ᠮᠠᠨ ᠤ ᠰᠢᠶᠠᠨ ᠤ ᠾᠧᠩ ᠳ᠋ᠧ ᠠᠮᠤ ᠲᠣᠰᠣ ᠨᠥᠭᠡᠴᠡᠯᠡᠬᠦ ᠬᠢᠵᠠᠭᠠᠷᠲᠤ ᠺᠣᠮᠫᠠᠨᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2023/12/27
    ᠨᠥᠭᠡᠴᠡ ᠠᠮᠤ ᠪᠤᠳᠠᠭ᠎ᠠ ᠶᠢᠨ ᠠᠶᠦᠯᠭᠦᠢ ᠬᠠᠳᠠᠭᠠᠯᠠᠬᠤ ᠶᠢ ᠦᠨᠡᠨᠬᠦ ᠴᠢᠩᠭᠠᠳᠬᠠᠨ᠂ ᠠᠮᠤ ᠪᠤᠳᠠᠭ᠎ᠠ ᠨᠥᠭᠡᠴᠡᠯᠡᠬᠦ ᠠᠵᠤ ᠠᠬᠤᠶᠢᠯᠠᠯ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ ᠂ ᠠᠮᠤ ᠪᠤᠳᠠᠭ᠎ᠠ ᠨᠥᠭᠡᠴᠡᠯᠡᠬᠦ ᠠᠵᠤ ᠠᠬᠤᠶᠢᠯᠠᠯ ᠤᠨ ᠠᠵᠢᠯᠲᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠦᠯᠦᠭᠡ᠂ 12 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠾᠧᠩ ᠳ᠋ᠧ ᠠᠮᠤ ᠲᠣᠰᠣ ᠨᠥᠭᠡᠴᠡᠯᠡᠬᠦ ᠬᠢᠵᠠᠭᠠᠷᠲᠤ ᠺᠣᠮᠫᠠᠨᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃

001.png

 

    ᠲᠣᠰ ᠤᠳᠠᠭᠠᠨ ᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠾᠧᠩ ᠳ᠋ᠧ ᠠᠮᠤ

ᠲᠣᠰᠣ ᠨᠥᠭᠡᠴᠡᠯᠡᠬᠦ ᠬᠢᠵᠠᠭᠠᠷᠲᠤ ᠺᠣᠮᠫᠠᠨᠢ ᠶᠢᠨ ᠰᠠᠩ ᠬᠥᠮᠥᠷᠭᠡ ᠶᠢᠨ ᠴᠠᠬᠢᠯᠭᠠᠨ ᠲᠦᠭᠡᠭᠡᠬᠦ ᠬᠠᠶᠢᠷᠴᠠᠭ ᠲᠤ ᠭᠠᠯ

ᠭᠠᠷᠤᠭᠰᠠᠨ ᠢᠶᠠᠷ ᠠᠷᠤ ᠦᠵᠡᠭᠳᠡᠯ ᠪᠣᠯᠭᠠᠵᠤ᠂ ᠭᠠᠯ ᠤᠨ ᠪᠠᠶᠢᠳᠠᠯ ᠢ ᠣᠯᠵᠤ ᠮᠡᠳᠡᠬᠦ᠂ ᠦᠳᠲᠡᠷ ᠲᠦᠷᠭᠡᠨ

ᠮᠡᠳᠡᠭᠦᠯᠬᠦ᠂ ᠪᠠᠴᠢᠮ ᠲᠦᠷᠭᠡᠨ ᠬᠥᠳᠡᠯᠬᠦ᠂ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ᠂ ᠰᠣᠷᠢᠯᠲᠠ ᠶᠢᠨ ᠦᠨᠡᠯᠡᠯᠲᠡ

ᠬᠢᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠪᠠ᠃ ᠺᠣᠮᠫᠠᠨᠢ ᠶᠢᠨ ᠵᠢᠵᠢᠭᠦᠷᠯᠡᠭᠴᠢ ᠭᠠᠯ ᠤᠨ ᠪᠠᠶᠢᠳᠠᠯ ᠢ ᠣᠯᠵᠤ

ᠮᠡᠳᠡᠭᠰᠡᠨ ᠤ ᠲᠠᠷᠠᠭ᠎ᠠ ᠲᠡᠷᠡ ᠳᠠᠷᠤᠢ ᠳᠤᠨᠢ ᠺᠣᠮᠫᠠᠨᠢ ᠶᠢᠨ ᠤᠳᠤᠷᠢᠳᠤᠯᠭ᠎ᠠ ᠳᠤ ᠮᠡᠳᠡᠭᠦᠯᠵᠦ ᠂ ᠺᠣᠮᠫᠠᠨᠢ ᠠᠴᠠ ᠭᠠᠯ

ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ ᠂ ᠰᠢᠶᠠᠨ ᠤ

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠰᠢᠶᠠᠨ ᠤ ᠭᠠᠯ ᠤᠨᠲᠠᠷᠠᠭᠠᠬᠤ ᠠᠪᠤᠷᠠᠨ

ᠲᠤᠰᠠᠯᠠᠬᠤ ᠶᠡᠭᠡ ᠠᠩᠭᠢ ᠳᠤ ᠮᠡᠳᠡᠭᠦᠯᠬᠦ ᠶᠢᠨ ᠬᠠᠮᠲᠤ ᠠᠶᠤᠯᠭᠦᠢ ᠶᠢᠨ ᠠᠵᠢᠯᠲᠠᠨ ᠢ ᠦᠳᠲᠡᠷ ᠲᠦᠷᠭᠡᠨ ᠵᠣᠬᠢᠶᠠᠨ

ᠪᠠᠶᠢᠭᠤᠯᠵᠤ ᠭᠠᠯ ᠤᠨᠲᠠᠷᠠᠭᠠᠵᠤ ᠥᠪᠡᠷ ᠢ ᠪᠠᠨ ᠠᠪᠤᠷᠠᠬᠤ ᠠᠵᠢᠯ ᠢ ᠦᠷᠨᠢᠭᠦᠯᠪᠡ᠃ ᠰᠣᠷᠢᠯᠲᠠ ᠶᠢᠨ ᠶᠠᠪᠤᠴᠠ ᠳᠤ᠂

ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠲᠠᠯ᠎ᠠ ᠪᠠᠷ ᠲᠣᠬᠢᠷᠠᠭᠤᠯᠤᠯᠲᠠ

ᠬᠢᠵᠦ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠯᠭ᠎ᠠ ᠡᠮᠬᠢ ᠵᠢᠷᠤᠮ ᠲᠠᠢ

ᠪᠠᠶᠢᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠺᠣᠮᠫᠠᠨᠢ ᠶᠢᠨ ᠪᠥᠬᠦ ᠠᠵᠢᠯᠲᠠᠳ

ᠰᠣᠷᠢᠯᠲᠠ ᠶᠢᠨ ᠵᠢᠷᠤᠮ ᠶᠣᠰᠣᠭᠠᠷ ᠨᠢᠭᠲᠠ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ

ᠪᠦᠲᠦᠮᠵᠢᠲᠡᠶ ᠬᠡᠷᠡᠭᠯᠡᠨ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠣᠷᠢᠯᠲᠠ ᠶᠢᠨ

ᠵᠢᠱᠢᠭᠰᠡᠨ ᠬᠠᠷᠠᠯᠲᠠ ᠳᠠᠭᠠᠨ ᠬᠥᠷᠪᠡ᠃

002.png

    ᠠᠮᠤᠷ ᠲᠦᠪᠰᠢᠨ ᠤ ᠠᠳᠡᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ ᠂ ᠭᠠᠯ ᠤᠨᠲᠠᠷᠠᠭᠠᠬᠤ ᠬᠠᠷᠢᠭᠤᠴᠠᠯᠭ᠎ᠠ

ᠠᠭᠤᠯᠠ ᠮᠡᠲᠦ ᠬᠦᠨᠳᠦ ᠪᠠᠶᠢᠳᠠᠭ ᠃ ᠰᠣᠷᠢᠯᠲᠠ ᠪᠠᠷ ᠲᠠᠮᠵᠢᠨ᠂ ᠮᠠᠨ ᠤ ᠰᠢᠶᠠᠨ ᠤ ᠾᠧᠩ ᠳ᠋ᠧ ᠠᠮᠤ ᠲᠣᠰᠣ

ᠨᠥᠭᠡᠴᠡᠯᠡᠬᠦ ᠬᠢᠵᠠᠭᠠᠷᠲᠤ ᠺᠣᠮᠫᠠᠨᠢ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ

ᠪᠦᠲᠦᠮᠵᠢᠲᠡᠢ ᠰᠢᠯᠭᠠᠨ ᠪᠠᠶᠢᠴᠠᠭᠠᠵᠤ ᠂ ᠺᠣᠮᠫᠠᠨᠢ ᠶᠢᠨ ᠪᠦᠬᠦ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ

ᠬᠠᠷᠢᠭᠤᠴᠠᠯᠭ᠎ᠠ ᠶᠢᠨ ᠤᠬᠠᠮᠰᠠᠷ ᠪᠣᠯᠣᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ

ᠴᠢᠳᠠᠪᠤᠷᠢ ᠶᠢ ᠳᠡᠭᠡᠭᠰᠢᠯᠡᠭᠦᠯᠵᠦ ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠡᠷᠢᠨ

ᠭᠠᠷᠭᠠᠵᠤ ᠂ ᠺᠣᠮᠫᠠᠨᠢ ᠶᠢᠨ ᠭᠠᠯ ᠤᠨᠲᠠᠷᠠᠭᠠᠬᠤ ᠠᠮᠤᠷ ᠲᠦᠪᠰᠢᠨ ᠪᠣᠯᠣᠨ ᠠᠶᠤᠯᠭᠦᠢ ᠦᠢᠯᠡᠳᠪᠦᠷᠢᠯᠡᠯ ᠢ ᠤᠯᠠᠮ

ᠴᠢᠨᠠᠭᠰᠢᠳᠠ ᠰᠠᠶᠢᠲᠤᠷ ᠠᠳᠬᠤᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2