ᠮᠠᠨ ᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠪᠣᠯᠣᠨ ᠰᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ᠠᠯᠪᠠᠨ ᠭᠡᠷᠡᠴᠢᠯᠡᠭᠡ ᠬᠢᠬᠦ ᠳᠤ ᠣᠷᠣᠯᠴᠠᠬᠤ ᠠᠷᠠᠳ ᠤᠨ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠲᠤᠰᠠᠯᠠᠬᠤ ᠬᠡᠷᠡᠭ ᠶᠠᠪᠤᠳᠠᠯ ᠤᠨ  ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠤᠯᠠᠯ ᠶᠠᠪᠤᠭᠤᠯᠪᠡ
ᠨᠡᠶᠢᠲᠡᠯᠡᠭᠰᠡᠨ ᠴᠠᠭ᠄
2023/12/20
    ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠲᠦ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ᠂ ᠨᠡᠶᠢᠭᠡᠮ ᠤᠨ ᠵᠥᠷᠢᠴᠡᠯ ᠤᠨ ᠤᠯᠠᠨ ᠡᠰᠢᠴᠢᠯᠡᠭᠰᠡᠨ ᠰᠢᠰᠲ᠋ᠧᠮ ᠢ ᠲᠡᠭᠦᠯᠳᠡᠷᠵᠢᠭᠦᠯᠵᠦ ᠂ ᠨᠡᠶᠢᠭᠡᠮ ᠤᠨ ᠵᠥᠷᠢᠴᠡᠯ ᠢ ᠠᠷᠢᠯᠭᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠷᠭᠤᠯᠳᠤᠬᠤ ᠪᠠ ᠦᠯᠦ ᠵᠠᠷᠭᠤᠯᠳᠤᠬᠤ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠳᠠᠬᠢ ᠠᠯᠪᠠᠨ ᠭᠡᠷᠡᠴᠢᠯᠡᠭᠡ ᠶᠢᠨ ᠳᠦᠷᠢᠮ ᠤᠨ ᠦᠢᠯᠡᠴᠢᠯᠡᠬᠦ᠂ ᠨᠡᠪᠲᠡᠷᠡᠯᠴᠡᠬᠦ ᠂ ᠭᠡᠷᠡᠴᠢᠯᠡᠬᠦ ᠂ ᠬᠢᠨᠠᠯᠲᠠ ᠲᠠᠯᠪᠢᠬᠤ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠪᠠ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠬᠡᠪ ᠢᠶᠠᠨ ᠰᠠᠬᠢᠬᠤ ᠪᠠᠶᠢᠷᠢ ᠰᠠᠭᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠦᠯᠦᠭᠡ᠂12 ᠰᠠᠷ᠎ᠠ ᠶᠢᠨ 19 ᠤ ᠡᠳᠦᠷ ᠂ ᠮᠠᠨ ᠤ ᠰᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ᠪᠣᠯᠣᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠠᠷᠠᠳ ᠤᠨ ᠰᠢᠭᠦᠬᠦ ᠬᠤᠷᠢᠶᠠᠨ ᠤ ᠠᠯᠪᠠᠨ ᠭᠡᠷᠡᠴᠢᠯᠡᠭᠡ ᠬᠢᠬᠦ ᠳᠤ ᠣᠷᠣᠯᠴᠠᠬᠤ ᠬᠠᠤᠯᠢ ᠴᠠᠭᠠᠵᠠ ᠶᠢᠨ ᠲᠤᠰᠠᠯᠠᠬᠤ ᠬᠡᠷᠡᠭ ᠶᠠᠪᠤᠳᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠼᠤᠤ ᠶᠢᠤ ᠳ᠋ᠦᠩ ᠵᠢᠴᠢ ᠰᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ᠤᠨ ᠡᠷᠬᠢᠯᠡᠭᠴᠢ ᠬᠥᠩ ᠸᠧᠨ ᠶᠦᠨ ᠴᠥᠮ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃

001.jpg

    ᠠᠯᠪᠠᠨ ᠭᠡᠷᠡᠴᠢᠯᠡᠭᠡ ᠨᠢ ᠬᠠᠤᠯᠢ ᠴᠠᠭᠠᠵᠠ ᠶᠢᠨ ᠲᠤᠰᠠᠯᠠᠬᠤ ᠬᠡᠷᠡᠭ ᠶᠠᠪᠤᠳᠠᠯ ᠳᠤ ᠣᠷᠣᠯᠴᠠᠵᠤ᠂ ᠠᠯᠪᠠᠨ

ᠭᠡᠷᠡᠴᠢᠯᠡᠭᠡ ᠶᠢᠨ ᠦᠢᠯᠡᠴᠢᠯᠡᠭᠡ ᠨᠢ ᠰᠢᠭᠦᠨ ᠲᠠᠰᠤᠯᠬᠤ ᠪᠠᠷ ᠭᠤᠣᠯ ᠪᠣᠯᠭᠠᠭᠰᠠᠨ ᠵᠠᠷᠭᠤ ᠶᠢᠨ ᠳᠦᠷᠢᠮ ᠤᠨ

ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠰᠢᠭᠲᠠᠢ ᠰᠦᠪᠡᠭᠴᠢᠯᠡᠯᠲᠡ ᠮᠥᠨ᠂ ᠠᠯᠪᠠᠨ ᠭᠡᠷᠡᠴᠢᠯᠡᠭᠡ ᠪᠠᠷ ᠠᠷᠠᠳ ᠤᠨ

ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ ᠴᠢᠬᠤᠯᠠ

ᠠᠷᠭ᠎ᠠ ᠮᠦᠨ᠂ ᠬᠠᠤᠯᠢ ᠶᠢᠨ ᠲᠤᠰᠢᠶᠠᠯᠲᠠᠨ ᠤ ᠤᠶᠤᠨ ᠴᠢᠳᠠᠯ ᠢᠶᠠᠨ ᠲᠥᠪᠯᠡᠷᠡᠭᠦᠯᠦᠨ ᠰᠢᠭᠦᠨ ᠲᠠᠰᠤᠯᠬᠤ ᠭᠦᠢᠴᠡᠳᠬᠡᠬᠦ

ᠠᠵᠢᠯ ᠢ ᠰᠠᠶᠢᠲᠤᠷ ᠬᠢᠬᠦ ᠳᠤ ᠬᠠᠪᠰᠤᠷᠴᠤ ᠂ ᠠᠷᠠᠳ ᠤᠨ ᠰᠢᠭᠦᠬᠦ ᠬᠤᠷᠢᠶᠠᠨ ᠤ ︽ᠬᠡᠷᠡᠭ ᠨᠢ ᠤᠯᠠᠨ ᠬᠥᠮᠥᠨ ᠴᠥᠭᠡᠨ

ᠪᠠᠶᠢᠬᠤ︾ ᠵᠥᠷᠢᠴᠡᠯ ᠢ ᠨᠠᠮᠳᠠᠭᠤᠯᠬᠤ ᠳᠤ ᠠᠰᠢᠭᠲᠠᠢ ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ

ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠨᠡᠶᠢᠭᠡᠮ ᠤᠨ ᠵᠢᠭᠤᠷᠠᠯᠳᠤᠭᠠᠨ ᠤ ᠡᠬᠢ

ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠳᠤ

ᠠᠰᠢᠭᠲᠠᠢ ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠬᠥᠭᠵᠢᠬᠦ ᠶᠢ

ᠠᠬᠢᠭᠤᠯᠬᠤ ᠳᠤ ᠠᠰᠢᠭᠲᠠᠢ ᠶᠤᠮ᠃

002.jpg

    ᠮᠠᠨ ᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠪᠣᠯᠣᠨ ᠰᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ᠠᠯᠪᠠᠨ

ᠭᠡᠷᠡᠴᠢᠯᠡᠭᠡ ᠪᠣᠯᠣᠨ ᠠᠷᠠᠳ ᠤᠨ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠤᠨ

ᠭᠦᠨᠵᠡᠭᠡᠢ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠤ᠂ ᠰᠢᠭᠦᠨ ᠲᠠᠰᠤᠯᠬᠤ ᠪᠠᠷ ᠭᠤᠣᠯ ᠪᠣᠯᠭᠠᠭᠰᠠᠨ ᠵᠠᠷᠭᠤ ᠶᠢᠨ

ᠳᠦᠷᠢᠮ ᠤᠨ ᠥᠭᠡᠷᠡᠴᠢᠯᠡᠯᠲᠡ ᠶᠢᠨ ᠠᠰᠢᠭᠲᠠᠢ ᠰᠦᠪᠡᠭᠴᠢᠯᠡᠯᠲᠡ ᠶᠢ ᠲᠦᠯᠬᠢᠨ ᠠᠬᠢᠭᠤᠯᠵᠤ ᠂ ᠳᠣᠲᠣᠭᠠᠳᠤ ᠭᠠᠳᠠᠭᠠᠳᠤ

ᠬᠤᠯᠪᠤᠭᠠᠯᠠᠨ ᠬᠥᠳᠡᠯᠦᠯᠴᠡᠭᠰᠡᠨ ᠵᠠᠷᠭᠤ ᠶᠢᠨ ᠦᠢᠯᠡᠴᠢᠯᠡᠭᠡᠨ ᠤ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂

ᠠᠷᠠᠳ ᠤᠨ ᠰᠢᠭᠦᠬᠦ ᠬᠤᠷᠢᠶᠠᠨ ᠤ ᠬᠠᠤᠯᠢ ᠪᠠᠷᠢᠬᠤ ᠳᠤ ᠲᠤᠰᠠᠯᠠᠬᠤ ᠬᠡᠷᠡᠭ ᠶᠠᠪᠤᠳᠠᠯ ᠳᠤ ᠠᠯᠪᠠᠨ ᠭᠡᠷᠡᠴᠢᠯᠡᠭᠡ ᠬᠢᠬᠦ ᠶᠢ

ᠥᠷᠨᠢᠭᠦᠯᠵᠦ ᠂ ᠡᠶᠡᠳᠡᠭᠦᠯᠬᠦ ᠂ ᠭᠡᠷᠡᠴᠢ ᠠᠪᠬᠤ ᠂ ᠬᠦᠷᠭᠡᠬᠦ ᠂ ᠬᠠᠮᠠᠭᠠᠯᠠᠨ ᠬᠠᠳᠠᠭᠠᠯᠠᠬᠤ᠂ ᠭᠦᠢᠴᠡᠳᠬᠡᠬᠦ ᠵᠡᠷᠭᠡ ᠲᠠᠯ᠎ᠠ ᠪᠠᠷ

ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ ᠂ ᠠᠷᠠᠳ ᠤᠯᠠᠨ ᠳᠤ ᠨᠡᠩ ᠴᠢᠨᠠᠷ ᠰᠠᠶᠢᠲᠠᠢ ᠂ ᠥᠨᠳᠥᠷ ᠪᠦᠲᠦᠮᠵᠢᠲᠡᠶ ᠂

ᠳᠥᠭᠦᠮ ᠳᠥᠲᠡ ᠨᠢᠭᠡ ᠦᠷᠳᠡᠭᠡᠯᠢᠭ ᠵᠠᠷᠭᠤ ᠶᠢᠨ ᠦᠢᠯᠡᠴᠢᠯᠡᠭᠡ ᠬᠠᠩᠭᠠᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2