ᠮᠠᠨ ᠤ ᠰᠢᠶᠠᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 21 ᠤ ᠡᠳᠦᠷ᠂ ᠮᠠᠨ ᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠬᠤᠷᠠᠯ ᠢ ᠡᠷᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠵᠧᠦ ᠴᠢ ᠂ ᠵᠦ ᠱᠢ ᠮᠢᠩ ᠂ ᠵᠠᠩ ᠶᠠᠨ ᠰᠢᠶᠠ᠂ ᠯᠢᠦ ᠱᠦ ᠮᠧᠢ ᠣᠷᠣᠯᠴᠠᠪᠠ ᠃    ᠬᠤᠷᠠᠯ ᠳᠤ ᠣᠷᠣᠯᠴᠠᠬᠤ ᠶᠣᠰᠣᠲᠠᠢ ᠬᠥᠮᠥᠨ 23᠂ ᠪᠣᠳᠠᠲᠠᠢ ᠣᠷᠣᠯᠴᠠᠭᠰᠠᠨ ᠬᠥᠮᠥᠨ 22 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃

1.jpg

    ᠬᠤᠷᠠᠯ ᠠᠴᠠ ᠮᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ ᠬᠤᠸᠠᠳᠧ ᠰᠢᠶᠠᠨ ᠤ ᠤᠯᠤᠰ

ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠯᠲᠡ ᠶᠢᠨ ᠲᠤᠬᠠᠢ

ᠮᠡᠳᠡᠭᠦᠯᠦᠯᠲᠡ︾ ᠂ ︽ᠬᠤᠸᠠᠳᠧ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ

ᠪᠠᠶᠢᠳᠠᠯ ᠤᠨ ᠲᠤᠬᠠᠢ ᠮᠡᠳᠡᠭᠦᠯᠦᠯᠲᠡ︾ ᠂ ︽2023 ᠣᠨ ᠤ ᠲᠥᠰᠥᠪ ᠤᠨ ᠲᠣᠬᠢᠷᠠᠭᠤᠯᠤᠯᠲᠠ ᠶᠢᠨ ᠵᠦᠢᠯᠡᠰ ᠤᠨ

ᠲᠤᠬᠠᠢ ᠮᠡᠳᠡᠭᠦᠯᠦᠯᠲᠡ︾  ᠶᠢ ᠰᠣᠨᠣᠰᠴᠤ ᠬᠢᠨᠠᠨ ᠵᠥᠪᠯᠡᠪᠡ ︔ ︽ᠪᠦᠬᠦ ᠰᠢᠶᠠᠨ ᠤ ᠵᠢᠷᠤᠮᠵᠢᠯ ᠤᠨ ᠴᠢᠨᠠᠷᠲᠠᠢ ᠪᠢᠴᠢᠭ

ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠪᠠ᠃

    ᠶᠢᠩ ᠲᠢᠩ ᠶᠦᠩ ᠴᠢᠬᠤᠯᠠᠴᠢᠯᠠᠭᠰᠠᠨ ᠨᠢ᠂ ᠰᠢᠶᠠᠨ ᠤ ᠠᠷᠠᠳ ᠤᠨ ᠵᠠᠰᠠᠭ ᠤᠨ ᠣᠷᠳᠣᠨ ︽ᠰᠡᠭᠦᠯᠴᠢ ᠶᠢᠨ

ᠬᠠᠭᠠᠰ ᠵᠣᠬᠢᠶᠠᠯ︾ ᠢ ᠦᠨᠡᠯᠡᠬᠦ ᠶᠢ ᠨᠠᠷᠢᠨ ᠬᠢᠨᠠᠮᠠᠭᠠᠢ ᠰᠠᠶᠢᠲᠤᠷ ᠬᠢᠵᠦ ᠂ ᠬᠠᠷᠠᠯᠲᠠ ᠶᠢᠨ ᠲᠣᠭᠤᠷᠢᠨ ᠳᠤ ᠵᠥᠷᠢᠶ᠎ᠡ ᠶᠢ

ᠡᠷᠢᠬᠦ ᠂ ᠳᠤᠲᠠᠭᠤᠳᠠᠯ ᠢ ᠡᠷᠢᠬᠦ ᠂ ᠠᠰᠠᠭᠤᠳᠠᠯ ᠢ ᠡᠷᠢᠵᠦ ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ

ᠰᠢᠢᠳᠪᠦᠷᠢᠯᠡᠬᠦ ᠶᠢ ᠠᠬᠢᠭᠤᠯᠵᠤ ᠂ ᠠᠷᠭ᠎ᠠ ᠪᠦᠬᠦᠨ ᠢ ᠰᠦᠪᠡᠭᠴᠢᠯᠡᠨ ᠪᠣᠳᠠᠲᠤ ᠴᠣᠭᠴᠠ ᠶᠢᠨ ᠠᠵᠤ ᠠᠬᠤᠢ ᠶᠢ

ᠪᠤᠵᠠᠭᠠᠶᠢᠷᠠᠭᠤᠯᠵᠤ ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ

ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠬᠤᠭᠤᠴᠠᠭᠠᠨ ᠳᠠᠬᠢ ᠭᠤᠣᠯ ᠪᠣᠯᠬᠤ ᠬᠥᠭᠵᠢᠯᠲᠡ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ

ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ

 ᠬᠢᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠯᠤᠰ ᠤᠨ ᠥᠮᠴᠢᠯᠡᠯ ᠤᠨ ᠡᠳ᠋

ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ

ᠠᠬᠢᠭᠤᠯᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ

ᠪᠠ ᠪᠠᠶᠢᠷᠢᠰᠢᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠤᠯᠤᠰ ᠤᠨ ᠥᠮᠴᠢᠯᠡᠯ ᠤᠨ ᠡᠳ᠋

ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ ᠂ ᠤᠯᠤᠰ ᠤᠨ

ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠴᠢᠨᠠᠷ

ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ 

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ᠂ ᠰᠢᠭᠦᠬᠦ ᠬᠤᠷᠢᠶ᠎ᠠ ᠪᠠᠶᠢᠴᠠᠭᠠᠬᠤ 

ᠬᠤᠷᠢᠶᠠᠨ ᠤ ︽ᠬᠤᠶᠠᠷ ᠳᠠᠷᠤᠭ᠎ᠠ︾ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠭᠡᠰᠢᠭᠦᠳ ᠤᠨ ᠬᠤᠯᠪᠣᠭᠳᠠᠯ ᠪᠦᠬᠦᠢ ᠠᠵᠢᠯ ᠤᠨ ᠵᠥᠪᠯᠡᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ

ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠭᠤᠣᠯ

ᠬᠠᠷᠢᠭᠤᠴᠠᠯᠭᠠᠲᠠᠨ ᠪᠠ ᠳᠣᠯᠣᠳᠤᠭᠠᠷ ᠪᠠᠯᠭᠠᠰᠤ᠂ ᠪᠠᠶᠠᠨᠲᠠᠯ᠎ᠠ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠡᠷᠢᠭᠦᠯᠡᠭᠴᠢ ᠬᠤᠷᠠᠯ ᠳᠤ ᠰᠤᠯᠠ ᠣᠷᠣᠯᠴᠠᠪᠠ᠃

     ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2