11 ᠰᠠᠷ᠎ᠠ ᠶᠢᠨ 29 ᠤ ᠡᠳᠦᠷ᠂ ︽12306 ᠪᠢᠯᠧᠲ ᠪᠤᠴᠠᠭᠠᠬᠤ ᠳᠤ ᠭᠠᠷ ᠭᠦᠢᠴᠡᠳᠬᠡᠯ ᠤᠨ ᠰᠦᠢᠳᠬᠡᠯ | ᠬᠤᠷᠢᠶᠠᠬᠤ ᠦᠭᠡᠢ ᠪᠣᠯᠪᠠ᠂ ᠲᠡᠷᠭᠡ ᠬᠥᠳᠡᠯᠬᠦ ᠠᠴᠠ ᠡᠮᠦᠨ᠎ᠡ 10 ᠮᠢᠨᠦ᠋ᠲ ᠤᠨ ᠳᠣᠲᠣᠷ᠎ᠠ ᠪᠢᠯᠧᠲ | ᠪᠤᠴᠠᠭᠠᠬᠤ ᠳᠤ ᠰᠦᠢᠳᠬᠡᠯ ᠬᠤᠷᠢᠶᠠᠭᠰᠠᠨ ᠦᠭᠡᠢ︾ ᠭᠡᠰᠡᠨ ᠨᠢᠭᠡᠨ ᠮᠡᠳᠡᠭᠡ ᠵᠠᠩᠭᠢ ᠰᠦᠯᠵᠢᠶᠡᠴᠢᠳ ᠤᠨ | ᠠᠩᠬᠠᠷᠤᠯ ᠢ ᠲᠠᠲᠠᠪᠠ᠃ ᠡᠭᠦᠨ ᠤ ᠲᠤᠬᠠᠢ ᠰᠤᠷᠪᠤᠯᠵᠢᠯᠠᠭᠴᠢ ᠲᠡᠮᠦᠷ ᠵᠠᠮ ᠤᠨ ᠰᠠᠯᠠᠭ᠎ᠠ ᠮᠥᠴᠢᠷ ᠲᠠᠢ | ᠬᠠᠷᠢᠯᠴᠠᠵᠤ ᠭᠡᠷᠡᠴᠢᠯᠡᠯ ᠬᠢᠵᠡᠢ᠃ | 11 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ 12306 ᠲᠡᠮᠦᠷ ᠵᠠᠮ ᠤᠨ ᠠᠶᠠᠨᠴᠢᠳ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠠᠰᠠᠭᠤᠨ ᠯᠠᠪᠯᠠᠭᠰᠠᠨ ᠳᠤ᠂ ᠲᠡᠷᠭᠡᠨ ᠪᠢᠯᠧᠲ ᠪᠤᠴᠠᠭᠠᠬᠤ ᠳᠤ ᠭᠠᠷ | ᠭᠦᠢᠴᠡᠳᠬᠡᠯ ᠤᠨ ᠰᠦᠢᠳᠬᠡᠯ ᠬᠤᠷᠢᠶᠠᠬᠤ ᠠᠷᠭ᠎ᠠ ᠬᠡᠮᠵᠢᠶ᠎ᠡ ᠶᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ | ᠪᠢᠯᠧᠲ ᠪᠤᠴᠠᠭᠠᠬᠤ ᠳᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠨ᠎ᠠ᠂ ᠣᠳᠣᠬᠠᠨ ᠳᠤ ᠰᠢᠨ᠎ᠡ | ᠲᠣᠭᠲᠠᠭᠠᠯ ᠨᠡᠶᠢᠲᠡᠯᠡᠭᠳᠡᠭᠡᠳᠦᠢ ᠪᠠᠶᠢᠭᠰᠠᠭᠠᠷ ᠭᠡᠪᠡ᠃ ᠲᠡᠭᠡᠪᠡᠯ ᠲᠣᠰ ᠰᠦᠯᠵᠢᠶᠡᠨ ᠤ ᠨᠠᠶᠢᠵᠠ ᠶᠠᠭᠠᠬᠢᠭᠠᠳ ᠲᠡᠷᠭᠡ | ᠬᠥᠳᠡᠯᠬᠦ ᠠᠴᠠ 10 ᠭᠠᠷᠤᠢ ᠮᠢᠨᠦ᠋ᠲ ᠤᠨ ᠡᠮᠦᠨ᠎ᠡ ᠪᠢᠯᠧᠲ ᠢᠶᠠᠨ ᠪᠤᠴᠠᠭᠠᠭᠰᠠᠨ ᠳᠤ ᠭᠠᠷ ᠭᠦᠢᠴᠡᠳᠬᠡᠯ ᠤᠨ | ᠰᠦᠢᠳᠬᠡᠯ ᠬᠤᠷᠢᠶᠠᠭᠰᠠᠨ ᠦᠭᠡᠢ ᠪᠣᠶ︖ ᠡᠭᠦᠨ ᠤ ᠲᠤᠬᠠᠢ ᠲᠡᠮᠦᠷ ᠵᠠᠮ ᠤᠨ ᠰᠠᠯᠠᠭ᠎ᠠ ᠮᠥᠴᠢᠷ ᠤᠨ | ᠬᠤᠯᠪᠣᠭᠳᠠᠯ ᠪᠦᠬᠦᠢ ᠠᠵᠢᠯᠲᠠᠨ ᠬᠡᠯᠡᠬᠦ ᠳᠡᠭᠡᠨ᠂ ᠪᠠᠶᠢᠴᠠᠭᠠᠨ ᠯᠠᠪᠯᠠᠭᠰᠠᠨ ᠢᠶᠠᠷ᠂ 11 ᠰᠠᠷ᠎ᠠ ᠶᠢᠨ 27 ᠤ ᠡᠳᠦᠷ | ᠶᠠᠨ ᠠᠨ ᠠᠴᠠ ᠬᠥᠳᠡᠯᠬᠦ D779 ᠡᠭᠡᠯᠵᠢ ᠶᠢᠨ ᠭᠠᠯᠲᠤ ᠲᠡᠷᠭᠡ 30 ᠮᠢᠨᠦ᠋ᠲ ᠣᠷᠦ᠋ᠢᠲᠠᠨ ᠬᠥᠳᠡᠯᠦᠭᠰᠡᠨ | ᠪᠠᠶᠢᠨ᠎ᠠ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠭᠠᠯᠲᠤ ᠲᠡᠷᠭᠡ | ᠣᠷᠦ᠋ᠢᠲᠠᠭᠰᠠᠨ ᠰᠢᠯᠲᠠᠭᠠᠨ ᠠᠴᠠ ᠪᠣᠯᠵᠤ ᠬᠡᠷᠡᠭᠯᠡᠭᠴᠢ ᠪᠢᠯᠧᠲ ᠪᠤᠴᠠᠭᠠᠬᠤ ᠳᠤ ᠪᠢᠯᠧᠲ ᠪᠤᠴᠠᠭᠠᠬᠤ ᠰᠦᠢᠳᠬᠡᠯ | ᠬᠤᠷᠢᠶᠠᠬᠤ ᠴᠢᠬᠤᠯᠠ ᠦᠭᠡᠢ ᠶᠤᠮ ᠭᠡᠵᠡᠢ᠃ | ︽ᠡᠩ ᠤᠨ ᠪᠠᠶᠢᠳᠠᠯ ᠳᠣᠣᠷ᠎ᠠ᠂ ᠬᠡᠷᠪᠡ ᠭᠠᠯᠲᠤ ᠲᠡᠷᠭᠡ ᠲᠣᠭᠲᠠᠭᠰᠠᠨ ᠴᠠᠭ ᠲᠠᠭᠠᠨ ᠬᠦᠷᠴᠦ ᠳᠡᠶᠢᠯᠬᠦ ᠦᠭᠡᠢ | ᠪᠣᠯ᠂ ᠲᠡᠷᠭᠡᠨ ᠥᠷᠲᠡᠭᠡᠨ ᠤ ᠠᠵᠢᠯᠲᠠᠨ ᠡᠨᠡ ᠡᠭᠡᠯᠵᠢ ᠶᠢᠨ ᠭᠠᠯᠲᠤ ᠲᠡᠷᠭᠡ ᠶᠢ ᠲᠣᠭᠲᠠᠭᠰᠠᠨ ᠴᠠᠭ ᠠᠴᠠ ᠪᠠᠨ | ᠤᠷᠦ᠋ᠢᠳᠠᠬᠰᠠᠨ ᠭᠡᠵᠦ ᠦᠵᠡᠳᠡᠭ᠂ ᠬᠡᠷᠡᠭᠯᠡᠭᠴᠢ ᠴᠠᠭ ᠢ ᠦᠨᠳᠦᠰᠦᠯᠡᠨ ᠬᠦᠯᠢᠶᠡᠬᠦ ᠪᠤᠶᠤ ᠲᠡᠷᠭᠡᠨ ᠪᠢᠯᠧᠲ ᠢᠶᠠᠨ | ᠪᠤᠴᠠᠭᠠᠬᠤ ᠪᠠ ᠥᠭᠡᠷᠡᠴᠢᠯᠡᠬᠦ ᠭᠠᠷ ᠤᠨ ᠥᠰᠥᠭ ᠵᠢᠷᠤᠬᠤ ᠲᠤᠬᠠᠶᠢᠯᠠᠭᠰᠠᠨ ᠠᠵᠢᠯ ᠤᠨ ᠭᠠᠷ ᠭᠦᠢᠴᠡᠳᠬᠡᠯ ᠬᠢᠵᠦ | ᠪᠣᠯᠣᠨ᠎ᠠ᠂ ᠭᠠᠯᠲᠤ ᠲᠡᠷᠭᠡ ᠣᠷᠦ᠋ᠢᠲᠠᠭᠰᠠᠨ ᠰᠢᠯᠲᠠᠭᠠᠨ ᠠᠴᠠ ᠪᠣᠯᠵᠤ ᠪᠢᠯᠧᠲ ᠢᠶᠠᠨ ᠪᠤᠴᠠᠭᠠᠬᠤ ᠳᠤ ᠪᠢᠯᠧᠲ | ᠪᠤᠴᠠᠭᠠᠬᠤ ᠰᠦᠢᠳᠬᠡᠯ ᠬᠤᠷᠢᠶᠠᠬᠤ ᠦᠭᠡᠢ︾ ᠭᠡᠵᠦ 12306 ᠠᠶᠠᠨᠴᠢᠳ ᠤᠨ ᠦᠢᠯᠡᠴᠢᠯᠡᠭᠡ ᠶᠢᠨ | ᠲᠠᠪᠴᠠᠩ ᠤᠨ ᠬᠢᠨ ᠬᠡᠯᠡᠭᠰᠡᠨ ᠢᠶᠠᠨ ᠵᠠᠯᠭᠠᠭᠠᠳ᠂ ᠲᠣᠰ ᠬᠡᠷᠡᠭᠯᠡᠭᠴᠢ ᠪᠢᠯᠧᠲ ᠢᠶᠠᠨ ᠪᠤᠴᠠᠭᠠᠬᠤ ᠦᠶ᠎ᠡ ᠳᠤ | ᠭᠠᠯᠲᠤ ᠲᠡᠷᠭᠡ ᠣᠷᠦ᠋ᠢᠲᠠᠭᠰᠠᠨ ᠢ ᠮᠡᠳᠡᠭᠰᠡᠨ ᠦᠭᠡᠢ ᠪᠠᠶᠢᠵᠤ ᠮᠡᠳᠡᠨ᠎ᠡ᠂ ᠡᠶᠢᠮᠦ ᠠᠴᠠ ᠰᠠᠶ᠋ᠢ ᠢᠮᠦᠷᠬᠦᠦ | ᠠᠩᠬᠠᠷᠤᠯ ᠢ ᠲᠠᠲᠠᠭᠰᠠᠨ ᠶᠠᠪᠤᠳᠠᠯ ᠭᠠᠷᠤᠭᠰᠠᠨ ᠪᠠᠶᠢᠨ᠎ᠠ ᠭᠡᠪᠡ᠃ | ᠢᠷᠡᠯᠲᠡ᠄ ᠠᠷᠠᠳ ᠤᠨ ᠰᠦᠯᠵᠢᠶ᠎ᠡ | | |