ᠮᠠᠨ ᠤ ᠰᠢᠶᠠᠨ ᠤ ᠾᠧᠩ ᠳ᠋ᠧ ᠠᠮᠤ ᠲᠣᠰᠣ ᠨᠥᠭᠡᠴᠡᠯᠡᠬᠦ ᠬᠢᠵᠠᠭᠠᠷᠲᠤ ᠺᠣᠮᠫᠠᠨᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2023/12/27
    ᠨᠥᠭᠡᠴᠡ ᠠᠮᠤ ᠪᠤᠳᠠᠭ᠎ᠠ ᠶᠢᠨ ᠠᠶᠦᠯᠭᠦᠢ ᠬᠠᠳᠠᠭᠠᠯᠠᠬᠤ ᠶᠢ ᠦᠨᠡᠨᠬᠦ ᠴᠢᠩᠭᠠᠳᠬᠠᠨ᠂ ᠠᠮᠤ ᠪᠤᠳᠠᠭ᠎ᠠ ᠨᠥᠭᠡᠴᠡᠯᠡᠬᠦ ᠠᠵᠤ ᠠᠬᠤᠶᠢᠯᠠᠯ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ ᠂ ᠠᠮᠤ ᠪᠤᠳᠠᠭ᠎ᠠ ᠨᠥᠭᠡᠴᠡᠯᠡᠬᠦ ᠠᠵᠤ ᠠᠬᠤᠶᠢᠯᠠᠯ ᠤᠨ ᠠᠵᠢᠯᠲᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠦᠯᠦᠭᠡ᠂ 12 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠾᠧᠩ ᠳ᠋ᠧ ᠠᠮᠤ ᠲᠣᠰᠣ ᠨᠥᠭᠡᠴᠡᠯᠡᠬᠦ ᠬᠢᠵᠠᠭᠠᠷᠲᠤ ᠺᠣᠮᠫᠠᠨᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃

001.png

 

    ᠲᠣᠰ ᠤᠳᠠᠭᠠᠨ ᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠾᠧᠩ ᠳ᠋ᠧ ᠠᠮᠤ ᠲᠣᠰᠣ

ᠨᠥᠭᠡᠴᠡᠯᠡᠬᠦ ᠬᠢᠵᠠᠭᠠᠷᠲᠤ ᠺᠣᠮᠫᠠᠨᠢ ᠶᠢᠨ ᠰᠠᠩ ᠬᠥᠮᠥᠷᠭᠡ ᠶᠢᠨ ᠴᠠᠬᠢᠯᠭᠠᠨ ᠲᠦᠭᠡᠭᠡᠬᠦ ᠬᠠᠶᠢᠷᠴᠠᠭ ᠲᠤ ᠭᠠᠯ ᠭᠠᠷᠤᠭᠰᠠᠨ ᠢᠶᠠᠷ

ᠠᠷᠤ ᠦᠵᠡᠭᠳᠡᠯ ᠪᠣᠯᠭᠠᠵᠤ᠂ ᠭᠠᠯ ᠤᠨ ᠪᠠᠶᠢᠳᠠᠯ ᠢ ᠣᠯᠵᠤ ᠮᠡᠳᠡᠬᠦ᠂ ᠦᠳᠲᠡᠷ ᠲᠦᠷᠭᠡᠨ ᠮᠡᠳᠡᠭᠦᠯᠬᠦ᠂ ᠪᠠᠴᠢᠮ ᠲᠦᠷᠭᠡᠨ

ᠬᠥᠳᠡᠯᠬᠦ᠂ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ᠂ ᠰᠣᠷᠢᠯᠲᠠ ᠶᠢᠨ ᠦᠨᠡᠯᠡᠯᠲᠡ ᠬᠢᠬᠦ ᠵᠡᠷᠭᠡ ᠲᠠᠰ ᠳᠠᠷᠠᠭᠠᠯᠠᠯ ᠢᠶᠠᠷ

ᠶᠠᠪᠤᠭᠳᠠᠭᠤᠯᠪᠠ᠃ ᠺᠣᠮᠫᠠᠨᠢ ᠶᠢᠨ ᠵᠢᠵᠢᠭᠦᠷᠯᠡᠭᠴᠢ ᠭᠠᠯ ᠤᠨ ᠪᠠᠶᠢᠳᠠᠯ ᠢ ᠣᠯᠵᠤ ᠮᠡᠳᠡᠭᠰᠡᠨ ᠤ ᠲᠠᠷᠠᠭ᠎ᠠ ᠲᠡᠷᠡ ᠳᠠᠷᠤᠢ ᠳᠤᠨᠢ

ᠺᠣᠮᠫᠠᠨᠢ ᠶᠢᠨ ᠤᠳᠤᠷᠢᠳᠤᠯᠭ᠎ᠠ ᠳᠤ ᠮᠡᠳᠡᠭᠦᠯᠵᠦ ᠂ ᠺᠣᠮᠫᠠᠨᠢ ᠠᠴᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ

ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ

ᠲᠣᠪᠴᠢᠶ᠎ᠠ ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠬᠦ ᠶᠢᠨ ᠬᠠᠮᠲᠤ ᠠᠶᠤᠯᠭᠦᠢ ᠶᠢᠨ

ᠠᠵᠢᠯᠲᠠᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠭᠠᠯ ᠤᠨᠲᠠᠷᠠᠭᠠᠵᠤ ᠥᠪᠡᠷ ᠢ ᠪᠠᠨ ᠠᠪᠤᠷᠠᠬᠤ ᠠᠵᠢᠯ ᠢ 

ᠦᠷᠨᠢᠭᠦᠯᠪᠡ᠃ ᠰᠣᠷᠢᠯᠲᠠ ᠶᠢᠨ ᠶᠠᠪᠤᠴᠠ ᠳᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ

ᠪᠥᠬᠦ ᠲᠠᠯ᠎ᠠ ᠪᠠᠷ ᠲᠣᠬᠢᠷᠠᠭᠤᠯᠤᠯᠲᠠ ᠬᠢᠵᠦ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ

ᠵᠢᠯᠣᠭᠤᠳᠤᠯᠭ᠎ᠠ ᠡᠮᠬᠢ ᠵᠢᠷᠤᠮ ᠲᠠᠢ ᠪᠠᠶᠢᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ

ᠺᠣᠮᠫᠠᠨᠢ ᠶᠢᠨ ᠪᠥᠬᠦ ᠠᠵᠢᠯᠲᠠᠳ ᠰᠣᠷᠢᠯᠲᠠ ᠶᠢᠨ ᠵᠢᠷᠤᠮ ᠶᠣᠰᠣᠭᠠᠷ ᠨᠢᠭᠲᠠ ᠬᠠᠮᠵᠢᠯᠴᠠᠵᠤ᠂ ᠪᠠᠴᠢᠮ ᠪᠠᠶᠢᠳᠠᠯ ᠢ

ᠠᠷᠭᠠᠴᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠯᠡᠨ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ

ᠪᠡᠶᠡᠯᠡᠭᠦᠯᠵᠦ᠂ ᠰᠣᠷᠢᠯᠲᠠ ᠶᠢᠨ ᠵᠢᠱᠢᠭᠰᠡᠨ ᠬᠠᠷᠠᠯᠲᠠ ᠳᠠᠭᠠᠨ ᠬᠥᠷᠪᠡ᠃

002.png

    ᠠᠮᠤᠷ ᠲᠦᠪᠰᠢᠨ ᠤ ᠠᠳᠡᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ ᠂ ᠭᠠᠯ ᠤᠨᠲᠠᠷᠠᠭᠠᠬᠤ ᠬᠠᠷᠢᠭᠤᠴᠠᠯᠭ᠎ᠠ

ᠠᠭᠤᠯᠠ ᠮᠡᠲᠦ ᠬᠦᠨᠳᠦ ᠪᠠᠶᠢᠳᠠᠭ ᠃ ᠰᠣᠷᠢᠯᠲᠠ ᠪᠠᠷ ᠲᠠᠮᠵᠢᠨ᠂ ᠮᠠᠨ ᠤ ᠰᠢᠶᠠᠨ ᠤ ᠾᠧᠩ ᠳ᠋ᠧ ᠠᠮᠤ ᠲᠣᠰᠣ ᠨᠥᠭᠡᠴᠡᠯᠡᠬᠦ

ᠬᠢᠵᠠᠭᠠᠷᠲᠤ ᠺᠣᠮᠫᠠᠨᠢ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠲᠦᠮᠵᠢᠲᠡᠢ

ᠰᠢᠯᠭᠠᠨ ᠪᠠᠶᠢᠴᠠᠭᠠᠵᠤ ᠂ ᠺᠣᠮᠫᠠᠨᠢ ᠶᠢᠨ ᠪᠦᠬᠦ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ

ᠤᠬᠠᠮᠰᠠᠷ ᠪᠣᠯᠣᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ

ᠳᠡᠭᠡᠭᠰᠢᠯᠡᠭᠦᠯᠵᠦ ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠡᠷᠢᠨ ᠭᠠᠷᠭᠠᠵᠤ ᠂

ᠺᠣᠮᠫᠠᠨᠢ ᠶᠢᠨ ᠭᠠᠯ ᠤᠨᠲᠠᠷᠠᠭᠠᠬᠤ ᠠᠮᠤᠷ ᠲᠦᠪᠰᠢᠨ ᠪᠣᠯᠣᠨ ᠠᠶᠤᠯᠭᠦᠢ ᠦᠢᠯᠡᠳᠪᠦᠷᠢᠯᠡᠯ ᠢ ᠤᠯᠠᠮ ᠴᠢᠨᠠᠭᠰᠢᠳᠠ ᠰᠠᠶᠢᠲᠤᠷ

ᠠᠳᠬᠤᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2