ᠮᠠᠨ ᠤ ᠰᠢᠶᠠᠨ ᠤ ᠳᠣᠯᠣᠳᠤᠭᠠᠷ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠰᠠᠨ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠣᠷᠤᠪᠡ
ᠨᠡᠶᠢᠲᠡᠯᠡᠭᠰᠡᠨ ᠴᠠᠭ᠄
2023/12/27
    ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠳᠦᠷᠢᠮ ᠤᠨ ᠤᠬᠠᠮᠰᠠᠷ ᠢ ᠴᠢᠩᠭᠠᠷᠠᠭᠤᠯᠬᠤ ᠶᠢᠨ ᠲᠥᠯᠥᠭᠡ ᠂ 12 ᠰᠠᠷ᠎ᠠ ᠶᠢᠨ 26  ᠤ ᠡᠳᠦᠷ ᠂ ᠮᠠᠨ ᠤ ᠰᠢᠶᠠᠨ ᠤ ᠳᠣᠯᠣᠳᠤᠭᠠᠷ ᠪᠠᠯᠭᠠᠰᠤ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠴᠢᠬᠡᠴᠢ ᠵᠠᠰᠠᠭ ᠤᠨ ᠨᠠᠮ ᠤᠨ ᠬᠢᠴᠢᠶᠡᠯ ᠢ ᠬᠤᠷᠠᠯᠳᠤᠭᠤᠯᠪᠠ ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠫᠧᠩ ᠶᠢᠩ ᠡᠷᠭᠢᠯᠡᠬᠦ ᠶᠢᠨ ᠬᠠᠮᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠨᠠᠮ ᠤᠨ ᠬᠢᠴᠢᠶᠡᠯ ᠵᠢᠭᠠᠪᠠ᠃

10.jpg

    ᠬᠤᠷᠠᠯ ᠳᠡᠭᠡᠷ᠎ᠡ᠂ ᠣᠶᠢᠷ᠎ᠠ ᠶᠢᠨ ᠵᠢᠯ ᠤᠳ ᠲᠤ ᠪᠦᠬᠦ ᠰᠢᠶᠠᠨ ᠤ ᠪᠠᠶᠢᠴᠠᠭᠠᠨ ᠰᠢᠢᠳᠪᠦᠷᠢᠯᠡᠭᠰᠡᠨ ᠨᠠᠮ ᠤᠨ

ᠭᠡᠰᠢᠭᠦᠨ ᠺᠠᠳ᠋ᠷᠴᠤᠳ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠵᠥᠷᠢᠴᠡᠭᠰᠡᠨ᠂ ᠬᠤᠭᠤᠰᠤᠨ

ᠴᠠᠯᠢᠩ ᠠᠪᠤᠭᠰᠠᠨ᠂ ᠣᠯᠠᠨ ᠲᠦᠮᠡᠨ ᠤ ᠰᠠᠬᠢᠯᠭ᠎ᠠ ᠪᠠᠲᠤ ᠶᠢ ᠵᠥᠷᠢᠴᠡᠭᠰᠡᠨ ᠪᠠ ᠠᠷᠢᠬᠢ ᠤᠤᠭᠤᠵᠤ ᠲᠡᠷᠭᠡ

ᠵᠢᠯᠣᠭᠤᠳᠤᠭᠰᠠᠨ ᠵᠡᠷᠭᠡ 8 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ ᠮᠡᠳᠡᠭᠳᠡᠪᠡ᠃ ᠳᠡᠷᠭᠡᠳᠡᠬᠢ ᠬᠡᠷᠡᠭ ᠤᠨ

ᠵᠢᠱᠢᠶ᠎ᠡ ᠪᠠᠷ ᠤᠯᠠᠨ ᠢ ᠬᠥᠮᠥᠵᠢᠭᠦᠯᠦᠨ ᠰᠡᠷᠡᠮᠵᠢᠯᠡᠭᠦᠯᠵᠦ ᠂ ᠦᠨᠳᠦᠰᠦ ᠪᠠᠷᠢᠮᠵᠢᠶ᠎ᠠ ᠲᠠᠢ ᠬᠠᠷᠢᠴᠠᠭᠤᠯᠵᠤ ᠬᠡᠷᠡᠭ ᠤᠨ

ᠳᠤᠮᠳᠠ ᠠᠴᠠ ᠨᠠᠷᠢᠨ ᠬᠢᠨᠠᠮᠠᠭᠠᠢ ᠭᠦᠨᠵᠡᠭᠡᠢ ᠰᠤᠷᠭᠠᠮᠵᠢ ᠠᠪᠴᠤ ᠂ ᠲᠠᠰᠤᠷᠠᠯᠲᠠ ᠦᠭᠡᠢ ᠥᠪᠡᠷ ᠢ ᠪᠠᠨ ᠵᠠᠳᠠᠯᠤᠨ

ᠰᠢᠨᠵᠢᠯᠡᠵᠦ ᠂ ᠥᠪᠡᠷ ᠢ ᠪᠠᠨ ᠡᠷᠭᠢᠴᠡᠭᠦᠯᠦᠨ ᠪᠤᠳᠤᠵᠤ ᠂ ᠲᠤᠰ ᠪᠡᠶ᠎ᠡ ᠶᠢᠨ ᠤᠯᠤᠰ ᠲᠦᠷᠦ ᠶᠢᠨ ᠰᠠᠬᠢᠯᠭ᠎ᠠ ᠪᠠᠲᠤ ᠂

ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠ ᠠᠵᠢᠯ ᠤᠨ ᠰᠤᠷᠲᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ

ᠠᠰᠠᠭᠤᠳᠠᠯ ᠢᠶᠠᠨ ᠭᠦᠨᠵᠡᠭᠡᠢ ᠡᠷᠢᠵᠦ ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠂ ᠢᠯᠵᠠᠷᠠᠯ ᠢ

ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠤᠢ

ᠪᠣᠯᠭᠠᠬᠤ ᠬᠡᠷᠡᠭᠲᠡᠢ᠃

    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠫᠧᠩ ᠶᠢᠩ ︽ᠭᠤᠷᠪᠠᠨ ᠵᠦᠢᠯ ᠢ ᠥᠯᠥ

ᠢᠯᠵᠠᠷᠠᠭᠤᠯᠬᠤ︾ ᠰᠡᠳᠦᠪ ᠢᠶᠠᠷ ᠪᠦᠬᠦ ᠨᠠᠮ ᠤᠨ ᠭᠡᠰᠢᠭᠦᠨ ᠺᠠᠳ᠋ᠷᠴᠤᠳ ᠠᠷᠢᠭᠤᠨ ᠴᠢᠬᠡᠴᠢ ᠪᠠᠷ ᠵᠠᠰᠠᠭ ᠪᠠᠷᠢᠬᠤ

ᠲᠤᠬᠠᠢ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠡ᠃ ᠲᠡᠷᠡ ᠨᠡᠶᠢᠲᠡᠯᠢᠭ ᠬᠡᠷᠡᠭ ᠤᠨ ᠵᠢᠱᠢᠶ᠎ᠡ ᠲᠠᠢ

ᠤᠶᠠᠯᠳᠤᠭᠤᠯᠤᠨ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠪᠤᠢ

ᠪᠣᠯᠤᠭᠰᠠᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠠᠢ ᠃

    ᠨᠠᠮ ᠤᠨ ᠬᠢᠴᠢᠶᠡᠯ ᠳᠤ ᠵᠢᠭᠠᠵᠤ ᠭᠠᠷᠭᠠᠭᠰᠠᠨ ᠨᠢ᠂ ︽ᠬᠡᠷᠡᠭ ᠢᠶᠠᠷ ᠴᠡᠭᠡᠷᠯᠡᠯ ᠪᠣᠯᠭᠠᠬᠤ︾ ᠪᠣᠯ ᠨᠢᠭᠡ

ᠴᠣᠭᠴᠠᠵᠢᠭᠤᠯᠤᠨ ᠠᠬᠢᠭᠤᠯᠵᠤ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ

ᠪᠤᠳᠤᠬᠤ ᠦᠭᠡᠢ ᠪᠠᠶᠢᠬᠤ   ᠶᠢᠨ ᠱᠠᠭᠠᠷᠳᠠᠯᠭ᠎ᠠ ᠮᠥᠨ᠂ ᠡᠳᠡᠭᠡᠷ ᠨᠡᠶᠢᠲᠡᠯᠢᠭ ᠬᠡᠷᠡᠭ ᠤᠨ ᠵᠢᠱᠢᠶ᠎ᠡ ᠠᠴᠠ ᠨᠠᠮ ᠤᠨ

ᠭᠡᠰᠢᠭᠦᠨ ᠺᠠᠳ᠋ᠷᠴᠤᠳ ᠰᠡᠷᠡᠮᠵᠢᠯᠡᠭᠦᠯᠬᠦ ᠬᠥᠮᠦᠵᠢᠯ ᠤᠨ ᠤᠯᠤᠰ ᠲᠦᠷᠦ ᠶᠢᠨ ᠤᠬᠠᠮᠰᠠᠷ ᠂ ᠦᠵᠡᠯ ᠰᠠᠨᠠᠭᠠᠨ ᠤ

ᠤᠬᠠᠮᠰᠠᠷ ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ ᠂ ᠳᠡᠷᠭᠡᠳᠡᠬᠢ ᠬᠡᠷᠡᠭ ᠤᠨ

ᠵᠢᠱᠢᠶ᠎ᠡ ᠠᠴᠠ ᠰᠤᠷᠭᠠᠮᠵᠢ ᠠᠪᠴᠤ ᠂ ᠬᠤᠪᠴᠠᠰᠤ ᠮᠠᠯᠠᠭᠠᠢ ᠪᠠᠨ ᠲᠥᠪ ᠪᠣᠯᠭᠠᠨ ᠣᠯᠵᠤ ᠠᠯᠳᠠᠬᠤ ᠪᠠᠨ

ᠲᠣᠳᠣᠷᠬᠠᠶᠢᠯᠠᠵᠤ ᠂ ᠪᠡᠶ᠎ᠡ ᠪᠠᠨ ᠴᠢᠩᠭ᠎ᠠ ᠱᠠᠭᠠᠷᠳᠠᠵᠤ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠢᠮᠠᠭᠲᠠ

ᠠᠷᠢᠭᠤᠨ ᠴᠢᠬᠡᠴᠢ ᠮᠥᠨ ᠴᠢᠨᠠᠷ ᠢᠶᠠᠨ ᠪᠠᠲᠤᠯᠠᠵᠤ ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ

ᠬᠥᠪᠴᠢ ᠪᠠᠨ ᠴᠢᠩᠭᠠᠯᠠᠬᠤ ᠬᠡᠷᠡᠭᠲᠡᠢ᠃

11.jpg

    ᠬᠤᠷᠠᠯ ᠤᠨ ᠲᠠᠷᠠᠭ᠎ᠠ᠂ ᠪᠦᠬᠦ ᠨᠠᠮ ᠤᠨ ᠭᠡᠰᠢᠭᠦᠨ ᠺᠠᠳ᠋ᠷᠴᠤᠳ ᠰᠡᠷᠡᠮᠵᠢᠯᠡᠭᠦᠯᠬᠦ ᠬᠥᠮᠦᠵᠢᠯ ᠤᠨ ︽ᠠᠷᠢᠭᠤᠨ

ᠴᠢᠬᠡᠴᠢ ᠪᠠᠷ ᠵᠠᠰᠠᠭ ᠪᠠᠷᠢᠬᠤ ᠶᠢᠨ︿ᠠᠩᠬᠠᠨ ᠤ ᠦᠷ᠎ᠡ﹀  ᠶᠢ ᠰᠠᠶᠢᠲᠤᠷ ᠠᠳᠬᠤᠨ᠎ᠠ︾ ᠭᠡᠬᠦ ᠹᠢᠯᠢᠮ ᠢ ᠬᠠᠮᠲᠤ ᠪᠠᠷ

ᠰᠣᠨᠢᠷᠬᠠᠪᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2