ᠯᠢ ᠢᠦᠢ ᠱᠧᠩ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ | ᠬᠤᠪᠢ ᠬᠥᠮᠥᠨ ᠤ ᠲᠣᠪᠴᠢ ᠲᠠᠨᠢᠯᠴᠠᠭᠤᠯᠭ᠎ᠠ | ᠯᠢ ᠢᠦᠢ ᠱᠧᠩ ᠂ ᠡᠷᠡᠭᠲᠡᠢ ᠂ ᠬᠢᠲᠠᠳ ᠦᠨᠳᠦᠰᠦᠲᠡᠨ᠂ 1971 ᠣᠨ ᠤ 11 ᠰᠠᠷ᠎ᠠ ᠳᠤ ᠲᠦᠷᠦᠵᠠᠢ ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠮᠠᠰᠲ᠋ᠧᠷ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠬᠤᠸᠠᠳᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ | ᠪᠠᠶᠢᠩᠭᠤ ᠶᠢᠨ ᠳᠡᠳ᠋ ᠳᠠᠷᠤᠭ᠎ᠠ | ᠬᠤᠪᠢᠳᠠᠨ ᠬᠠᠮᠢᠶᠠᠷᠬᠤ ᠠᠵᠢᠯ | ᠳ᠋ᠢᠶᠣᠣ ᠴᠦᠨ ᠬᠠᠢ ᠰᠢᠶᠠᠨ ᠤ ᠳᠠᠷᠤᠭ᠎ᠠ ᠶᠢ ᠲᠤᠰᠠᠯᠠᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠠᠵᠢᠯ ᠢ ᠬᠠᠪᠰᠤᠷᠤᠨ᠎ᠠ᠃ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠲᠤᠭ᠎ᠠ ᠪᠦᠷᠢᠳᠬᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠤᠯᠠᠭᠠᠨᠴᠠᠪ ᠬᠤᠲᠠ— | ᠳ᠋ᠠᠲ᠋ᠦ᠋ᠩ ᠬᠤᠲᠠ— ᠴᠢᠭᠤᠯᠤᠯᠲᠤ ᠬᠠᠭᠠᠯᠭ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠣᠷᠣᠨ ᠪᠦᠰᠡ ᠶᠢᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠂ ᠡᠳ᠋ ᠤᠨ ᠵᠠᠰᠠᠭ ᠤᠨ ᠲᠣᠪᠴᠢᠶ᠎ᠠ | ︵ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶ ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠴᠡᠴᠡᠷᠯᠢᠭ ᠤᠨ | ᠦᠢᠯᠡᠴᠢᠯᠡᠭᠡᠨ ᠤ ᠲᠥᠪ ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠂ ᠬᠢᠨᠠᠨ | ᠪᠤᠳᠤᠬᠤ ᠲᠣᠪᠴᠢᠶ᠎ᠠ ᠶᠢ ᠣᠷᠣᠯᠠᠨ ᠬᠠᠮᠢᠶᠠᠷᠤᠨ᠎ᠠ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |