ᠡᠳᠡᠭᠡᠷ ᠥᠲᠥᠨ ᠨᠣᠯᠤᠤᠷ ᠬᠤᠪᠴᠠᠰᠤ ᠨᠢ ᠬᠢᠷᠢ ᠲᠡᠩᠴᠡᠬᠦ ᠦᠭᠡᠢ︕
ᠨᠡᠶᠢᠲᠡᠯᠡᠭᠰᠡᠨ ᠴᠠᠭ᠄
2023/12/26
     ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 185 ᠪᠦᠯᠦᠭ ᠤᠳᠠᠭᠠᠨ ᠤ ᠥᠲᠥᠨ ᠨᠣᠯᠤᠤᠷ ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ  ᠤᠨ  ᠲᠤᠬᠠᠢ  ᠤᠯᠤᠰ ᠠᠴᠠ  ᠬᠢᠨᠠᠯᠲᠠ  ᠲᠠᠯᠪᠢᠵᠤ ᠰᠤᠭᠤᠴᠢᠨ ᠪᠠᠶᠢᠴᠠᠭᠠᠭᠰᠠᠨ ᠳᠤ 26 ᠪᠦᠯᠦᠭ ᠤᠳᠠᠭ᠎ᠠ ᠶᠢᠨ ᠥᠲᠥᠨ ᠨᠣᠯᠤᠤᠷ ᠬᠤᠪᠴᠠᠰᠤ ᠨᠢ ᠬᠢᠷᠢ  ᠲᠡᠩᠴᠡᠭᠰᠡᠨ  ᠦᠭᠡᠢ‌ᠭᠡᠵᠦ ᠵᠠᠷᠯᠠᠨ ᠮᠡᠳᠡᠭᠳᠡᠪᠡ᠃  ᠮᠡᠳᠡᠭᠳᠡᠯ ᠢ  ᠦᠨᠳᠦᠰᠦᠯᠡᠪᠡᠯ᠂  ᠲᠣᠰ  ᠤᠳᠠᠭ᠎ᠠ  ᠨᠡᠶᠢᠲᠡ 185  ᠪᠦᠯᠦᠭ  ᠤᠳᠠᠭ᠎ᠠ ᠶᠢᠨ ᠦᠢᠯᠡᠳᠬᠦᠨ ᠢ ᠰᠣᠩᠭᠤᠨ ᠪᠠᠶᠢᠴᠠᠭᠠᠭᠰᠠᠨ ᠪᠥᠭᠡᠳ ᠵᠧᠵᠢᠶᠠᠩ᠂ ᠱᠠᠩᠬᠠᠢ᠂ ᠵᠢᠶᠠᠩᠰᠤ ᠵᠡᠷᠭᠡ  6  ᠮᠤᠵᠢ  ᠣᠷᠣᠨ ᠤ  178 ᠦᠢᠯᠡᠳᠪᠦᠷᠢᠯᠡᠯ ᠤᠨ  ᠨᠢᠭᠡᠴᠡ  ᠬᠤᠯᠪᠣᠭᠳᠠᠵᠤ᠂  ᠰᠣᠩᠭᠤᠨ  ᠪᠠᠶᠢᠴᠠᠭᠠᠬᠤ  ᠪᠠᠷ  ᠲᠠᠮᠵᠢᠨ  26  ᠪᠦᠯᠦᠭ  ᠤᠳᠠᠭ᠎ᠠ ᠶᠢᠨ ᠦᠢᠯᠡᠳᠬᠦᠨ ᠬᠢᠷᠢ ᠲᠡᠩᠴᠡᠬᠦ ᠦᠭᠡᠢ ᠪᠠᠶᠢᠬᠤ ᠶᠢ ᠣᠯᠵᠤ ᠮᠠᠲᠠᠵᠠᠢ  ᠭᠡᠪᠡ᠃  ᠡᠭᠦᠨ ᠳᠤ  :  ᠨᠢᠭᠡ  ᠪᠦᠯᠦᠭ  ᠤᠳᠠᠭ᠎ᠠ ᠶᠢᠨ ᠦᠢᠯᠡᠳᠬᠦᠨ ᠨᠢ ᠬᠤᠳᠠᠯ  ᠬᠠᠭᠤᠷᠮᠠᠭ ᠦᠢᠯᠡᠳᠬᠦᠨ  ᠢᠶᠠᠷ ᠰᠡᠵᠢᠭᠯᠡᠭᠳᠡᠵᠦ᠂  ᠨᠢᠭᠡᠨᠲᠡ  ᠬᠠᠷᠢᠶ᠎ᠠ  ᠭᠠᠵᠠᠷ ᠤᠨ  ᠬᠢᠨᠢ  ᠵᠠᠬ᠎ᠠ ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠰᠠᠯᠠᠭ᠎ᠠ  ᠮᠥᠴᠢᠷ ᠲᠤ  ᠲᠤᠰᠢᠶᠠᠨ ᠰᠢᠢᠳᠪᠦᠷᠢᠯᠡᠭᠦᠯᠪᠡ︔  19   ᠪᠦᠯᠦᠭ ᠤᠳᠠᠭ᠎ᠠ ᠶᠢᠨ ᠦᠢᠯᠡᠳᠬᠦᠨ ᠤ ᠰᠢᠷᠬᠡᠭ ᠤᠨ  ᠠᠭᠤᠯᠤᠭᠳᠠᠴᠠ ᠨᠢ  ᠬᠢᠷᠢ  ᠲᠡᠩᠴᠡᠬᠦ  ᠦᠭᠡᠢ᠂  6  ᠪᠦᠯᠦᠭ ᠤᠳᠠᠭ᠎ᠠ ᠶᠢᠨ ᠦᠢᠯᠡᠳᠬᠦᠨ ᠤ ᠥᠳᠥᠨ ᠨᠣᠯᠤᠤᠷ ᠤᠨ ᠠᠭᠤᠯᠤᠭᠳᠠᠴᠠ ᠨᠢ ᠬᠢᠷᠢ ᠲᠡᠩᠴᠡᠬᠦ ᠦᠭᠡᠢ ᠪᠠᠶᠢᠨ᠎ᠠ᠃ᠪᠡᠯᠡᠳᠭᠡᠭᠰᠡᠨ ᠨᠢ᠄ ᠣᠳᠣᠨᠭᠡᠷᠡᠯᠢᠷᠡᠯᠲᠡ᠄ ᠠᠷᠠᠳ ᠤᠨ ᠰᠦᠯᠵᠢᠶ᠎ᠡ  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2