ᠮᠠᠨ ᠤ ᠰᠢᠶᠠᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 21 ᠤ ᠡᠳᠦᠷ᠂ ᠮᠠᠨ ᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠬᠤᠷᠠᠯ ᠢ ᠡᠷᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠵᠧᠦ ᠴᠢ ᠂ ᠵᠦ ᠱᠢ ᠮᠢᠩ ᠂ ᠵᠠᠩ ᠶᠠᠨ ᠰᠢᠶᠠ᠂ ᠯᠢᠦ ᠱᠦ ᠮᠧᠢ ᠣᠷᠣᠯᠴᠠᠪᠠ ᠃    ᠬᠤᠷᠠᠯ ᠳᠤ ᠣᠷᠣᠯᠴᠠᠬᠤ ᠶᠣᠰᠣᠲᠠᠢ ᠬᠥᠮᠥᠨ 23᠂ ᠪᠣᠳᠠᠲᠠᠢ ᠣᠷᠣᠯᠴᠠᠭᠰᠠᠨ ᠬᠥᠮᠥᠨ 22 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃

1.jpg

    ᠬᠤᠷᠠᠯ ᠠᠴᠠ ᠮᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ ᠬᠤᠸᠠᠳᠧ ᠰᠢᠶᠠᠨ ᠤ ᠤᠯᠤᠰ ᠠᠷᠠᠳ ᠤᠨ

ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ

ᠬᠥᠲᠥᠯᠪᠦᠷᠢ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠯᠲᠡ ᠶᠢᠨ ᠲᠤᠬᠠᠢ ᠮᠡᠳᠡᠭᠦᠯᠦᠯᠲᠡ︾ ᠂ ︽ᠬᠤᠸᠠᠳᠧ

ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ ᠂ 

︽2023 ᠣᠨ ᠤ ᠲᠥᠰᠥᠪ ᠤᠨ ᠲᠣᠬᠢᠷᠠᠭᠤᠯᠤᠯᠲᠠ ᠶᠢᠨ ᠵᠦᠢᠯᠡᠰ ᠤᠨ ᠲᠤᠬᠠᠢ ᠮᠡᠳᠡᠭᠦᠯᠦᠯᠲᠡ︾  ᠶᠢ ᠰᠣᠨᠣᠰᠴᠤ ᠬᠢᠨᠠᠨ

ᠵᠥᠪᠯᠡᠪᠡ ︔ ︽ᠪᠦᠬᠦ ᠰᠢᠶᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ

ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠪᠠ᠃

    ᠶᠢᠩ ᠲᠢᠩ ᠶᠦᠩ ᠴᠢᠬᠤᠯᠠᠴᠢᠯᠠᠭᠰᠠᠨ ᠨᠢ᠂ ᠰᠢᠶᠠᠨ ᠤ ᠠᠷᠠᠳ ᠤᠨ ᠵᠠᠰᠠᠭ ᠤᠨ ᠣᠷᠳᠣᠨ ︽ᠰᠡᠭᠦᠯᠴᠢ ᠶᠢᠨ ᠬᠠᠭᠠᠰ

ᠵᠣᠬᠢᠶᠠᠯ︾ ᠢ ᠦᠨᠡᠯᠡᠬᠦ ᠶᠢ ᠨᠠᠷᠢᠨ ᠬᠢᠨᠠᠮᠠᠭᠠᠢ ᠰᠠᠶᠢᠲᠤᠷ ᠬᠢᠵᠦ ᠂ ᠬᠠᠷᠠᠯᠲᠠ ᠶᠢᠨ ᠲᠣᠭᠤᠷᠢᠨ ᠳᠤ ᠵᠥᠷᠢᠶ᠎ᠡ ᠶᠢ ᠡᠷᠢᠬᠦ ᠂

ᠳᠤᠲᠠᠭᠤᠳᠠᠯ ᠢ ᠡᠷᠢᠬᠦ ᠂ ᠠᠰᠠᠭᠤᠳᠠᠯ ᠢ ᠡᠷᠢᠵᠦ ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂

ᠠᠷᠭ᠎ᠠ ᠪᠦᠬᠦᠨ ᠢ ᠰᠦᠪᠡᠭᠴᠢᠯᠡᠨ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠵᠤ ᠂ ᠤᠯᠠᠮᠵᠢᠯᠠᠯᠲᠤ

ᠳᠠᠪᠠᠭᠤᠯᠢᠭ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ ᠂

︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠭᠤᠣᠯ ᠪᠣᠯᠬᠤ ᠬᠥᠭᠵᠢᠯᠲᠡ ᠶᠢᠨ ᠬᠠᠷᠠᠯᠲᠠ ᠶᠢ

ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠢᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠯᠤᠰ ᠤᠨ

ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ

ᠲᠠᠯ᠎ᠠ ᠪᠠᠷ ᠠᠬᠢᠭᠤᠯᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡ ᠴᠢᠳᠠᠪᠬᠢ ᠶᠢᠨ ᠪᠠᠶᠢᠷᠢ

ᠲᠣᠭᠲᠠᠭᠠᠯᠲᠠ ᠪᠠ ᠪᠠᠶᠢᠷᠢᠰᠢᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠤᠯᠤᠰ ᠤᠨ

ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ ᠂

ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠴᠢᠨᠠᠷ

ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ 

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ

︽ᠬᠤᠶᠠᠷ ᠳᠠᠷᠤᠭ᠎ᠠ︾ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠭᠡᠰᠢᠭᠦᠳ ᠤᠨ ᠬᠤᠯᠪᠣᠭᠳᠠᠯ ᠪᠦᠬᠦᠢ ᠠᠵᠢᠯ ᠤᠨ ᠵᠥᠪᠯᠡᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ

ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ

ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠ ᠳᠣᠯᠣᠳᠤᠭᠠᠷ ᠪᠠᠯᠭᠠᠰᠤ᠂

ᠪᠠᠶᠠᠨᠲᠠᠯ᠎ᠠ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠷᠠᠯ ᠳᠤ ᠰᠤᠯᠠ

ᠣᠷᠣᠯᠴᠠᠪᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2