠᠷᠠᠭᠤᠯᠵᠤ᠂ ᠠᠵᠢᠯᠲᠠᠳ ᠤᠨ ᠠᠮᠤᠷ ᠲᠦᠪᠰᠢᠨ ᠢᠶᠠᠷ ᠠᠵᠢᠯᠯᠠᠬᠤ ᠤᠬᠠᠮᠰᠠᠷ ᠪᠣᠯᠣᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠤᠷᠢᠳᠴᠢᠯᠠᠨ ᠰᠡᠷᠭᠡᠶᠢᠯᠡᠬᠦ ᠪᠠ ᠪᠦᠬᠦ | ᠶᠠᠪᠤᠴᠠ ᠶᠢ ᠬᠢᠨᠠᠨ ᠬᠠᠮᠢᠶᠠᠷᠬᠤ ᠶᠢ ᠴᠢᠩᠭᠠᠳᠬᠠᠵᠤ ᠂ ᠭᠡᠮ ᠰᠣᠭᠤᠭ ᠢ ᠡᠬᠢ ᠡᠭᠦᠰᠦᠯ ᠠᠴᠠ ᠨᠢ ᠦᠨᠡᠨᠬᠦ | ᠪᠠᠶᠢᠴᠠᠭᠠᠵᠤ ᠂ ᠠᠶᠤᠯ ᠲᠦᠭᠰᠢᠭᠦᠷᠢ ᠶᠢ ᠠᠷᠢᠯᠭᠠᠵᠤ ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠵᠦ ᠂ | ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠪᠠᠲᠤᠯᠠᠵᠤ ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠶᠤᠯᠭᠦᠢ ᠦᠢᠯᠡᠳᠪᠦᠷᠢᠯᠡᠯ ᠤᠨ | ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠃ | ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ | ᠭᠤᠣᠯ ᠬᠠᠷᠢᠭᠤᠴᠠᠯᠭᠠᠲᠠᠨ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | | | | | | | |