ᠬᠥᠬᠡᠭᠡ ᠡᠪᠦᠯ ᠤᠨ ᠲᠡᠰᠬᠢᠮ᠎ᠠ ᠬᠦᠢᠲᠡᠨ ᠳᠤ ᠂ ᠢᠰᠭᠡᠷᠬᠦ ᠰᠠᠯᠬᠢ ᠬᠠᠴᠠᠷ ᠬᠠᠭᠠᠷᠢᠨ᠎ᠠ᠃ ᠮᠠᠨ ᠤ ᠰᠢᠶᠠᠨ ᠤ | ᠴᠣᠣᠶᠠᠩ ᠪᠠᠯᠭᠠᠰᠤ ᠶᠢᠨ ᠰᠢᠶᠣᠣ ᠳ᠋ᠦᠩ ᠲᠠᠨ ᠲᠣᠰᠬᠤᠨ ᠳᠤ ᠬᠦᠷᠬᠦ ᠳᠤ ᠂ ᠨᠡᠷᠡᠨ ᠤ ᠭᠡᠷᠡᠯ ᠤᠨ ᠬᠦᠯᠡᠮᠵᠢ | ᠵᠢᠭᠳᠡᠷᠡᠨ ᠬᠠᠷᠠᠭᠳᠠᠵᠤ᠂ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ ᠂ ᠡᠪᠦᠯ ᠤᠨ ᠤᠯᠠᠷᠢᠯ ᠤᠨ ᠵᠠᠬ᠎ᠠ | ᠳᠡᠯᠭᠡᠭᠦᠷ ᠤᠨ ᠬᠡᠷᠡᠭᠴᠡᠭᠡ ᠳᠤ ᠲᠣᠬᠢᠷᠠᠬᠤ ᠤᠰᠤᠨ ᠯᠤᠤᠪᠠᠩ ᠂ ᠲᠦᠭᠦᠬᠡᠢ ᠨᠣᠭᠤᠭ᠎ᠠ ᠂ ᠥᠷᠭᠡᠰᠦᠲᠦ ᠬᠡᠮᠬᠡ ᠵᠡᠷᠭᠡ | ᠢᠳᠡᠰᠢᠨ ᠨᠣᠭᠤᠭ᠎ᠠ ᠶᠢᠨ ᠤᠷᠭᠤᠴᠠ ᠰᠡᠳᠬᠢᠯ ᠢ ᠪᠠᠶᠠᠰᠬᠠᠨ᠎ᠠ᠃ | ︽ᠠᠳᠡ᠂ ᠡᠷᠦᠬᠡ ᠪᠦᠷᠢ ᠶᠢᠨ ᠬᠦᠯᠡᠮᠵᠢ ᠶᠢ ᠴᠥᠮ ᠬᠤᠶᠠᠷ ᠤᠳᠠᠭ᠎ᠠ ᠲᠠᠷᠢᠵᠤ ᠂ ᠵᠤᠨ ᠤ ᠤᠯᠠᠷᠢᠯ ᠤᠨ | ᠢᠳᠡᠰᠢᠨ ᠨᠣᠭᠤᠭ᠎ᠠ ᠶᠢ ᠵᠠᠬᠢᠶᠠᠯᠠᠭ᠎ᠠ ᠢᠶᠠᠷ ᠳᠠᠮᠵᠢᠨ ᠵᠢᠶᠠ ᠳ᠋ᠧ ᠲᠠᠷᠢᠶᠠᠯᠠᠩ ᠤᠨ ᠤᠰᠤ ᠦᠭᠡᠶᠢᠳᠡᠭᠦᠯᠦᠭᠰᠡᠨ | ᠢᠳᠡᠰᠢᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠳᠤ ᠪᠣᠷᠣᠯᠠᠭᠤᠯᠵᠤ ᠂ ᠡᠪᠦᠯ ᠤᠨ ᠤᠯᠠᠷᠢᠯ ᠤᠨ ᠢᠳᠡᠰᠢᠨ | ᠨᠣᠭᠤᠭ᠎ᠠ ᠶᠢ ᠭᠤᠣᠯᠳᠠᠭᠤ ᠰᠢᠶᠠᠨ ᠤ ᠬᠤᠳᠠ ᠶᠢᠨ ᠡᠯ᠎ᠡ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ ᠲᠤ ᠪᠣᠷᠣᠯᠠᠭᠤᠯᠵᠤ ᠪᠠᠶᠢᠨ᠎ᠠ᠃ ᠤᠳᠤ ᠡᠳᠡᠭᠡᠷ ᠬᠦᠯᠡᠮᠵᠢ ᠤᠳ ᠨᠢᠭᠡᠨᠲᠡ ᠮᠠᠨ ᠤ ᠪᠠᠶᠠᠵᠢᠨ | ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ︿ᠡᠷᠳᠡᠨᠢ ᠶᠢᠨ ᠬᠦᠮᠦᠷᠭᠡ﹀ ᠪᠣᠯᠵᠤ ᠂ ᠲᠠᠷᠢᠶᠠᠴᠢᠨ ᠡᠷᠦᠬᠡ ᠶᠢᠨ ᠵᠣᠯ | ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠠᠭᠤᠯᠵᠤ ᠪᠠᠶᠢᠨ᠎ᠠ ᠃︾ ᠭᠡᠵᠦ ᠲᠤᠰ ᠭᠠᠵᠠᠷ ᠤᠨ | ᠲᠠᠷᠢᠮᠠᠯ ᠤᠨ ᠲᠣᠮᠣ ᠡᠷᠦᠭᠡ ᠪᠣᠯᠤᠭᠰᠠᠨ ᠤ ᠬᠤᠪᠢ ᠳᠤ ᠂ ᠦ᠋ ᠵᠠᠨ ᠴᠧᠩ ᠥᠪᠡᠷ ᠤᠨ ᠳᠠᠷᠢᠭᠰᠠᠨ ᠬᠦᠯᠡᠮᠵᠢ ᠪᠠᠨ | ᠵᠢᠭᠠᠵᠤ ᠣᠮᠤᠭ ᠪᠠᠭ᠋ᠠᠳᠤᠯ ᠲᠠᠢ ᠪᠠᠷ ᠲᠠᠨᠢᠯᠴᠠᠭᠤᠯᠪᠠ ᠃ | ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ | ᠭᠤᠣᠯᠳᠠᠯᠭ᠎ᠠ ᠶᠢᠨ ᠲᠡᠦᠬᠡᠲᠦ ᠴᠢᠨᠠᠷᠲᠠᠢ ᠰᠢᠯᠵᠢᠯᠲᠡ ᠳᠤ ᠢᠳᠡᠪᠬᠢᠲᠡᠢ ᠵᠣᠬᠢᠴᠠᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ | ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠵᠤ ᠂ ᠨᠠᠮ ᠤᠨ ᠲᠤᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ | ᠥᠨᠳᠥᠷ ᠨᠠᠮᠢᠷᠠᠭᠤᠯᠪᠡ᠃ | ︽ᠲᠠᠷᠢᠬᠢ ᠲᠣᠯᠣᠭᠠᠢ ᠪᠠᠨ ᠴᠢᠨᠡᠭᠯᠡᠬᠦ︾ ᠶᠢ ᠴᠢᠬᠤᠯᠠᠴᠢᠯᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ | ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠯ ᠰᠠᠨᠠᠭ᠎ᠠ ᠶᠢ ᠤᠷᠢᠳᠠᠪᠡᠷ | ᠠᠳᠬᠤᠨ᠎ᠠ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠪᠣᠯᠤᠭᠰᠠᠨ ᠤ | ᠬᠤᠪᠢ ᠳᠤ ᠂ ᠯᠢᠦ ᠶᠤᠸᠠᠢ ᠵᠣᠬᠢᠶᠠᠨ ᠪᠠᠶᠢᠭᠤᠯᠬᠤ ᠬᠡᠯᠲᠡᠰ ᠲᠤ ᠤᠯᠠᠨ ᠵᠢᠯ ᠠᠵᠢᠯᠯᠠᠭᠰᠠᠨ ᠪᠥᠭᠡᠳ ᠵᠣᠬᠢᠶᠠᠨ | ᠪᠠᠶᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠪᠠ᠂ ᠲᠡᠷᠡ ᠨᠠᠮ ᠤᠨ ᠭᠡᠰᠢᠭᠦᠨ ᠤ | ᠬᠡᠪ ᠴᠢᠨᠠᠷ ᠴᠢᠳᠠᠪᠤᠷᠢ ᠶᠢᠨ ᠳᠡᠭᠡᠭᠰᠢᠯᠡᠯᠲᠡ ᠶᠢᠨ ᠲᠤᠬᠠᠢ ᠶᠠᠷᠢᠬᠤ ᠳᠠᠭᠠᠨ᠂ ᠣᠶᠢᠷ᠎ᠠ ᠶᠢᠨ ᠵᠢᠯ ᠳᠤ ᠂ ᠮᠠᠨ ᠤ | ᠰᠢᠶᠠᠨ︽ᠲᠠᠷᠢᠬᠢ ᠲᠣᠯᠣᠭᠠᠢ ᠪᠠᠨ ᠴᠢᠨᠡᠭᠯᠡᠬᠦ︾ ᠪᠠ ︽ᠬᠠᠷᠮᠠᠨ ᠢᠶᠠᠨ ᠳᠦᠩᠲᠦᠶᠢᠯᠭᠡᠬᠦ︾ ᠶᠢ ᠵᠡᠷᠭᠡᠪᠡᠷ ᠠᠳᠬᠤᠬᠤ ᠶᠢ | ᠪᠠᠷᠢᠮᠲᠠᠯᠠᠵᠤ ᠂ ᠪᠦᠬᠦ ᠰᠢᠶᠠᠨ ᠤ 6 ᠰᠢᠶᠠᠩ ᠪᠠᠯᠭᠠᠰᠤ 86 ᠲᠣᠰᠬᠤᠨ ᠳᠤ 8 ᠤᠳᠠᠭ᠎ᠠ︽ᠮᠥᠷᠥᠶᠢᠴᠡᠭᠡᠨ︾ | ᠥᠷᠨᠢᠭᠦᠯᠵᠦ ᠂ 101 ᠬᠥᠮᠥᠨ ︽ᠮᠥᠷᠥᠶᠢᠴᠡᠭᠡᠨ︾ ᠳᠤ ᠣᠷᠣᠯᠴᠠᠵᠤ ᠂ ᠲᠤᠰᠬᠠᠢ ᠰᠡᠳᠦᠪᠲᠦ ᠪᠣᠯᠪᠠᠰᠤᠷᠠᠯ ᠤᠨ | ᠠᠩᠭᠢ ᠶᠢ 65 ᠬᠤᠭᠤᠴᠠᠭ᠎ᠠ ᠡᠷᠬᠢᠯᠡᠵᠦ ᠂ ᠪᠣᠯᠪᠠᠰᠤᠷᠠᠯ ᠳᠤ ᠣᠷᠣᠯᠴᠠᠭᠰᠠᠨ ᠬᠥᠮᠥᠨ ᠤ ᠲᠤᠭ᠎ᠠ 7000 ᠭᠠᠷᠤᠢ | ᠬᠥᠮᠥᠨ ᠤᠳᠠᠭ᠎ᠠ ᠳᠤ ᠬᠦᠷᠴᠡᠢ ᠃ ᠡᠭᠦᠨ ᠤ ᠬᠠᠮᠲᠤ ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠤᠨᠤᠯ ᠤᠨ | ᠬᠡᠪ ᠪᠣᠯᠪᠠᠰᠤᠷᠠᠯ ᠢᠶᠠᠷ ᠥᠨᠳᠥᠷ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠪᠠᠷ ᠰᠠᠶᠢᠨ ᠬᠥᠮᠥᠨ ᠰᠣᠩᠭᠤᠬᠤ | ᠪᠠᠷᠢᠮᠵᠢᠶ᠎ᠠ ᠪᠠᠷ ᠂ ᠭᠠᠵᠠᠷ ᠤᠨ ᠲᠡᠰ ᠤᠨ ᠺᠠᠳ᠋ᠷ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠰᠢᠯᠢᠳᠡᠭ ᠯᠧᠺᠲ᠋ᠣᠷ ᠂ ᠤᠨᠤᠯ ᠤᠨ ᠴᠢᠳᠠᠪᠤᠷᠢᠲᠠᠨ ᠵᠡᠷᠭᠡ ᠪᠠᠷ ᠪᠦᠷᠢᠯᠳᠦᠭᠰᠡᠨ︽ ᠬᠤᠸᠠᠳᠧ ᠶᠢᠨ ᠰᠢᠨ᠎ᠡ ᠳᠠᠭᠤᠨ︾ ᠤ | ᠤᠨᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ ᠂ ᠡᠯ᠎ᠡ ᠲᠦᠷᠦᠯ ᠤᠨ ᠰᠤᠷᠤᠯᠴᠠᠯᠭ᠎ᠠ | ᠤᠬᠠᠭᠤᠯᠤᠨ ᠲᠠᠶᠢᠯᠪᠤᠷᠢᠯᠠᠯᠲᠠ ᠶᠢ 30 ᠭᠠᠷᠤᠢ ᠲᠠᠯᠠᠪᠠᠢ ᠡᠷᠬᠢᠯᠡᠪᠡ︔ ᠪᠥᠬᠦ ᠰᠢᠶᠠᠨ ᠤ ᠨᠡᠭᠦᠳᠡᠯ ᠨᠠᠮ ᠤᠨ | ᠭᠡᠰᠢᠭᠦᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠡᠶᠢᠲᠡ 1181 ᠨᠡᠭᠦᠳᠡᠯ ᠨᠠᠮ ᠤᠨ ᠭᠡᠰᠢᠭᠦᠨ ᠢ | ᠵᠢᠭᠰᠠᠭᠠᠨ ᠪᠠᠶᠢᠴᠠᠭᠠᠵᠤ ᠭᠠᠷᠭᠠᠪᠠ᠂ ᠡᠭᠦᠨ ᠳᠤ ᠮᠤᠵᠢ ᠠᠯᠤᠰᠯᠠᠭᠰᠠᠨ ᠨᠡᠭᠦᠳᠡᠯ ᠨᠠᠮ ᠤᠨ ᠭᠡᠰᠢᠭᠦᠨ ᠢ 358᠂ | ᠣᠷᠣᠨ ᠤ ᠳᠣᠲᠣᠷᠠᠬᠢ ᠠᠶᠢᠮᠠᠭ ᠬᠤᠲᠠ ᠶᠢᠨ ᠨᠡᠭᠦᠳᠡᠯ ᠨᠠᠮ ᠤᠨ ᠭᠡᠰᠢᠭᠦᠨ ᠢ 716᠂ ᠬᠤᠲᠠ ᠶᠢᠨ ᠳᠣᠲᠣᠷᠠᠬᠢ | ᠬᠤᠰᠢᠭᠤ ᠰᠢᠶᠠᠨ ᠤ ᠨᠡᠭᠦᠳᠡᠯ ᠨᠠᠮ ᠤᠨ ᠭᠡᠰᠢᠭᠦᠨ ᠢ 107 ᠵᠢᠭᠰᠠᠭᠠᠨ ᠪᠠᠶᠢᠴᠠᠭᠠᠵᠤ᠂ ᠪᠦᠬᠦᠨ ᠢ ᠨᠡᠭᠦᠳᠡᠯ | ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠪᠠ᠃ | ᠰᠢᠰᠲ᠋ᠧᠮ ᠲᠠᠢ ᠪᠦᠬᠦ ᠲᠠᠯ᠎ᠠ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠵᠤ ᠂ ᠮᠠᠨ ᠤ | ᠰᠢᠶᠠᠨ ᠤ ᠬᠢᠨ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠠᠵᠢᠯ ᠤᠨ ᠰᠢᠰᠲ᠋ᠧᠮ ᠢ ᠪᠠᠶᠢᠭᠤᠯᠪᠠ᠃ ᠡᠭᠦᠨ ᠤ ᠬᠠᠮᠲᠤ ᠂ ᠦᠵᠡᠯ ᠰᠠᠨᠠᠭᠠᠨ ᠤ ᠵᠢᠯᠣᠭᠤᠳᠤᠯᠭ᠎ᠠ᠂ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠴᠢᠳᠠᠪᠤᠷᠢᠲᠠᠨ ᠤ ᠲᠤᠯᠭᠠᠭᠤᠷᠢᠯᠠᠯ ᠵᠡᠷᠭᠡ ᠲᠠᠯ᠎ᠠ ᠠᠴᠠ ᠭᠠᠷᠳᠠᠵᠤ ᠂ | ᠨᠠᠮ ᠤᠨ ᠪᠠᠶᠢᠭᠤᠯᠤᠯᠲᠠ᠂ ᠠᠵᠤ ᠦᠢᠯᠡᠰ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ᠂ ᠠᠬᠢᠭᠤᠯᠬᠤ ᠬᠤᠷᠠᠯ ᠢ ᠬᠤᠷᠠᠯᠳᠤᠭᠤᠯᠵᠤ ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ᠂ ᠪᠦᠬᠦ ᠶᠠᠪᠤᠴᠠ ᠳᠤ | ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠶᠢ ᠡᠭᠦᠷᠭᠡᠯᠡᠬᠦ ᠂ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠪᠡ᠃ | ︽ᠪᠤᠤᠬᠢᠶ᠎ᠠ ᠮᠣᠳᠣ︾ ᠶᠢ ᠴᠢᠩᠭ᠎ᠠ ᠠᠳᠬᠤᠵᠤ ᠂ ᠪᠠᠭ ᠢ ᠰᠠᠶᠢᠲᠤᠷ ᠲᠣᠬᠢᠷᠠᠭᠤᠯᠪᠡ᠃ ᠰᠠᠭᠤᠷᠢ ᠪᠠᠲᠤ ᠪᠠᠬᠢ | ᠪᠠᠶᠢᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠮᠠᠨ ᠤ ᠰᠢᠶᠠᠨ ᠤ ᠬᠢᠨ ᠦᠨᠳᠦᠰᠦᠨ ᠱᠠᠲᠤ ᠶᠢ | ᠠᠳᠬᠤᠨ ᠰᠠᠭᠤᠷᠢ ᠲᠠᠯᠪᠢᠬᠤ ᠶᠠᠪᠤᠳᠠᠯ ᠢ ᠠᠯᠤᠰ ᠬᠡᠳᠦ ᠶᠢᠨ ᠪᠣᠳᠣᠯᠭ᠎ᠠ ᠪᠠ ᠦᠨᠳᠦᠰᠦ ᠪᠠᠨ ᠪᠠᠬᠢᠵᠢᠭᠦᠯᠬᠦ ᠠᠷᠭ᠎ᠠ | ᠬᠡᠮᠵᠢᠶ᠎ᠡ ᠪᠣᠯᠭᠠᠵᠤ᠂ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠬᠢ ᠶᠢ ᠬᠥᠲᠥᠯᠥᠨ | ᠳᠠᠭᠠᠭᠤᠯᠬᠤ᠂ ᠬᠤᠴᠤᠷᠤᠩᠭᠤᠢ ᠶᠢ ᠬᠤᠪᠢᠷᠠᠭᠤᠯᠬᠤ᠂ ᠳᠤᠮᠳᠠ ᠨᠢ ᠳᠡᠭᠡᠭᠰᠢᠯᠡᠭᠦᠯᠬᠦ ︽ᠭᠤᠷᠪᠠᠨ ᠵᠦᠢᠯ ᠤᠨ | ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ᠨᠠᠰᠤ ᠶᠢ ᠪᠠᠭᠤᠷᠠᠭᠤᠯᠬᠤ᠂ ᠰᠤᠷᠤᠯᠭ᠎ᠠ ᠶᠢᠨ ᠨᠠᠮᠲᠠᠷ ᠢ | ᠳᠡᠭᠡᠭᠰᠢᠯᠡᠭᠦᠯᠬᠦ︾ ᠬᠥᠮᠥᠨ ᠬᠡᠷᠡᠭᠯᠡᠬᠦ ᠱᠤᠭᠤᠮ ᠢᠶᠠᠷ᠂ ᠤᠤᠯ ᠤᠨ ᠪᠠᠶᠢᠭᠰᠠᠨ ᠲᠣᠰᠬᠤᠨ ᠤ ︽ᠬᠤᠶᠠᠷ ᠵᠥᠪᠯᠡᠯ︾ | ᠤᠨ ᠪᠠᠭ ᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠭᠤᠴᠠᠭ᠎ᠠ ᠰᠣᠯᠢᠭᠰᠠᠨ ᠤ ᠳᠠᠷᠠᠭ᠎ᠠ 86 ᠨᠡᠷᠡᠰ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠤᠮᠳᠠᠴᠢ ᠨᠠᠰᠤ ᠶᠢ 48.6 ᠨᠠᠰᠤ ᠪᠣᠯᠭᠠᠨ ᠪᠠᠭᠤᠷᠠᠭᠤᠯᠪᠠ᠂ | ᠡᠭᠦᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠢ 62 ᠨᠡᠷᠡᠰ ᠳᠡᠭᠡᠭᠰᠢᠯᠡᠭᠦᠯᠵᠦ᠂ 72.1% ᠶᠢ ᠡᠵᠡᠯᠡᠪᠡ ᠃ ︽ᠬᠤᠶᠠᠷ ᠵᠥᠪᠯᠡᠯ︾ ᠤᠨ | ᠺᠠᠳ᠋ᠷ ᠢ 472 ᠲᠣᠬᠢᠷᠠᠭᠤᠯᠵᠤ ᠂ ᠳᠤᠮᠳᠠᠴᠢ ᠨᠠᠰᠤ ᠨᠢ 46.8 ᠨᠠᠰᠤ ᠂ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠢ 157 ᠬᠥᠮᠥᠨ | ᠲᠣᠬᠢᠷᠠᠭᠤᠯᠵᠤ ᠂ 33.3% ᠶᠢ ᠡᠵᠡᠯᠡᠵᠦ ᠂ ᠪᠦᠬᠦᠨ ᠢᠶᠠᠷ ᠢᠶᠠᠨ 100% ᠶᠢᠨ ᠬᠠᠷᠠᠯᠲᠠ ᠡᠭᠦᠷᠭᠡ ᠶᠢ | ᠪᠡᠶᠡᠯᠡᠭᠦᠯᠵᠡᠢ ᠃ | ᠰᠢᠶᠠᠨ ᠤ ᠨᠠᠮ ᠤᠨ ᠬᠤᠷᠢᠶ᠎ᠠ ᠠᠴᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠶᠢ ᠬᠤᠪᠢᠳᠠᠨ ᠬᠠᠷᠢᠭᠤᠴᠠᠵᠤ ᠵᠣᠬᠢᠶᠠᠨ ᠪᠠᠶᠢᠭᠤᠯᠤᠭᠰᠠᠨ ᠪᠥᠭᠡᠳ ᠪᠡᠶ᠎ᠡ ᠪᠠᠷ ᠢᠶᠠᠨ ᠣᠷᠣᠯᠴᠠᠭᠰᠠᠨ | ᠪᠠᠶᠢᠩᠭᠤ ᠶᠢᠨ ᠳᠡᠳ᠋ ᠬᠡᠯᠲᠡᠰ ᠤᠨ ᠳᠠᠷᠤᠭ᠎ᠠ ᠭᠤᠣ ᠱᠦ ᠵᠢᠶᠦ᠋ᠨ ᠤ ᠲᠠᠨᠢᠯᠴᠠᠭᠤᠯᠭ᠎ᠠ ᠬᠤᠭᠤᠴᠠᠭ᠎ᠠ ᠰᠣᠯᠢᠬᠤ ᠪᠠᠷ | ᠳᠠᠮᠵᠢᠨ ᠪᠢᠳᠠ ᠬᠡᠪ ᠴᠢᠨᠠᠷ ᠂ ᠨᠠᠰᠤ ᠂ ᠴᠢᠳᠠᠪᠤᠷᠢ ᠶᠢᠨ︽ᠨᠢᠭᠡ ᠶᠢ ᠳᠡᠭᠡᠭᠰᠢᠯᠡᠭᠦᠯᠵᠦ ᠨᠢᠭᠡ ᠶᠢ ᠪᠠᠭᠤᠷᠠᠭᠤᠯᠵᠤ | ᠨᠢᠭᠡ ᠶᠢ ᠬᠦᠴᠦᠷᠬᠡᠭᠵᠢᠭᠦᠯᠬᠦ︾ ᠶᠢ ᠪᠡᠶᠡᠯᠡᠭᠦᠯᠵᠦ ᠂ ︽ᠥᠲᠡᠯᠦᠭᠡ ᠂ ᠪᠠᠭᠤᠷᠠᠢ᠂ ᠳᠣᠣᠷ᠎ᠠ︾ ᠪᠠᠶᠢᠬᠤ ᠪᠠᠶᠢᠳᠠᠯ ᠢ | ᠬᠤᠪᠢᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡᠳᠦᠭᠡᠷ ᠹᠷᠣᠨᠲ ᠤᠨ ᠪᠠᠶᠢᠯᠳᠤᠭᠠᠨ ᠤ | ᠬᠡᠯᠲᠡᠰ︾ ᠤᠨ ᠴᠢᠳᠠᠪᠬᠢ ᠨᠡᠩ ᠴᠢᠩᠭ᠎ᠠ᠂ ᠪᠦᠲᠦᠴᠡ ᠨᠡᠩ ᠰᠢᠯᠢᠳᠡᠭ᠂ ᠰᠢᠨ᠎ᠡ ᠨᠢᠭᠡ ᠬᠤᠭᠤᠴᠠᠭᠠᠨ ᠤ ᠲᠣᠰᠬᠤᠨ ᠤ | ︽ᠬᠤᠶᠠᠷ ᠵᠥᠪᠯᠡᠯ︾ ᠤᠨ ᠪᠠᠭ ᠨᠢ ᠲᠣᠰᠬᠤᠨ ᠤ ᠳᠤᠭᠤᠶᠢᠯᠠᠩ ᠤᠨ ᠵᠠᠮ ᠢ ᠰᠡᠯᠪᠢᠨ ᠵᠠᠰᠠᠬᠤ ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠂ | ᠲᠠᠷᠢᠶᠠᠨ ᠭᠠᠵᠠᠷ ᠢ ᠲᠡᠭᠰᠢᠯᠡᠨ ᠥᠭᠡᠷᠡᠴᠢᠯᠡᠬᠦ ᠵᠡᠷᠭᠡ ᠤᠯᠠᠨ ᠲᠦᠮᠡᠨ ᠤ ᠪᠠᠴᠢᠮᠳᠠᠵᠤ ᠵᠣᠪᠠᠨᠢᠵᠤ ᠪᠠᠶᠢᠭ᠎ᠠ 4300 | ᠭᠠᠷᠤᠢ ᠠᠰᠠᠭᠤᠳᠠᠯ ᠢ ᠰᠢᠢᠳᠪᠦᠷᠢᠯᠡᠵᠡᠢ ᠃ | ᠡᠭᠦᠨ ᠠᠴᠠ ᠭᠠᠳᠠᠨ᠎ᠠ᠂ ᠮᠠᠨ ᠤ ᠰᠢᠶᠠᠨ ᠪᠠᠰᠠ ᠦᠨᠳᠦᠰᠦᠨ ᠱᠠᠲᠤ ᠪᠠ ᠦᠢᠯᠡᠳᠦᠯᠭᠡ ᠶᠢᠨ ᠨᠢᠭᠡᠳᠦᠭᠡᠷ | ᠹᠷᠣᠨᠲ ᠢ ᠴᠢᠳᠠᠪᠤᠷᠢᠲᠠᠨ ᠢ ᠬᠥᠮᠥᠵᠢᠭᠦᠯᠬᠦ᠂ ᠺᠠᠳ᠋ᠷ ᠢ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠭᠠᠵᠤ᠂ | ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ ᠂ ᠲᠥᠪ ᠤᠨ ᠣᠷᠣᠨ | ᠲᠤᠭ᠎ᠠ ᠶᠢᠨ ᠠᠯᠪᠠᠨ ᠭᠡᠷ ᠂ ᠳ᠋ᠦᠩᠴᠧᠩ ᠲᠣᠭᠤᠷᠢᠭ ᠤᠨ ᠬᠤᠸᠠᠳᠧ ᠶᠢ ᠠᠵᠢᠯ ᠲᠦᠷᠦᠯ ᠢᠶᠠᠷ ᠳᠡᠮᠵᠢᠬᠦ ᠠᠵᠠ | ᠲᠣᠬᠢᠶᠠᠯ ᠢ ᠠᠰᠢᠭᠯᠠᠨ᠂ ᠤᠷᠢᠳ ᠬᠤᠵᠢᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ | ᠠᠩᠭᠢ ᠶᠢ 3 ᠬᠤᠭᠤᠴᠠᠭ᠎ᠠ ᠡᠷᠬᠢᠯᠡᠵᠦ ᠂ ᠬᠥᠳᠡᠭᠡ ᠲᠣᠰᠬᠤᠨ ᠤ ᠡᠯ᠎ᠡ ᠲᠦᠷᠦᠯ ᠤᠨ ᠬᠡᠷᠡᠭᠯᠡᠭᠡᠨ ᠤ ᠴᠢᠳᠠᠪᠤᠷᠢᠲᠠᠨ ᠢ | 300 ᠪᠣᠯᠪᠠᠰᠤᠷᠠᠭᠤᠯᠵᠤ ᠂ ᠾᠧᠨᠠᠨ ᠮᠤᠵᠢ ᠶᠢᠨ ᠰᠢᠨᠰᠢᠶᠠᠩ ᠬᠤᠳᠠ ᠶᠢᠨ ᠰᠢᠶᠠᠩ ᠪᠠᠯᠭᠠᠰᠤᠨ ᠤ ᠺᠠᠳ᠋ᠷ ᠤᠨ | ᠳᠡᠭᠡᠳᠦ ᠰᠤᠷᠭᠠᠭᠤᠯᠢ ᠳᠤ ᠲᠣᠰᠬᠤᠨ ᠤ ᠳᠡᠰ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ | ᠡᠷᠬᠢᠯᠡᠵᠦ ᠂ ᠰᠢᠶᠠᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠲᠠᠨ᠂ ᠲᠣᠰᠬᠤᠨ ᠤ | ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠢ ᠪᠠᠶᠠᠵᠢᠭᠤᠯᠬᠤ ᠳᠠᠭᠠᠭᠤᠯᠤᠭᠴᠢ 122 ᠬᠥᠮᠥᠨ ᠢ ᠪᠣᠯᠪᠠᠰᠤᠷᠠᠭᠤᠯᠪᠠ᠃ | | ᠴᠥᠷᠬᠡᠯᠡᠬᠦ ᠲᠣᠭᠲᠠᠴᠠ ᠶᠢ ᠲᠡᠭᠦᠯᠳᠡᠷᠵᠢᠭᠦᠯᠵᠦ ᠂ ︽ᠵᠣᠭᠤᠰᠤᠨ ᠤᠭᠤᠲᠠ︾ ᠶᠢ ᠲᠡᠭᠦᠯᠳᠡᠷᠵᠢᠭᠦᠯᠦᠨ᠎ᠡ᠃ | ︽ᠲᠣᠰᠬᠤᠨ ᠳᠤ ᠵᠣᠭᠤᠰ ᠲᠠᠢ ᠪᠣᠯ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠪᠦᠲᠦᠭᠡᠬᠦ ᠳᠤ ᠠᠮᠠᠷᠬᠠᠨ | ᠶᠤᠮ︾᠃ ᠤᠯᠠᠨ ᠵᠢᠯ ᠤᠨ ᠲᠤᠷᠰᠢ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ ᠤ ᠨᠠᠮ ᠤᠨ ᠡᠭᠦᠷ ᠤᠨ | ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠼᠤᠤ ᠷᠦᠨ ᠯᠢᠶᠠᠩ ᠡᠭᠦᠨ ᠤ ᠲᠤᠬᠠᠢ ᠮᠠᠰᠢ ᠭᠦᠨ | ᠲᠥᠷᠥᠭᠳᠡᠯ ᠲᠠᠢ ᠪᠠᠶᠢᠯ᠎ᠠ᠃ ᠲᠡᠷᠡ᠄ ︽ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠬᠦ ᠠᠴᠠ ᠡᠮᠦᠨ᠎ᠡ ᠂ | ᠮᠢᠨᠤ ᠪᠤᠳᠤᠬᠤ ᠪᠠᠷ ᠭᠠᠭᠴᠠ ᠬᠦ ᠭᠤᠣᠯᠴᠢ ᠰᠡᠳᠬᠢᠯ ᠢ ᠪᠠᠷᠢᠮᠲᠠᠯᠠᠵᠤ ᠂ ᠠᠷᠠᠳ ᠤᠨ ᠲᠥᠯᠥᠭᠡ ᠪᠣᠳᠠᠲᠠᠢ ᠠᠵᠢᠯ | ᠬᠢᠬᠦ ᠬᠠᠯᠠᠭᠤᠨ ᠰᠡᠳᠬᠢᠯᠭᠡ ᠶᠢ ᠡᠪᠦᠷᠯᠡᠪᠡᠯ ᠳᠠᠷᠤᠢ ᠲᠣᠰᠬᠤᠨ ᠤ ᠠᠷᠠᠳ ᠲᠤ ᠪᠣᠳᠠᠲᠠᠢ ᠠᠵᠢᠯ ᠬᠢᠵᠦ ᠂ | ᠲᠣᠰᠬᠤᠨ ᠤ ᠠᠷᠠᠳ ᠢ ᠪᠠᠶᠠᠵᠢᠯ ᠤᠨ ᠵᠠᠮ ᠢᠶᠠᠷ ᠵᠠᠮᠨᠠᠭᠤᠯᠵᠤ ᠪᠣᠯᠣᠨ᠎ᠠ ᠭᠡᠵᠦ ᠪᠤᠳᠤᠵᠠᠢ ᠂ ᠲᠤᠰᠢᠶᠠᠯ | ᠡᠭᠦᠷᠭᠡᠯᠡᠭᠰᠡᠨ ᠤ ᠳᠠᠷᠠᠭ᠎ᠠ᠂ ᠲᠣᠰᠬᠤᠨ ᠳᠤ ᠤᠯᠠᠨ ᠲᠦᠮᠡᠨ ᠤ ᠲᠥᠯᠥᠭᠡ ᠠᠵᠢᠯ ᠬᠢᠬᠦ ᠵᠣᠭᠤᠰ ᠦᠭᠡᠢ ᠪᠣᠯ ᠰᠠᠨᠠᠭ᠎ᠠ | ᠪᠠᠶᠢᠪᠠᠴᠤ ᠴᠢᠳᠠᠯ ᠦᠭᠡᠢ ᠂ ᠲᠣᠰᠬᠤᠨ ᠤ ᠺᠠᠳ᠋ᠷ ᠴᠤ ᠨᠢᠷᠤᠭᠤ ᠭᠡᠳᠡᠭᠡᠷ ᠪᠢᠰᠢ ᠭᠡᠳᠡᠭ ᠢ ᠰᠠᠶ᠋ᠢ ᠲᠠᠨᠢᠵᠤ ᠣᠯᠣᠭᠰᠠᠨ | ᠶᠤᠮ︾ ᠭᠡᠵᠦ ᠬᠡᠯᠡᠪᠡ᠃ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠤᠴᠢᠷ ᠶᠠᠪᠤᠳᠠᠯ ᠪᠦᠲᠦᠭᠡᠬᠦ ᠵᠣᠭᠤᠰ ᠦᠭᠡᠢ︾ | ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠮᠠᠨ ᠤ ᠰᠢᠶᠠᠨ︽ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠵᠤ ᠂ ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ︾ ᠪᠠᠷ ᠣᠶᠢᠯᠠᠭᠠᠭᠳᠠᠬᠤᠨ ᠪᠣᠯᠭᠠᠨ᠂ ︽ᠨᠠᠮ ᠤᠨ | ᠡᠭᠦᠷ + ᠺᠣᠮᠫᠠᠨᠢ + ᠨᠡᠶᠢᠭᠡᠮᠯᠢᠭ + ᠲᠠᠷᠢᠶᠠᠴᠢᠨ ᠡᠷᠦᠬᠡ︾ ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ | ᠡᠷᠦᠬᠡ︾ ᠪᠣᠯᠣᠨ︽ᠨᠠᠮ ᠤᠨ ᠡᠭᠦᠷ + ᠠᠵᠤ ᠠᠬᠤᠶᠢᠯᠠᠯ + ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ | ᠲᠠᠰᠤᠭ + ᠲᠠᠷᠢᠶᠠᠴᠢᠨ ᠡᠷᠦᠬᠡ︾ ᠶᠢᠨ ᠵᠠᠭᠪᠤᠷ ᠢ ᠰᠢᠨ᠎ᠡ ᠪᠠᠷ ᠡᠭᠦᠳᠴᠦ ᠂ ᠲᠣᠰᠬᠤᠨ ᠤ ᠬᠠᠮᠲᠤ ᠶᠢᠨ ᠠᠵᠤ | ᠠᠬᠤᠢ ᠶᠢ ᠶᠡᠬᠡᠪᠡᠷ ᠬᠥᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ 19 ᠳᠠᠭᠠᠭᠤᠯᠤᠭᠴᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠂ 17 ᠲᠠᠷᠢᠶᠠᠴᠢᠨ ᠤ ᠲᠤᠰᠬᠠᠢ ᠬᠤᠷᠰᠢᠶᠠᠵᠢᠯ ᠢ ᠪᠠᠶᠢᠭᠤᠯᠵᠤ ᠂ 62 ︽ ᠪᠠᠶᠠᠵᠢᠯ ᠤᠨ | ᠦᠢᠯᠡᠳᠪᠦᠷᠢ ᠶᠢᠨ ᠲᠠᠰᠤᠭ︾ ᠢ ᠪᠠᠶᠢᠭᠤᠯᠵᠤ ᠂ 30 ᠲᠠᠷᠢᠵᠦ ᠲᠡᠵᠢᠭᠡᠬᠦ ᠲᠣᠮᠣ ᠡᠷᠦᠬᠡ ᠶᠢ ᠪᠣᠶᠢᠵᠢᠭᠤᠯᠵᠤ ᠂ | 6200 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠠᠢ ᠃ | ᠡᠭᠦᠨ ᠤ ᠬᠠᠮᠲᠤ᠂ ᠨᠠᠮ ᠤᠨ ᠭᠡᠰᠢᠭᠦᠨ ᠳᠠᠭᠠᠭᠤᠯᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠣᠯᠠᠨ | ᠲᠦᠮᠡᠨ ᠲᠠᠢ ︽ᠬᠤᠣᠰᠯᠠᠯ ᠪᠠᠶᠢᠭᠤᠯᠵᠤ᠂ ᠨᠢᠭᠡ ᠨᠢ ᠨᠢᠭᠡ ᠪᠠᠨ ᠬᠠᠪᠰᠤᠷᠬᠤ︾ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠮᠡᠷᠭᠡᠵᠢᠯ ᠢᠶᠠᠷ ᠤᠯᠠᠮᠵᠢᠯᠠᠬᠤ᠂ ᠦᠢᠯᠡᠳᠪᠦᠷᠢᠯᠡᠯ ᠢᠶᠠᠷ ᠬᠠᠪᠰᠤᠷᠬᠤ᠂ ᠰᠤᠷᠲᠠᠯ ᠢᠶᠠᠷ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠢ ᠠᠵᠤ ᠦᠢᠯᠡᠰ ᠤᠨ ᠬᠥᠭᠵᠢᠯᠲᠡ ᠶᠢᠨ ︽ | ᠳᠠᠭᠠᠭᠤᠯᠤᠭᠴᠢ︾ ᠪᠠ ᠣᠯᠠᠨ ᠲᠦᠮᠡᠨ ᠳᠤ ᠦᠢᠯᠡᠴᠢᠯᠡᠬᠦ ︽ᠳᠠᠭᠠᠭᠤᠯᠤᠭᠴᠢ︾ ᠪᠣᠯᠭᠠᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠰᠢᠨ᠎ᠡ ᠬᠦᠴᠦᠨ ᠢ ᠨᠢᠭᠲᠠᠷᠠᠭᠤᠯᠪᠠ᠃ | ᠣᠳᠣᠬᠠᠨ ᠳᠤ ᠂ ᠪᠦᠬᠦ ᠰᠢᠶᠠᠨ ᠤ 2000 ᠰᠢᠬᠠᠮ ᠨᠠᠮ ᠤᠨ ᠭᠡᠰᠢᠭᠦᠨ ᠺᠠᠳ᠋ᠷ ᠲᠠᠷᠢᠶᠠᠴᠢᠨ ᠡᠷᠦᠬᠡ ᠂ ᠶᠠᠳᠠᠭᠤ ᠠᠴᠠ | ᠠᠩᠭᠢᠵᠢᠷᠠᠭᠰᠠᠨ ᠡᠷᠦᠬᠡ ᠲᠠᠢ ᠬᠤᠣᠰᠯᠠᠨ ᠲᠡᠳᠬᠦᠵᠦ ᠂ ᠤᠯᠠᠨ ᠲᠦᠮᠡᠨ ᠳᠤ ᠪᠠᠶᠠᠵᠢᠯ ᠤᠨ ᠮᠡᠳᠡᠭᠡ ᠵᠠᠩᠭᠢ ᠶᠢ | 1000 ᠭᠠᠷᠤᠢ ᠬᠠᠩᠭᠠᠵᠤ ᠂ ᠬᠥᠳᠡᠭᠡ ᠲᠣᠰᠬᠤᠨ ᠳᠤ 30 ᠭᠠᠷᠤᠢ ᠵᠦᠢᠯ ᠤᠨ ᠮᠡᠷᠭᠡᠵᠢᠯ ᠢ ᠤᠯᠠᠮᠵᠢᠯᠠᠵᠤ ᠂ | 200 ᠭᠠᠷᠤᠢ ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠤᠯᠠᠮᠵᠢᠯᠠᠵᠤ ᠂ ᠡᠯ᠎ᠡ ᠵᠦᠢᠯ ᠤᠨ | ᠲᠦᠪᠡᠭᠲᠡᠢ ᠠᠰᠠᠭᠤᠳᠠᠯ ᠢ 5000 ᠭᠠᠷᠤᠢ ᠰᠢᠢᠳᠪᠦᠷᠢᠯᠡᠭᠰᠡᠨ ᠪᠠᠶᠢᠨ᠎ᠠ᠃ | ᠪᠠᠶᠠᠨᠲᠠᠯ᠎ᠠ ᠰᠢᠶᠠᠩ ᠤᠨ ᠰᠡᠴᠡᠨ ᠭᠤᠤ ᠲᠣᠰᠬᠤᠨ ᠤ ᠯᠢᠦ ᠹᠧᠢ ᠶᠠᠨ ᠤ ᠪᠠᠷᠢᠮᠵᠢᠶᠠᠵᠢᠭᠰᠠᠨ ᠠᠯᠠᠰᠢᠨ ᠬᠤᠨᠢ | ᠲᠡᠵᠢᠭᠡᠨ ᠦᠷᠡᠵᠢᠭᠦᠯᠬᠦ ᠲᠠᠯᠠᠪᠠᠢ ᠳᠤ ᠣᠴᠢᠬᠤ ᠳᠤ ᠂ ᠰᠦᠷᠦᠭ ᠰᠦᠷᠦᠭ ᠬᠤᠨᠢ ᠲᠣᠯᠣᠭᠠᠢ ᠪᠥᠬᠦᠶᠢᠨ ᠢᠳᠡᠰᠢᠯᠡᠵᠦ | ᠪᠠᠶᠢᠬᠤ ᠳᠤ ᠂ ᠯᠢᠦ ᠹᠧᠢ ᠶᠠᠨ ᠬᠤᠨᠢᠨ ᠳᠠᠭᠠᠨ ᠡᠪᠡᠰᠦ ᠪᠣᠷᠳᠤᠭ᠎ᠠ ᠨᠡᠮᠡᠵᠦ ᠶᠠᠭᠠᠷᠠᠨ᠎ᠠ᠂ ᠣᠷᠣᠯᠭ᠎ᠠ ᠶᠢᠨ | ᠨᠡᠮᠡᠭᠳᠡᠯ ᠤᠨ ᠲᠣᠭᠲᠠᠪᠤᠷᠢᠵᠢᠯ ᠨᠢ ᠲᠡᠭᠦᠨ ᠤ ᠠᠵᠢᠯ ᠬᠢᠬᠦ ᠤᠷᠮᠠᠰᠢᠯ ᠢ ᠨᠡᠮᠡᠭᠳᠡᠭᠦᠯᠦᠨ᠎ᠡ᠃ ︽ᠮᠠᠨ ᠤ ᠭᠤᠣᠯ ᠨᠢ | ᠲᠡᠵᠢᠭᠡᠪᠦᠷᠢ ᠬᠤᠷᠰᠢᠶᠠᠵᠢᠯ ᠤᠨ ᠮᠠᠨ ᠤ ᠲᠠᠷᠢᠶᠠᠴᠢᠨ ᠡᠷᠦᠬᠡ ᠳᠤ ᠣᠷᠣᠯᠠᠨ ᠬᠤᠳᠠᠯᠳᠤᠨ ᠠᠪᠴᠤ ᠥᠭᠭᠦᠭᠰᠡᠨ | ᠰᠠᠶᠢᠨ ᠡᠭᠦᠯᠳᠡᠷ ᠤᠨ ᠡᠮ᠎ᠡ ᠬᠤᠨᠢ ᠶᠢ ᠲᠡᠵᠢᠭᠡᠵᠦ ᠪᠠᠶᠢᠨ᠎ᠠ᠂ ᠲᠡᠵᠢᠭᠡᠪᠦᠷᠢ ᠶᠢᠨ ᠬᠤᠭᠤᠴᠠᠭ᠎ᠠ ᠨᠢ 3 ᠵᠢᠯ ᠪᠣᠯᠣᠨ᠎ᠠ᠂ | ᠨᠠᠶᠢᠳᠠᠨ ᠲᠡᠵᠢᠭᠡᠯᠭᠡᠬᠦ ᠬᠤᠭᠤᠴᠠᠭᠠᠨ ᠳᠤ ᠪᠤᠶ ᠪᠦᠬᠦᠢ ᠡᠪᠡᠰᠦ ᠪᠣᠷᠳᠤᠭ᠎ᠠ ᠪᠣᠯᠣᠨ ᠬᠢᠵᠢᠭ ᠢ ᠰᠡᠷᠭᠡᠶᠢᠯᠡᠬᠦ᠂ | ᠡᠭᠦᠯᠳᠡᠷ ᠰᠠᠶᠢᠵᠢᠷᠠᠭᠤᠯᠬᠤ᠂ ᠬᠥᠮᠥᠨ ᠤ ᠬᠦᠴᠦᠨ ᠤ ᠵᠠᠷᠤᠳᠠᠯ ᠢ ᠴᠥᠮ ᠬᠤᠷᠰᠢᠶᠠᠵᠢᠯ ᠠᠴᠠ ᠬᠠᠷᠢᠭᠤᠴᠠᠨ᠎ᠠ᠂ | ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠣᠳᠣᠬᠠᠨ ᠳᠤ ᠬᠤᠨᠢᠨ ᠮᠢᠬᠠᠨ ᠤ ᠪᠣᠷᠤᠯᠠᠭᠤᠯᠭ᠎ᠠ ᠰᠠᠶᠢᠨ ᠪᠣᠯᠵᠤ᠂ ᠪᠠᠷᠤᠭ | ᠵᠢᠯ ᠳᠤ ᠤᠤᠯ ᠤᠨ ᠬᠢ ᠠᠴᠠ ᠪᠠᠨ 3 ᠲᠦᠮᠡ ᠭᠠᠷᠤᠢ ᠲᠥᠭᠦᠷᠢᠭ ᠢᠯᠡᠭᠦᠦ ᠣᠯᠵᠤ ᠪᠠᠶᠢᠨ᠎ᠠ ᠃ ︾ ᠭᠡᠵᠦ ᠯᠢᠦ | ᠹᠧᠢ ᠶᠠᠨ ᠬᠡᠯᠡᠪᠡ᠃ | ᠣᠶᠢᠯᠠᠭᠠᠭᠰᠠᠨ ᠢᠶᠠᠷ ᠂ ᠮᠠᠯᠴᠢᠨ ᠲᠠᠷᠢᠶᠠᠴᠢᠨ ᠤ ᠣᠷᠣᠯᠭ᠎ᠠ ᠪᠣᠯᠣᠨ ᠲᠣᠰᠬᠤᠨ ᠤ ᠬᠠᠮᠲᠤ ᠶᠢᠨ ᠠᠵᠤ ᠠᠬᠤᠢ ᠶᠢ | ᠨᠡᠮᠡᠭᠳᠡᠭᠦᠯᠬᠦ ᠶᠢᠨ ᠲᠥᠯᠥᠭᠡ ᠂ ᠮᠠᠨ ᠤ ᠰᠢᠶᠠᠨ ᠤ ᠬᠢᠨ ᠣᠨᠴᠠᠯᠢᠭᠲᠤ ᠠᠵᠤ ᠦᠢᠯᠡᠰ ᠢ ᠪᠠᠶᠢᠭᠤᠯᠬᠤ ᠶᠢᠨ | ᠲᠣᠭᠤᠷᠢᠨ ᠳᠤ ᠂ ᠲᠥᠪᠯᠡᠷᠡᠭᠰᠡᠨ ᠪᠠ ᠡᠷᠦᠭᠡ ᠬᠤᠪᠢᠶᠠᠨ ᠦᠬᠡᠷ ᠬᠤᠨᠢ ᠲᠡᠵᠢᠭᠡᠨ ᠦᠷᠡᠵᠢᠭᠦᠯᠬᠦ ᠪᠠ ᠬᠦᠢᠲᠡᠨ | ᠰᠡᠷᠢᠭᠦᠨ ᠢᠳᠡᠰᠢᠨ ᠨᠣᠭᠤᠭ᠎ᠠ ᠵᠡᠷᠭᠡ ᠣᠨᠴᠠᠯᠢᠭᠲᠤ ᠲᠠᠷᠢᠶᠠᠯᠠᠩ ᠤᠨ ᠲᠠᠷᠢᠵᠦ ᠲᠡᠵᠢᠭᠡᠬᠦ ᠪᠠᠷ ᠭᠤᠣᠯ ᠪᠣᠯᠭᠠᠭᠰᠠᠨ | ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ ᠂ ᠲᠠᠷᠢᠶᠠᠴᠢᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ 50% ᠠᠴᠠ ᠳᠡᠭᠡᠭᠰᠢᠬᠢ ᠨᠢ ᠠᠵᠤ ᠦᠢᠯᠡᠰ ᠤᠨ ᠣᠷᠣᠯᠭ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠠᠵᠤ ᠦᠢᠯᠡᠰ ᠤᠨ ᠰᠠᠭᠤᠷᠢ ᠶᠢ ᠲᠠᠰᠤᠷᠠᠯᠳᠡ | ᠦᠭᠡᠢ ᠪᠠᠬᠢᠵᠢᠭᠦᠯᠵᠡᠢ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠣᠯ ᠭᠤᠣᠯᠳᠠᠯᠠᠭ᠎ᠠ ᠶᠤᠮ᠃ ᠮᠠᠨ ᠤ ᠰᠢᠶᠠᠨ ᠤᠯᠤᠰ ᠲᠦᠷᠦ ᠶᠢᠨ | ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠤᠨ ᠲᠠᠯ᠎ᠠ ᠪᠠᠷ | ᠪᠠᠲᠤ ᠴᠢᠩᠭ᠎ᠠ ᠪᠠᠶᠢᠬᠤ ᠪᠠ ᠲᠠᠷᠢᠶᠠᠯᠠᠩ ᠢ ᠣᠶᠢᠯᠠᠭᠠᠬᠤ ᠂ ᠬᠥᠳᠡᠭᠡ ᠲᠣᠰᠬᠤᠨ ᠢ ᠬᠠᠶᠢᠷᠠᠯᠠᠬᠤ ᠂ ᠲᠠᠷᠢᠶᠠᠴᠢᠨ ᠢ | ᠬᠠᠶᠢᠷᠠᠯᠠᠬᠤ ᠱᠠᠭᠠᠷᠳᠠᠯᠭ᠎ᠠ ᠶᠣᠰᠣᠭᠠᠷ ᠺᠠᠳ᠋ᠷ ᠢ ᠰᠣᠩᠭᠤᠨ ᠲᠣᠬᠢᠷᠠᠭᠤᠯᠬᠤ ᠶᠢ ᠦᠷᠭᠦᠯᠵᠢᠯᠡᠨ ᠪᠠᠷᠢᠮᠲᠠᠯᠠᠵᠤ ᠂ | ᠨᠠᠮ ᠤᠨ ᠪᠠᠶᠢᠭᠤᠯᠤᠯᠲᠠ ᠶᠢᠨ ᠠᠵᠢᠯ ᠤᠯᠠᠨ ᠲᠦᠮᠡᠨ ᠢ ᠲᠠᠭᠠᠵᠦ᠂ ᠬᠥᠮᠥᠨ᠂ ᠵᠣᠭᠤᠰ ᠮᠥᠩᠭᠦ ᠂ ᠤᠴᠢᠷ ᠶᠠᠪᠤᠳᠠᠯ | ᠵᠡᠷᠭᠡ ᠠᠴᠠ ᠭᠠᠷᠳᠠᠨ ᠵᠣᠬᠢᠶᠠᠨ ᠪᠠᠶᠢᠭᠤᠯᠵᠤ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠵᠦ ᠂ ᠬᠥᠮᠥᠨ | ᠦᠨᠳᠦᠰᠦᠨ ᠱᠠᠲᠤᠨ ᠳᠤ ᠣᠴᠢᠵᠤ ᠂ ᠵᠣᠭᠤᠰ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ ᠂ ᠤᠴᠢᠷ | ᠶᠠᠪᠤᠳᠠᠯ ᠢ ᠪᠣᠳᠠᠲᠠᠢ ᠬᠢᠵᠦ ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠪᠠᠲᠤᠳᠬᠠᠵᠤ ᠪᠤᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | | | | | |