ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠲᠠᠢ ᠬᠤᠯᠪᠤᠭᠠᠯᠠᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠬᠤᠪᠢᠰᠬᠠᠯ ᠤᠨ ᠭᠤᠣᠯ ᠰᠡᠳᠦᠪᠲᠦ ᠺᠢᠨᠤ᠋ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/4
    11 ᠰᠠᠷ᠎ᠠ ᠶᠢᠨ 30 ᠤ ᠡᠳᠦᠷ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠲᠠᠢ ᠬᠠᠮᠲᠤᠷᠠᠨ ︽ᠬᠤᠪᠢᠰᠬᠠᠯᠲᠤ ᠺᠢᠨᠣ᠋ ᠶᠢ ᠦᠵᠡᠵᠦ ᠦᠯᠢᠭᠡᠷ ᠳᠠᠭᠤᠷᠢᠶᠠᠯ ᠤᠨ ᠬᠦᠴᠦᠨ ᠢ ᠰᠢᠩᠭᠡᠬᠡᠨ ᠠᠪᠬᠤ ︾ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠨᠠᠭᠰᠢᠳᠠ ᠴᠢᠩᠭᠠᠳᠬᠠᠵᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ ᠂ ᠭᠠᠷ ᠬᠤᠯᠪᠣᠨ ᠪᠣᠭᠤᠮᠲᠠ ᠰᠢᠪᠲᠤᠯᠬᠤ ᠂ ᠬᠠᠮᠲᠤᠪᠠᠷ ᠬᠥᠭᠵᠢᠬᠦ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠪᠠ᠃

1.jpeg

 

    ︽ᠪᠢ ᠲᠥᠷᠥᠯᠬᠢ ᠥᠨᠳᠥᠷ ᠠᠭᠤᠯᠠ ᠪᠣᠯᠬᠤ ᠠᠴᠠ ᠪᠢᠰᠢ ᠭᠤᠷᠤᠬ᠎ᠠ ᠶᠢᠨ ᠤᠷᠤᠰᠬᠠᠯ ᠪᠢᠰᠢ ᠶᠤᠮ᠂ ᠪᠢ ᠤᠯᠠᠨ

ᠤᠷᠬᠢᠯ ᠠᠴᠠ ᠡᠩ ᠤᠨ ᠭᠤᠤ ᠭᠠᠩᠭ᠎ᠠ ᠶᠢ ᠥᠩᠭᠡᠶᠢᠨ ᠬᠠᠷᠠᠬᠤ ᠶᠢ ᠬᠦᠰᠡᠳᠡᠭ ᠂ ᠪᠢ ᠲᠥᠷᠥᠯᠬᠢ ᠠᠷᠤᠤᠬᠠᠨ

ᠪᠠᠭᠠᠲᠤᠷ ᠪᠣᠯᠬᠤ ᠠᠴᠠ ᠪᠢᠰᠢ ᠡᠪᠡᠰᠦ ᠰᠢᠷᠠᠯᠵᠢ ᠪᠢᠰᠢ ᠶᠤᠮ᠂ ᠪᠢ ᠠᠭᠤᠤ ᠬᠥᠮᠥᠨ ᠤ ᠮᠥᠷᠥᠨ ᠳᠤ ᠵᠣᠭᠰᠣᠨ

ᠦᠬᠡᠨᠴᠡ ᠲᠤᠷᠤᠢ ᠬᠥᠮᠥᠨ ᠢ ᠪᠠᠰᠤᠮᠵᠢᠯᠠᠳᠠᠭ ︕︾ ︽ᠪᠢ ᠤᠤᠯ ᠠᠴᠠ ᠪᠠᠨ ᠥᠨᠳᠥᠷ ᠠᠭᠤᠯᠠ ᠪᠠᠶᠢᠭᠰᠠᠨ︾ ᠭᠡᠬᠦ

ᠺᠢᠨᠣ᠋ ᠵᠠᠩ ᠬᠦᠢ ᠮᠧᠢ ᠶᠢᠨ ᠦᠨᠡᠨ ᠪᠣᠳᠠᠲᠠᠢ ᠦᠢᠯᠡ ᠠᠵᠢᠯᠯᠠᠭ᠎ᠠ ᠶᠢ ᠦᠨᠳᠦᠰᠦᠯᠡᠨ ᠥᠭᠡᠷᠡᠴᠢᠯᠡᠨ ᠨᠠᠶᠢᠷᠠᠭᠤᠯᠵᠤ ᠂ 

︽ ᠪᠤᠰᠤᠳ ᠢ ᠭᠡᠷᠡᠯᠲᠦᠭᠦᠯᠦᠭᠴᠢ ᠵᠠᠬᠢᠷᠤᠯ ︾ ᠵᠠᠩ ᠬᠦᠢ ᠮᠧᠢ ᠶᠢᠨ ᠦᠨᠳᠦᠰᠦᠨ ᠱᠠᠲᠤᠨ ᠳᠤ ᠦᠨᠳᠦᠰᠦᠯᠡᠵᠦ ᠂

ᠬᠠᠶᠢᠷ᠎ᠠ ᠬᠠᠯᠠᠮᠵᠢ ᠪᠠ ᠤᠶᠤᠨ ᠤᠬᠠᠭᠠᠨ ᠢᠶᠠᠷ ᠢᠶᠠᠨ ᠬᠥᠳᠡᠭᠡ ᠲᠣᠰᠬᠤᠨ ᠤ ᠲᠦᠭ ᠲᠦᠮᠡᠨ ᠥᠬᠢᠳ ᠤᠨ

ᠠᠮᠢᠳᠤᠷᠠᠯ ᠤᠨ ᠬᠦᠰᠡᠯ ᠵᠡᠭᠦᠳᠦ ᠶᠢ ᠭᠡᠷᠡᠯᠳᠦᠬᠦᠯᠦᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠪᠠ ᠃ ᠺᠢᠨᠤ᠋ ᠦᠵᠡᠬᠦ

ᠶᠠᠪᠤᠴᠠ ᠳᠤ ᠂ ᠨᠠᠮ ᠤᠨ ᠵᠣᠬᠢᠶᠠᠨ ᠪᠠᠶᠢᠭᠤᠯᠤᠯᠲᠠ ᠲᠠᠢ ᠬᠤᠣᠰᠯᠠᠭᠰᠠᠨ ᠨᠠᠮ ᠤᠨ ᠭᠡᠰᠢᠭᠦᠳ ᠰᠡᠳᠬᠢᠯ ᠬᠥᠳᠡᠯᠭᠡᠮ᠎ᠡ

ᠦᠯᠢᠭᠡᠷ ᠤᠳ ᠠᠴᠠ ᠵᠠᠩ ᠬᠦᠢ ᠮᠧᠢ ᠪᠠᠭᠰᠢ ᠶᠢᠨ ᠡᠪᠡᠳᠴᠢᠨ ᠡᠮᠭᠡᠭ ᠤᠨ ᠲᠠᠷᠴᠢᠯᠠᠭᠠᠯ ᠢ ᠲᠡᠰᠪᠦᠷᠢᠯᠡᠭᠡᠳ ᠤᠭ

ᠰᠠᠨᠠᠭ᠎ᠠ ᠪᠠᠨ ᠦᠯᠦ ᠬᠤᠪᠢᠷᠠᠭᠤᠯᠬᠤ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠯᠢ ᠬᠢᠵᠠᠭᠠᠷ ᠤᠨ

ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠰ ᠪᠣᠯᠣᠨ ᠬᠡᠦᠬᠡᠳ ᠤᠨ ᠠᠰᠠᠷᠠᠮᠵᠢ ᠶᠢᠨ

ᠦᠢᠯᠡᠰ᠂ ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠪᠣᠯᠣᠨ ᠠᠵᠢᠯ ᠤᠨ ᠪᠠᠶᠢᠷᠢ ᠪᠠᠨ ᠬᠠᠶᠢᠷᠠᠯᠠᠨ

ᠦᠢᠯᠡᠰ ᠢᠶᠠᠨ ᠳᠡᠭᠡᠳᠦᠯᠡᠬᠦ ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠣᠯᠵᠤ ᠮᠡᠳᠡᠵᠡᠢ ᠃

ᠤᠯᠠᠨ ᠢᠶᠠᠷ ᠢᠶᠠᠨ ᠲᠡᠭᠦᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠦᠨᠳᠦᠰᠦᠯᠡᠵᠦ ᠂ ᠰᠤᠷᠭᠠᠨ

ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠷ ᠶᠠᠳᠠᠭᠤ ᠬᠦᠴᠢᠷᠳᠡᠯᠲᠡᠢ ᠪᠠᠶᠢᠳᠠᠯ ᠢ ᠲᠠᠰᠤᠳᠠᠬᠤ ᠪᠠᠷ ᠵᠣᠷᠢᠭ

ᠰᠢᠭᠤᠳᠤᠭᠰᠠᠨ ᠦᠢᠯᠡ ᠠᠵᠢᠯᠯᠠᠭ᠎ᠠ ᠳᠤ ᠰᠡᠳᠬᠢᠯ ᠳᠣᠭᠳᠣᠯᠵᠤ ᠂ ᠡᠭᠦᠨ ᠤ ᠳᠤᠮᠳᠠ ᠠᠴᠠ ᠲᠠᠰᠤᠷᠠᠯᠳᠡ ᠦᠭᠡᠢ

ᠳᠠᠭᠤᠷᠢᠶᠠᠯ ᠤᠨ ᠬᠦᠴᠦᠨ ᠢ ᠰᠢᠩᠭᠡᠬᠡᠨ ᠠᠪᠴᠠᠢ ᠃

2.jpeg

 

    ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠴᠢᠩᠭ᠎ᠠ ᠲᠤᠰᠬᠠᠯ ᠭᠠᠷᠴᠤ᠂ ᠺᠢᠨᠣ᠋ 

ᠦᠵᠡᠭᠰᠡᠨ ᠴᠥᠭᠡᠨ ᠪᠤᠰᠤ ᠨᠠᠮ ᠤᠨ ᠭᠡᠰᠢᠭᠦᠨ ᠢᠯᠡᠷᠬᠡᠶᠢᠯᠡᠬᠦ ᠳᠡᠭᠡᠨ᠂ ᠲᠠᠳᠠ ᠺᠢᠨᠣ᠋—ᠨᠠᠮ ᠤᠨ ᠬᠢᠴᠢᠶᠡᠯ ᠤᠨ ︽

ᠪᠢ ᠤᠤᠯ ᠨᠢ ᠥᠨᠳᠥᠷ ᠠᠭᠤᠯᠠ ᠪᠠᠶᠢᠭᠰᠠᠨ︾ ᠭᠡᠬᠦ ᠺᠢᠨᠣ᠋ ᠶᠢᠨ ᠥᠯᠢᠭᠡᠷ ᠳᠠᠭᠤᠷᠢᠶᠠᠯ ᠤᠨ ᠬᠦᠴᠦᠨ ᠢᠶᠠᠨ ︽

ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠦᠢᠯᠡᠳᠦᠯᠭᠡ ᠶᠢᠨ

ᠠᠵᠢᠯᠯᠠᠭ᠎ᠠ ᠳᠤ ᠨᠠᠩ ᠰᠠᠶᠢᠨ ᠠᠭᠤᠰᠬᠠᠵᠤ ᠂ ᠣᠷᠣᠨ ᠨᠤᠲᠤᠭ ᠤᠨ ᠠᠵᠤ ᠠᠬᠤᠢ ᠶᠢᠨ ᠳᠡᠭᠡᠳᠦ ᠬᠤᠷᠳᠤᠴᠠ ᠪᠠᠷ

ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃

ᠵᠣᠬᠢᠶᠠᠭᠴᠢ᠄ ᠦ᠋ ᠪᠥᠸᠧ ᠸᠧᠢ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ  

 

 
ᠢᠷᠡᠯᠲᠡ᠄ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2