| | | 1 ᠰᠠᠷ᠎ᠠ ᠶᠢᠨ 10 ᠤ ᠡᠳᠦᠷ᠂ ᠳ᠋ᠢᠶᠣᠣ ᠴᠦᠨ ᠬᠠᠢ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠢᠯᠡᠳᠬᠡᠯ ᠬᠢᠪᠡ ᠃ ᠾᠧ | ᠵᠢᠩ ᠵᠢᠩ ᠰᠡᠭᠦᠳᠡᠷᠯᠡᠪᠡ | ᠲᠥᠯᠥᠭᠡᠯᠡᠭᠴᠢᠳ ᠠ᠋ ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ | ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠰᠢᠶᠠᠨ ᠤ ᠵᠠᠰᠠᠭ ᠤᠨ | ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠶᠢᠨ ᠳᠣᠣᠷ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ ᠃ ᠵᠢᠱᠢᠯᠲᠡ ᠪᠠᠷ 2022 ᠣᠨ ᠳᠤ ᠪᠥᠬᠦ | ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ 3.0% ᠬᠦᠷᠴᠦ᠂ | ᠪᠥᠬᠦ ᠬᠤᠲᠠ ᠶᠢᠨ ᠳᠣᠯᠣᠳᠤᠭᠠᠷ ᠲᠤ ᠣᠷᠣᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 6.0% ᠪᠠᠶᠢᠵᠤ᠂ ᠪᠥᠬᠦ ᠬᠤᠲᠠ ᠶᠢᠨ ᠳᠣᠯᠣᠳᠤᠭᠠᠷ ᠲᠤ ᠣᠷᠣᠪᠠ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 9.1︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠬᠤᠶᠠᠳᠤᠭᠠᠷ ᠲᠤ ᠣᠷᠤᠪᠠ︔ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 6.7% ᠪᠣᠯᠪᠠ︔ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ 6.0% ᠪᠣᠯᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 10.0% ᠪᠠᠶᠢᠵᠤ᠂ ᠪᠥᠬᠦ ᠬᠤᠲᠠ ᠳᠤ ᠬᠤᠶᠠᠳᠤᠭᠠᠷ ᠲᠤ ᠣᠷᠣᠪᠠ︔ | ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠵᠤ᠂ ᠪᠦᠬᠦ ᠰᠢᠶᠠᠨ ᠤ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠴᠡᠢ᠃ | ᠥᠩᠭᠡᠷᠡᠭᠰᠡᠨ ᠨᠢᠭᠡ ᠵᠢᠯ ᠳᠤ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠪᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠶᠠᠪᠤᠳᠠᠯ ᠢ ᠢᠮᠠᠭᠲᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ | ᠢᠨᠵᠧᠨᠧᠷᠢᠩ ᠪᠣᠯᠭᠠᠵᠤ᠂ ᠪᠥᠬᠦ ᠵᠢᠯ ᠳᠤ ᠡᠯ᠎ᠡ ᠲᠥᠷᠥᠯ ᠤᠨ ᠪᠡᠯᠡ ᠮᠥᠩᠭᠦ ᠶᠢ 2.14 ᠳ᠋ᠦᠩᠰᠢᠭᠤᠷ ᠲᠥᠭᠦᠷᠢᠭ ᠡᠮᠬᠢᠯᠡᠨ | ᠨᠡᠶᠢᠯᠡᠭᠦᠯᠵᠦ᠂ 73 ᠲᠥᠷᠥᠯ ᠵᠦᠢᠯ ᠢ ᠬᠡᠷᠡᠭᠵᠢᠭᠦᠯᠪᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ | ᠰᠢᠰᠲ᠋ᠧᠮ ᠢᠶᠠᠷ ᠬᠠᠪᠰᠤᠷᠤᠨ ᠲᠡᠳᠬᠦᠬᠦ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠢᠭ᠋ ᠲᠣᠭᠲᠠᠭᠠᠨ | ᠬᠠᠪᠰᠤᠷᠤᠨ ᠲᠡᠳᠬᠦᠬᠦ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠡᠯ᠎ᠡ | ᠲᠥᠷᠥᠯ ᠤᠨ ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ︽ᠬᠤᠶᠠᠷ ᠲᠤ | ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠲᠡᠳᠬᠦᠨ | ᠳᠡᠮᠵᠢᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠬᠤᠲᠠ ᠶᠢᠨ ︽ᠲᠠᠪᠤ ᠶᠢ | ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ | ᠨᠥᠬᠦᠪᠦᠷᠢ ᠶᠢ ᠲᠤᠭ᠎ᠠ ᠶᠣᠰᠣᠭᠠᠷ ᠭᠦᠢᠴᠡᠳ ᠣᠯᠭᠤᠵᠤ᠂ ᠲᠠᠷᠢᠶᠠᠯᠠᠩ ᠤᠨ ᠳᠠᠭᠠᠳᠬᠠᠯ ᠢ ᠴᠠᠭ ᠲᠤᠬᠠᠢ ᠳᠤᠨᠢ | ᠪᠡᠶᠡᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠬᠡᠷᠡᠭᠴᠡᠭᠡ ᠠᠴᠠ ᠪᠣᠯᠵᠤ ᠥᠷᠭᠡᠳᠬᠡᠨ᠂ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠳᠡᠮᠵᠢᠯᠭᠡ ᠬᠦᠴᠦᠲᠡᠢ ᠪᠣᠯᠵᠤ᠂ ᠲᠡᠵᠢᠭᠡᠨ ᠦᠷᠡᠵᠢᠭᠦᠯᠬᠦ ᠦᠢᠯᠡᠰ ᠢᠯᠡᠳᠲᠡ ᠦᠷ᠎ᠡ | ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠤᠮᠳᠠᠴᠢ ᠣᠷᠣᠯᠭ᠎ᠠ 14362 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 12.88% ᠪᠠᠷ ᠨᠡᠮᠡᠭᠳᠡᠪᠡ᠃ ᠬᠤᠷᠢᠭ᠎ᠠ ᠱᠤᠭᠤᠮ ᠤᠨ ᠡᠭᠦᠷᠭᠡ ᠶᠢ ᠪᠠᠲᠤ | ᠠᠳᠬᠤᠵᠤ᠂ 60 ᠡᠷᠦᠬᠡ116 ᠬᠥᠮᠥᠨ ᠢ ᠢᠯᠭᠠᠨ ᠲᠠᠨᠢᠬᠤ ᠶᠠᠪᠤᠳᠠᠯ ᠢ ᠴᠠᠭ ᠲᠤᠬᠠᠢ ᠳᠤᠨᠢ ᠬᠢᠨᠠᠨ ᠬᠡᠮᠵᠢᠯᠲᠡ ᠳᠤ | ᠣᠷᠣᠭᠤᠯᠬᠤ ᠶᠢᠨ ᠬᠠᠮᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ | ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ ᠃ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠳᠠᠩᠰᠠᠯᠠᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ | ᠳᠡᠩᠰᠡᠯᠡᠨ ᠲᠡᠮᠳᠡᠭᠯᠡᠭᠦᠯᠦᠭᠰᠡᠨ ᠶᠠᠳᠠᠭᠤ ᠶᠢ ᠲᠡᠳᠬᠦᠬᠦ ᠡᠳ᠋ ᠬᠥᠷᠥᠩᠭᠡ 15.03 ᠳ᠋ᠦᠩᠰᠢᠭᠤᠷ ᠲᠥᠭᠦᠷᠢᠭ ᠲᠤ ᠬᠥᠷᠪᠡ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢ ᠴᠢᠩᠭᠠᠳᠬᠠᠵᠤ᠂ 1 ᠨᠢᠭᠲᠠᠯᠠᠨ ᠪᠤᠳᠤᠬᠤ ᠺᠣᠮᠫᠠᠨᠢ᠂ 3 ᠳᠠᠩᠰᠠᠯᠠᠬᠤ ᠺᠣᠮᠫᠠᠨᠢ ᠶᠢ ᠤᠷᠢᠨ ᠬᠡᠷᠡᠭᠯᠡᠪᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ 1 ᠪᠠᠶᠢᠭᠤᠯᠵᠤ᠂ ᠠᠵᠤ ᠦᠢᠯᠡᠰ ᠤᠨ ᠵᠠᠮ | ᠪᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 31 ᠺᠢᠯᠣᠮᠧᠲᠷ ᠪᠦᠲᠦᠭᠡᠨ ᠪᠠᠶᠢᠭᠤᠯᠵᠤ᠂ ᠬᠦᠷᠢᠶ᠎ᠡ ᠬᠠᠰᠢᠶ᠎ᠠ ᠶᠢᠨ ᠠᠵᠤ | ᠠᠬᠤᠢ᠂ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ 5 ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠪᠠ᠃ ︽ᠭᠤᠷᠪᠠ ᠶᠢ ᠴᠡᠪᠡᠷᠯᠡᠵᠦ | ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠭᠰᠠᠨ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ 20 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠵᠦ᠂ 519 | ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ ᠂ ᠬᠥᠳᠡᠭᠡ ᠲᠣᠰᠬᠤᠨ ᠤ ᠳᠦᠷᠰᠦ | ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠢ | ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠮᠢᠵᠢᠷᠠᠯ ᠤᠨ | ᠬᠦᠴᠦᠨ ᠢ ᠬᠦᠴᠦᠯᠡᠨ ᠬᠥᠭᠵᠢᠭᠡᠪᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ ᠃ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ︾ ᠠᠵᠢᠯᠯᠠᠭᠠᠨ ᠤ ᠵᠠᠭᠪᠤᠷ ᠢ ᠬᠡᠷᠡᠭᠵᠢᠭᠦᠯᠦᠨ᠂ ᠭᠦᠢᠴᠡᠳᠬᠡᠬᠦ ᠴᠠᠭ ᠤᠨ ᠬᠢᠵᠠᠭᠠᠷ᠂ ᠭᠤᠶᠤᠴᠢᠯᠠᠬᠤ | ᠮᠠᠲ᠋ᠧᠷᠢᠶᠠᠯ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠦᠬᠦᠯᠢ ᠴᠣᠭᠴᠠ ᠪᠠᠷ ᠨᠢ ᠲᠠᠪᠤᠨ ᠤ ᠨᠢᠭᠡ ᠬᠤᠪᠢ ᠪᠠᠷ ᠪᠠᠭᠠᠰᠬᠠᠪᠠ᠃ | ︽ᠥᠪᠥᠷ ᠮᠣᠩᠭᠤᠯ ᠤᠨ ᠮᠥᠩᠬᠡ ᠰᠤᠪᠠᠭ · ᠳᠥᠷᠪᠡ ᠶᠢ ᠭᠦᠢᠴᠡᠳᠬᠡᠬᠦ︾ ᠤᠨ ︽ᠪᠣᠯᠵᠣᠬᠤ + ᠬᠤᠶᠢᠰᠢᠯᠠᠭᠤᠯᠬᠤ︾ | ᠵᠡᠷᠭᠡ ᠦᠢᠯᠡᠴᠢᠯᠡᠭᠡ ᠶᠢ ᠭᠦᠨᠵᠡᠭᠡᠶᠢᠷᠡᠭᠦᠯᠵᠦ᠂ 24 ᠴᠠᠭ ᠤᠨ ᠥᠪᠡᠰᠦᠪᠡᠨ ᠦᠢᠯᠡᠴᠢᠯᠡᠬᠦ ᠲᠢᠩᠬᠢᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠥᠨᠳᠥᠷ ᠳᠠᠪᠲᠠᠮᠵᠢ ᠪᠠᠷ ᠭᠦᠢᠴᠡᠳᠬᠡᠬᠦ ᠵᠦᠢᠯᠡᠰ ᠢ 24 ᠴᠠᠭ ᠢᠶᠠᠷ ᠲᠠᠰᠤᠯᠳᠠᠭᠤᠯᠬᠤ | ᠦᠭᠡᠢ ᠦᠢᠯᠡᠴᠢᠯᠡᠬᠦ ᠶᠢ ᠪᠡᠶᠡᠯᠡᠭᠦᠯᠪᠡ᠃ ᠠᠷᠠᠳ ᠤᠨ ᠰᠠᠨᠠᠭ᠎ᠠ ᠶᠢ ᠰᠢᠯᠤᠭᠤᠳᠬᠠᠬᠤ᠂ ᠠᠷᠠᠳ ᠤᠨ ᠲᠥᠭᠡᠷᠢᠭᠳᠡᠯ ᠢ | ᠠᠷᠢᠯᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠪᠠᠷᠢᠮᠲᠠᠯᠠᠵᠤ᠂ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠭᠤᠨ ᠤᠲᠠᠰᠤᠨ ᠤ ᠲᠤᠰᠬᠠᠭᠰᠠᠨ 5255 ᠠᠰᠠᠭᠤᠳᠠᠯ ᠢ ᠴᠢᠨᠠᠷ ᠰᠠᠶᠢᠲᠠᠢ ᠰᠢᠢᠳᠪᠦᠷᠢᠯᠡᠪᠡ ᠃ ︽ | ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 45 ᠵᠢᠵᠢᠭ | ᠲᠣᠭᠤᠷᠢᠭ ᠤᠨ 2027 ᠡᠷᠦᠬᠡ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠵᠦ ᠥᠭᠪᠡ᠃ | ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠡᠩ ᠤᠨ ᠦᠢᠯᠡᠳᠪᠦᠷᠢ | ᠬᠤᠳᠠᠯᠳᠤᠭᠠᠨ ᠤ ᠴᠠᠬᠢᠯᠭᠠᠨ ᠬᠡᠷᠡᠭᠯᠡᠬᠦ ᠦᠨ᠎ᠡ ᠠᠳᠠᠯᠢ ᠬᠤᠭᠤᠴᠠᠭᠠᠨ ᠤ ᠬᠢ ᠠᠴᠠ 9.1 ᠮᠢᠨᠦ᠋ᠲ/ᠺᠢᠯᠣᠸᠠᠲ ᠴᠠᠭ | ᠪᠠᠭᠤᠷᠠᠪᠠ᠃ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠵᠢᠯ ᠳᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ 0.53 | ᠳ᠋ᠦᠩᠰᠢᠭᠤᠷ ᠲᠥᠭᠦᠷᠢᠭ ᠪᠠᠭᠤᠷᠠᠭᠤᠯᠪᠠ ᠃ ︽ᠪᠠᠲᠤᠯᠠᠭᠠᠲᠤ ᠵᠢᠭᠡᠯᠡᠯᠭᠡ ᠶᠢ ᠳᠡᠮᠵᠢᠬᠦ︾᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠲᠡ 1456 | ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 4.81 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠪᠠ᠃ ᠡᠳ᠋ ᠤᠨ | ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠪᠦᠬᠦ | ᠵᠢᠯ ᠳᠤ 5.22 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ ᠃ ᠠᠵᠤ ᠦᠢᠯᠡᠰ ᠤᠨ ᠬᠦᠷᠢᠶᠡᠯᠡᠩ ᠤᠨ | ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠷᠣᠭᠠᠨ ᠤ ᠪᠣᠬᠢᠷᠳᠤᠯ ᠢ ᠰᠠᠯᠭᠠᠬᠤ᠂ ᠳᠤᠮᠳᠠ ᠵᠡᠷᠭᠡ ᠶᠢᠨ ᠤᠰᠤᠨ ᠬᠤᠭᠤᠯᠠᠢ ᠶᠢᠨ ᠲᠣᠣᠷ᠂ ᠤᠰᠤ ᠬᠠᠩᠭᠠᠬᠤ ᠤᠰᠤ | ᠵᠠᠯᠠᠬᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠵᠠᠮ ᠢ 11.3 ᠺᠢᠯᠣᠮᠧᠲᠷ ᠪᠦᠲᠦᠭᠡᠨ ᠪᠠᠶᠢᠭᠤᠯᠤᠨ᠎ᠠ᠃ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ︽ᠠᠰᠠᠷᠠᠭᠴᠢ ᠮᠠᠶ᠋ᠢᠭ︾ ᠤᠨ ︽ᠳᠠᠭᠠᠵᠤ ᠣᠷᠣᠬᠤ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠵᠦ᠂ | ᠲᠥᠪ ᠤᠨ ᠲᠥᠰᠥᠪ ᠤᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠡᠯᠡ ᠮᠥᠩᠭᠦ ᠶᠢ 1.2 | ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 0.97 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 10 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ | 11.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ 36 ᠲᠥᠷᠥᠯ ᠵᠦᠢᠯ ᠤᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 251.26 | ᠳ᠋ᠦᠩᠰᠢᠭᠤᠷ ᠲᠥᠭᠦᠷᠢᠭ ᠲᠤ ᠬᠦᠷᠴᠦ᠂ 7.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠪᠡ ᠃ ︽ᠬᠤᠸᠠᠳᠧ ᠰᠢᠶᠠᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2020 - 2035︶︾ ᠶᠢ | ᠨᠠᠶᠢᠷᠠᠭᠤᠯᠤᠨ ᠵᠣᠬᠢᠶᠠᠵᠤ ᠳᠠᠭᠤᠰᠬᠠᠪᠠ ᠃ 616.16 ᠮᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠬᠠᠭᠤᠴᠢᠨ ᠢ | ᠨᠤᠷᠠᠭᠠᠵᠤ ᠰᠡᠷᠭᠦᠭᠡᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠪᠡ ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠵᠦ ᠂ 645 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠪᠠ ᠃ | ︽ᠬᠤᠶᠠᠷ ᠥᠨᠳᠥᠷ︾ ᠤ ᠲᠥᠷᠥᠯ ᠵᠦᠢᠯ ᠤᠨ ᠳᠣᠣᠷ᠎ᠠ ᠬᠢᠷᠢ ᠲᠦᠪᠰᠢᠨ ᠤ ᠰᠣᠬᠤᠷ ᠪᠠᠯᠠᠢ ᠪᠠᠷ ᠬᠥᠭᠵᠢᠬᠦ ᠶᠢ ᠡᠷᠡᠰ | ᠬᠤᠷᠢᠭᠯᠠᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠰᠢᠨ ᠳ᠋ᠡ ᠳ᠋ᠢ᠂ ᠳ᠋ᠠ ᠲᠠᠩ ᠯᠦᠩ ᠳ᠋ᠧ ᠵᠡᠷᠭᠡ 9 ᠰᠠᠭᠤᠷᠢ | ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠰᠢᠭᠰᠢᠭᠳᠡᠭᠦᠯᠪᠡ᠃ ︽ᠲᠠᠪᠤᠨ ᠦᠨᠳᠦᠰᠦᠨ ᠵᠦᠢᠯ ᠢ ᠶᠡᠭᠡ ᠪᠠᠷ | ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 28 ᠵᠦᠢᠯ ᠤᠨ ᠠᠰᠠᠭᠤᠳᠠᠯ ᠲᠠᠢ ᠵᠦᠢᠯᠡᠰ ᠢ ᠰᠢᠢᠳᠪᠦᠷᠢᠯᠡᠵᠦ᠂ 15. | 53 ᠮᠦ ᠭᠠᠵᠠᠷ ᠰᠢᠷᠣᠢ ᠶᠢ ᠰᠢᠩᠭᠡᠬᠡᠨ ᠠᠮᠢᠯᠠᠭᠤᠯᠵᠤ᠂ 244 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ | ᠮᠥᠩᠭᠦ ᠶᠢ ᠢᠯᠭᠠᠷᠠᠭᠤᠯᠤᠨ ᠲᠤᠰᠢᠶᠠᠵᠤ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ | ᠠᠰᠢᠭᠯᠠᠬᠤ ᠶᠢ ᠠᠬᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ | ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ 15 ᠲᠦᠮᠡᠨ ᠮᠦ ᠬᠡᠷᠡᠭᠵᠢᠭᠦᠯᠵᠦ᠂ 7.14 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 65 ᠲᠦᠮᠡᠨ ᠮᠦ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ | ᠪᠦᠲᠦᠭᠡᠨ ᠪᠠᠶᠢᠭᠤᠯᠵᠤ᠂ ᠤᠨᠠᠯᠲᠠ ᠨᠢ 1.24 ᠳ᠋ᠦᠩᠰᠢᠭᠤᠷ ᠵᠢᠩ ᠳᠤ ᠬᠥᠷᠪᠡ᠃ ᠬᠠᠭᠤᠷᠠᠢ ᠪᠠᠷ ᠳᠠᠷᠢᠬᠤ ᠣᠷᠭᠠᠨᠢᠭ | ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠬᠠᠭᠤᠷᠠᠢ ᠪᠠᠷ ᠳᠠᠷᠢᠬᠤ ᠣᠷᠭᠠᠨᠢᠭ ᠪᠤᠭᠤᠳᠠᠢ᠂ ᠨᠣᠬᠠᠢ ᠶᠢᠨ ᠬᠤᠰᠢᠭᠤ ᠶᠢ 3.62 | ᠲᠦᠮᠡᠨ ᠮᠦ ᠲᠠᠷᠢᠪᠠ ᠃ ᠠᠷᠤ ᠭᠠᠵᠠᠷ ᠤᠨ ᠬᠠᠨᠹᠧᠩ ᠤᠨ ᠣᠷᠭᠠᠨᠢᠭ ᠲᠡᠭᠡᠷᠮ᠎ᠡ ᠶᠢᠨ ᠭᠤᠯᠢᠷ ᠨᠢ ︽ᠤᠯᠠᠭᠠᠨᠴᠠᠪ ᠤᠨ | ᠪᠠᠶᠢᠭᠠᠯᠢᠭ ᠠᠮᠲᠠ︾ ᠶᠢᠨ ᠨᠠᠷᠠᠲᠤ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠪᠡ᠃ ᠠᠯᠠᠰᠢᠨ ᠬᠤᠨᠢᠨ ᠤ ᠠᠵᠤ | ᠦᠢᠯᠡᠰ ᠢ ᠬᠥᠭᠵᠢᠭᠦᠯᠵᠦ᠂ ᠠᠯᠠᠰᠢᠨ ᠬᠤᠨᠢ ︵ᠦᠬᠡᠷ︶ ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ ᠬᠦᠷᠢᠶᠡᠯᠡᠩ ᠢ | 10 ᠪᠠᠶᠢᠭᠤᠯᠵᠤ᠂ ᠪᠠᠷᠢᠮᠵᠢᠶᠠᠵᠢᠭᠤᠯᠤᠭᠰᠠᠨ ᠡᠭᠦᠯᠳᠡᠷ ᠤᠨ ᠬᠤᠨᠢ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ | 1 ᠪᠠᠶᠢᠭᠤᠯᠵᠤ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ᠂ ᠬᠥᠮᠥᠨ ᠮᠠᠯ ᠢ ᠰᠠᠯᠭᠠᠬᠤ ᠦᠷ᠎ᠡ ᠪᠦᠲᠦᠮᠵᠢ ᠶᠢ ᠲᠣᠪᠣᠶᠢᠮ᠎ᠠ | ᠪᠣᠯᠭᠠᠪᠠ᠃ ᠪᠥᠬᠦ ᠵᠢᠯ ᠤᠨ ᠠᠯᠠᠰᠢᠨ ᠬᠤᠨᠢᠨ ᠤ ᠲᠤᠭ᠎ᠠ 52.5 ᠲᠦᠮᠡ ᠳᠤ ᠬᠦᠷᠴᠦ᠂ ᠭᠠᠷᠭᠠᠯᠲᠠ ᠶᠢᠨ ᠲᠤᠭ᠎ᠠ 65 | ᠲᠦᠮᠡ ᠳᠤ ᠬᠦᠷᠴᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ︽ᠪᠦᠯᠬᠦᠮ ᠮᠠᠶ᠋ᠢᠭ︾ ᠢᠶᠠᠷ ᠬᠠᠪᠰᠤᠷᠤᠨ | ᠲᠡᠳᠬᠦᠬᠦ ᠶᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 6 | ᠵᠦᠢᠯᠡᠰ ᠢ ᠬᠡᠷᠡᠭᠵᠢᠭᠦᠯᠪᠡ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠢ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠲᠤᠷᠰᠢᠯᠲᠠ ᠵᠢᠨᠰᠦ᠋ᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠬᠤᠷᠠᠯ ᠢ ᠡᠷᠬᠢᠯᠡᠵᠦ᠂ ᠲᠠᠷᠢᠶᠠᠯᠠᠩ ᠤᠨ ᠣᠨᠴᠠ ᠭᠠᠷᠤᠯᠲᠠ ᠶᠢᠨ ᠵᠢᠯ ᠤᠨ | ᠪᠣᠷᠤᠯᠠᠭᠤᠯᠭ᠎ᠠ ᠶᠢᠨ ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠪᠠ᠃ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠣᠯᠪᠠ᠃ ᠬᠠᠶᠢᠯᠤᠰᠢ ᠶᠢᠨ ᠠᠵᠤ ᠦᠢᠯᠡᠰ ᠤᠨ ᠰᠡᠭᠦᠯ ᠤᠨ ᠬᠡᠢ᠂ ᠬᠠᠶᠠᠭᠳᠠᠮᠠᠯ ᠰᠢᠭᠠᠷᠤ ᠶᠢ ︽ᠰᠢᠪᠬᠠᠨ ᠴᠡᠪᠡᠷᠰᠢᠭᠦᠯᠬᠦ︾ | ᠶᠢ ᠠᠬᠢᠭᠤᠯᠵᠤ᠂ ᠳ᠋ᠠ ᠲᠠᠩ ᠯᠦᠩ ᠳ᠋ᠧ᠂ ᠮᠧᠩ ᠳ᠋ᠡ ᠲᠢᠲ᠋ᠠᠨ ᠤ ᠦᠢᠯᠡᠰ ᠤᠨ 41.8 ᠰᠠᠶ᠎ᠠ ᠸᠠᠲ ᠤᠨ ᠰᠡᠭᠦᠯ ᠤᠨ | ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠢᠶᠠᠨ | ᠴᠧᠩ᠂ ᠵᠥᠩ ᠲᠠᠢ᠂ ᠴᠤᠸᠠᠨ ᠱᠦᠨ ᠵᠡᠷᠭᠡ 112.4 ᠰᠠᠶ᠎ᠠ ᠸᠠᠲ ᠤᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ | ᠲᠥᠷᠥᠯ ᠵᠦᠢᠯ ᠢ ᠪᠠᠶᠢᠭᠤᠯᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ 15 ᠳ᠋ᠦᠩᠰᠢᠭᠤᠷ ᠺᠢᠯᠣᠸᠠᠲ ᠴᠠᠭ ᠲᠤ | ᠬᠦᠷᠦᠭᠦᠯᠵᠦ᠂ ᠡᠨᠧᠷᠭᠢ ᠶᠢᠨ ᠬᠤᠷᠣᠭᠳᠠᠯ ᠢ 46.1 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠷ ᠪᠠᠭᠤᠷᠠᠭᠤᠯᠪᠠ᠃ ᠾᠧᠩ | ᠺᠧ ᠨᠢᠭᠡᠳᠦᠭᠡᠷ ᠬᠤᠭᠤᠴᠠᠭᠠᠨ ᠤ ᠵᠢᠯ ᠳᠤ 3 ᠲᠦᠮᠡᠨ ᠲᠣᠨ ᠯᠢᠲ᠋ᠢ ᠶᠢᠨ ᠴᠠᠬᠢᠯᠭᠠᠨ ᠴᠡᠨᠡᠭ ᠤᠨ ᠡᠨᠧᠷᠭᠢ ᠬᠠᠳᠠᠭᠠᠯᠠᠬᠤ | ᠪᠢᠯᠢᠭ ᠲᠤᠶᠢᠯ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠲᠢᠶᠠᠨ ᠴᠧᠩ ᠤᠨ 3.95 | ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠢ | ᠯᠢ ᠶᠢᠨ 6 ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ | ᠭᠤᠷᠪᠠᠨ ᠬᠠᠪᠴᠢᠯ ᠤᠨ 50 ᠲᠦᠮᠡᠨ ᠺᠢᠯᠣᠸᠠᠲ ᠤᠨ ᠡᠬᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ | ᠴᠣᠭᠴᠠᠵᠢᠭᠤᠯᠤᠭᠰᠠᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠵᠢᠱᠢᠶ᠎ᠡ ᠦᠵᠡᠭᠦᠯᠬᠦ ᠲᠥᠷᠥᠯ ᠵᠦᠢᠯ ᠪᠠ ᠮᠧᠩ ᠨᠧᠩ ᠤᠨ 100 ᠲᠦᠮᠡᠨ ᠺᠢᠯᠣᠸᠠᠲ ᠤᠨ ᠥᠩᠭᠡ ᠦᠵᠡᠮᠵᠢ ᠶᠢᠨ | ᠨᠥᠭᠡᠴᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠨᠢᠭᠡ ᠲᠡᠮᠦᠷ ᠢᠶᠠᠷ ᠭᠤᠣᠯᠯᠠᠭᠤᠯᠤᠭᠰᠠᠨ︾ | ᠨᠢ ᠶᠠᠭ ᠪᠣᠬᠢᠷᠳᠤᠯ ᠦᠭᠡᠢ ᠡᠨᠧᠷᠭᠢ ᠶᠢᠨ ᠳᠦᠷᠢᠮ ᠢ ᠥᠷᠭᠡᠳᠬᠡᠬᠦ᠂ ᠬᠠᠶᠢᠯᠤᠰᠢ ᠶᠢᠨ ᠬᠡᠯᠬᠢᠶᠡᠵᠢᠯ ᠢ ᠤᠷᠲᠤᠳᠬᠠᠬᠤ ᠳᠠᠰᠢ | ᠬᠡᠯᠪᠡᠷᠢ ᠪᠠᠨ ᠬᠤᠪᠢᠷᠠᠭᠤᠯᠵᠤ ᠪᠠᠶᠢᠨ᠎ᠠ᠃ | ᠬᠤᠪᠴᠠᠰᠤ ᠬᠤᠨᠠᠷ ᠤᠨ ᠠᠵᠤ ᠦᠢᠯᠡᠰ ᠤᠨ ᠬᠥᠭᠵᠢᠯ ᠮᠠᠨᠳᠤᠯ ᠢ ᠭᠦᠨᠵᠡᠭᠡᠶᠢᠷᠡᠭᠦᠯᠦᠨ︽ᠲᠤᠰᠬᠠᠢ ᠨᠠᠷᠢᠯᠢᠭ ᠣᠨᠴᠠ | ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠶᠢ ᠵᠣᠷᠢᠭᠵᠢᠭᠤᠯᠵᠤ᠂ ᠲᠣᠭᠲᠠᠭᠠᠯ ᠳᠤ ᠣᠷᠣᠭᠰᠠᠨ 6 | ᠬᠤᠪᠴᠠᠰᠤᠨ ᠤ ᠠᠵᠤ ᠠᠬᠤᠶᠢᠯᠠᠯ ᠳᠤ 43.83 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ ᠥᠭᠴᠦ | ᠱᠠᠩᠨᠠᠪᠠ᠃ ᠬᠤᠪᠴᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠵᠢᠭ ᠠᠵᠤ ᠠᠬᠤᠶᠢᠯᠠᠯ ᠤᠨ | ᠦᠢᠯᠡᠰ ᠪᠣᠰᠬᠠᠬᠤ ᠰᠠᠭᠤᠷᠢᠨ ᠪᠣᠯ ᠪᠦᠬᠦ ᠬᠤᠳᠠ ᠶᠢᠨ ᠴᠤᠷ ᠤᠨ ᠭᠠᠭᠴᠠ 2022 ᠣᠨ ᠤ ᠤᠯᠤᠰ ᠤᠨ ᠵᠢᠵᠢᠭ | ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠪᠣᠰᠬᠠᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠪᠣᠯᠣᠨ᠎ᠠ᠃ | ᠪᠥᠬᠦ ᠵᠢᠯ ᠤᠨ ᠬᠤᠪᠴᠠᠰᠤ ᠬᠤᠨᠠᠷ ᠤᠨ ᠭᠠᠷᠤᠯᠲᠠ ᠪᠠᠷᠤᠭ 1100 ᠲᠦᠮᠡᠨ ᠵᠠᠬ᠎ᠠ ᠪᠠᠶᠢᠵᠤ᠂ ᠦᠢᠯᠡᠳᠬᠦᠨ ᠤ ᠥᠷᠲᠡᠭ | ᠨᠢ ᠪᠠᠷᠤᠭ 8.8 ᠳ᠋ᠦᠩᠰᠢᠭᠤᠷ ᠲᠥᠭᠦᠷᠢᠭ ᠲᠤ ᠬᠦᠷᠴᠦ᠂ 2.5 ᠲᠦᠮᠡ ᠰᠢᠬᠠᠮ ᠬᠥᠮᠥᠨ ᠤ ᠠᠵᠢᠯ ᠣᠯᠭᠤᠯᠲᠠ ᠶᠢ | ᠨᠥᠯᠥᠭᠡᠯᠡᠨ ᠳᠠᠶᠢᠴᠢᠯᠠᠪᠠ᠃ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ ᠲᠢᠶᠠᠨ ᠴᠧᠩ ᠤᠨ | ᠡᠬᠡ ᠬᠠᠭᠤᠷᠠᠢ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠦᠨ᠂ 3500 ᠲᠣᠨ ᠲᠡᠮᠦᠷ ᠬᠠᠶᠢᠯᠤᠰᠢ ᠶᠢᠨ ᠦᠢᠯᠡᠳᠬᠦᠨ ᠢ ᠬᠦᠷᠭᠡᠵᠦ᠂ 2600 ᠲᠦᠮᠡᠨ ᠲᠥᠭᠦᠷᠢᠭ ᠤᠨ | ᠦᠢᠯᠡᠳᠬᠦᠨ ᠤ ᠥᠷᠲᠡᠭ ᠪᠦᠬᠦᠢ ᠲᠡᠮᠦᠷ ᠵᠠᠮ ᠤᠨ ᠬᠠᠶᠢᠯᠤᠰᠢ ᠶᠢᠨ ᠦᠢᠯᠡᠳᠬᠦᠨ ᠢ ᠬᠦᠷᠭᠡᠪᠡ᠃ ᠵᠢᠢ ᠲᠤᠩ ᠲᠡᠮᠦᠷ | ᠵᠠᠮ ᠤᠨ ᠬᠤᠸᠠᠳᠧ ᠶᠢᠨ ᠬᠡᠰᠡᠭ ᠤᠨ ᠠᠩᠬᠠᠳᠠᠭᠴᠢ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠴᠢᠷᠦᠯᠲᠡ ᠶᠢᠨ ᠱᠤᠭᠤᠮ ᠢ | ᠠᠮᠵᠢᠯᠲᠠ ᠲᠠᠢ ᠴᠠᠬᠢᠯᠭᠠᠨᠵᠢᠭᠤᠯᠵᠤ᠂ ᠪᠠᠢ ᠠᠨ ᠤ ᠥᠨᠳᠥᠷ ᠬᠤᠷᠳᠤᠴᠠᠲᠤ ᠬᠤᠸᠠᠳᠧ ᠶᠢᠨ ᠬᠡᠰᠡᠭ ᠤᠨ ᠪᠠᠷᠢᠯᠭ᠎ᠠ ᠶᠢᠨ ᠠᠵᠢᠯ | ᠳᠠᠭᠤᠰᠴᠤ᠂ ᠴᠢᠨᠠᠷ ᠰᠠᠶᠢᠲᠠᠢ ᠬᠥᠭᠵᠢᠯᠲᠡ ᠶᠢᠨ︽ᠲᠦᠷᠭᠡᠨ ᠤ ᠵᠠᠮ︾ ᠢ ᠳᠡᠪᠢᠰᠪᠡ᠃ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠳᠤ ᠲᠦᠰᠢᠭᠯᠡᠨ᠂ ᠰᠢᠶᠠᠨ ᠤ ᠳᠣᠲᠣᠷᠠᠬᠢ 11 ᠲᠦᠷᠭᠡᠨ ᠬᠦᠷᠭᠡᠯᠲᠡ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠶᠠᠨ ᠤ ᠱᠠᠲᠤᠨ ᠤ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ | ᠳᠠᠮᠵᠢᠭᠤᠯᠬᠤ ᠦᠷᠳᠡᠭᠡ ᠶᠢ 1 ᠪᠠᠶᠢᠭᠤᠯᠵᠤ᠂ ᠲᠣᠰᠬᠤᠨ ᠤ ᠱᠠᠲᠤᠨ ᠤ ᠡᠳ᠋ ᠪᠠᠷᠠᠭᠠᠨ ᠤ ᠭᠦᠢᠯᠭᠡᠭᠡᠨ ᠤ ᠲᠦᠷᠭᠡᠨ | ᠬᠦᠷᠭᠡᠯᠲᠡ ᠶᠢᠨ ᠦᠢᠯᠡᠴᠢᠯᠡᠭᠡᠨ ᠤ ᠴᠡᠭ ᠢ 51 ᠪᠠᠶᠢᠭᠤᠯᠵᠤ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠦᠨ᠎ᠡ ᠶᠢ | 82% ᠢᠶᠠᠷ ᠪᠠᠭᠤᠷᠠᠭᠤᠯᠵᠤ᠂ ᠪᠣᠭᠤᠳᠠᠯ ᠪᠠᠭᠯᠠᠭ᠎ᠠ ᠶᠢᠨ ᠡᠳ᠋ ᠪᠠᠷᠠᠭ᠎ᠠ ᠶᠢᠨ ᠪᠦᠬᠦ ᠶᠠᠪᠤᠴᠠ ᠶᠢ ᠮᠡᠳᠡᠭᠡ ᠵᠠᠩᠭᠢᠵᠢᠭᠤᠯᠤᠨ | ᠮᠥᠷᠳᠡᠵᠦ ᠪᠣᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠬᠤᠷᠢᠶᠠᠵᠤ ᠲᠠᠷᠬᠠᠭᠠᠭᠰᠠᠨ | ᠬᠡᠮᠵᠢᠶ᠎ᠡ 12.32 ᠲᠦᠮᠡᠨ ᠬᠤᠪᠢ ᠳᠤ ᠬᠦᠷᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠪᠡ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠤᠰᠤ ᠬᠠᠩᠭᠠᠬᠤ᠂ ᠢᠯᠴᠢ ᠬᠠᠩᠭᠠᠬᠤ | ᠬᠤᠭᠤᠯᠠᠢ ᠶᠢᠨ ᠲᠣᠣᠷ ᠢ 63.8 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠡᠮᠦᠨ᠎ᠡ ᠦᠶᠡᠷ ᠢ ᠰᠡᠷᠭᠡᠶᠢᠯᠡᠬᠦ | ᠭᠤᠤ ᠭᠤᠣᠯ ᠢ ᠶᠡᠷᠦᠩᠬᠡᠶᠢᠯᠡᠨ ᠵᠠᠰᠠᠬᠤ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠨ ᠵᠠᠰᠠᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ ᠰᠢᠶᠠᠨ ᠹᠧᠩ ᠵᠡᠭᠡᠯᠢ ᠶᠢᠨ ᠵᠠᠮ ᠤᠨ ᠳ᠋ᠧᠩ ᠢ | ᠤᠭᠰᠠᠷᠠᠬᠤ ᠪᠠ ᠾᠦᠢ ᠮᠢᠨ ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠳᠠᠭᠤᠰᠬᠠᠵᠤ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ | ᠳᠠᠭᠤᠰᠬᠠᠭᠠᠳ ᠰᠢᠯᠭᠠᠨ ᠠᠪᠴᠤ᠂ 5G ᠶᠢᠨ ᠳᠣᠬᠢᠶ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ | ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠡᠶᠡᠯᠡᠭᠦᠯᠪᠡ᠃ ᠣᠶᠤᠨᠲᠤ ᠤᠰᠤᠨ ᠤ ᠶᠠᠪᠤᠳᠠᠯ᠂ ᠣᠶᠤᠨᠲᠤ | ᠬᠦᠷᠢᠶᠡᠯᠡᠩ ᠲᠣᠭᠤᠷᠢᠭ᠂ ᠣᠶᠤᠨᠲᠤ ᠨᠡᠶᠢᠭᠡᠮ ᠲᠣᠭᠤᠷᠢᠭ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠶᠤᠨᠲᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠤᠯᠤᠰ ᠤᠨ ᠢᠳᠡᠭᠡᠨ ᠤ ᠠᠶᠦᠯᠭᠦᠢ ᠶᠢᠨ ᠵᠢᠱᠢᠶ᠎ᠡ ᠦᠵᠡᠭᠦᠯᠬᠦ | ᠬᠤᠳᠠ ᠪᠣᠯᠣᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠥᠬᠦ | ᠲᠠᠯ᠎ᠠ ᠪᠠᠷ ᠲᠦᠯᠬᠢᠨ ᠠᠬᠢᠭᠤᠯᠪᠠ᠃ ︽ᠳᠥᠷᠪᠡᠨ ᠳᠠᠷᠤᠭ᠎ᠠ ᠶᠢᠨ ᠳᠦᠷᠢᠮ + ᠥᠮᠴᠢᠲᠡᠨ ᠤ ᠵᠥᠪᠯᠡᠯ︾ ᠤᠨ | ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠵᠢᠵᠢᠭ ᠲᠣᠭᠤᠷᠢᠭ ᠤᠨ ᠬᠠᠮᠢᠶᠠᠷᠤᠯᠲᠠ ᠶᠢ | ᠴᠢᠩᠭᠠᠳᠬᠠᠪᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ | ᠪᠠᠯᠭᠠᠰᠤ ᠶᠢ ᠴᠢᠷᠮᠠᠶᠢᠨ ᠪᠠᠶᠢᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠪᠠ | ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠭᠦᠨᠵᠡᠭᠡᠶᠢᠷᠡᠨ ᠠᠬᠢᠪᠠ ᠃ ᠠᠵᠤ | ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠳᠤᠯ᠂ ᠵᠠᠮ ᠤᠨ ᠬᠤᠭ ᠲᠣᠭᠤᠰᠣ᠂ ᠬᠤᠭ ᠰᠢᠷᠣᠢ ᠶᠢᠨ ᠲᠡᠭᠡᠭᠡᠪᠦᠷᠢ ᠵᠡᠷᠭᠡ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ 734 ᠡᠷᠦᠬᠡ ᠶᠢᠨ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠵᠦ᠂ ᠪᠡᠭᠡᠵᠢᠩ ᠤᠨ ᠡᠪᠦᠯ ᠤᠨ ᠣᠯᠧᠮᠫᠢᠺ ᠤᠨ ᠴᠤᠭᠯᠠᠭᠠᠨ ᠪᠠ ᠡᠪᠦᠯ ᠤᠨ | ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠤ ᠬᠤᠳᠠ ᠶᠢᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠠᠷ ᠪᠡᠶᠡᠯᠡᠭᠦᠯᠪᠡ ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠤᠰᠤ ᠶᠡᠭᠡ | ᠬᠤᠷᠣᠭᠳᠠᠭᠤᠯᠬᠤ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠶ ᠶᠢ 1.05 ᠲᠦᠮᠡᠨ ᠮᠦ ᠪᠠᠭᠠᠰᠬᠠᠪᠠ᠃ ᠤᠰᠤᠨ | ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠰᠢᠨ ᠷᠦᠩ ᠤᠰᠤᠨ ᠰᠤᠷᠪᠤᠯᠵᠢ ᠶᠢᠨ ᠭᠠᠵᠠᠷ ᠤᠨ | ᠬᠠᠮᠠᠭᠠᠯᠠᠯᠲᠠ ᠶᠢᠨ ᠣᠷᠣᠨ ᠤ ᠳᠣᠲᠣᠷᠠᠬᠢ 300 ᠮᠦ ᠲᠠᠷᠢᠶᠠᠨ ᠭᠠᠵᠠᠷ ᠢ ᠡᠷᠭᠢᠯᠲᠡ ᠳᠤ ᠣᠷᠤᠭᠤᠯᠪᠠ ᠃ ᠲᠣᠭᠲᠠᠭᠠᠯ | ᠠᠴᠠ ᠵᠥᠷᠢᠴᠡᠨ ᠤᠰᠤ ᠵᠠᠯᠠᠬᠤ᠂ ᠭᠤᠣᠯ ᠤᠨ ᠵᠠᠮ ᠠᠴᠠ ᠡᠯᠡᠰᠦ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠦ ᠵᠢᠶᠠ ᠹᠠᠩ ᠭᠤᠣᠯ ᠤᠨ ᠭᠤᠣᠯ ᠤᠨ ᠵᠠᠮ ᠢ ᠵᠠᠰᠠᠬᠤ ᠢᠨᠵᠧᠨᠧᠷᠢᠩ ᠢ | 8.3 ᠺᠢᠯᠣᠮᠧᠲᠷ ᠪᠡᠶᠡᠯᠡᠭᠦᠯᠵᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠪᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ | ᠳᠡᠪᠰᠢᠭᠦᠯᠦᠨ ᠥᠭᠡᠷᠡᠴᠢᠯᠡᠵᠦ᠂ ᠳᠤᠮᠳᠠᠬᠢ ᠤᠰᠤᠨ ᠤ ᠴᠢᠨᠠᠷ ᠢ ᠤᠯᠤᠰ ᠤᠨ ᠨᠢᠭᠡᠳᠦᠭᠡᠷ ᠳᠡᠰ ᠤᠨ A ᠪᠠᠷᠢᠮᠵᠢᠶ᠎ᠠ ᠳᠤ | ᠬᠦᠷᠭᠡᠪᠡ᠃ ᠲᠠᠷᠢᠶᠠᠯᠠᠩ ᠤᠨ ︽ᠣᠯᠠᠨ ᠡᠬᠢᠲᠦ ᠪᠣᠬᠢᠷᠳᠤᠯ︾ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ | ᠲᠠᠷᠢᠶᠠᠯᠠᠩ ᠤᠨ ᠬᠢᠮᠢ ᠶᠢᠨ ᠪᠣᠷᠳᠣᠭᠤᠷ ᠤᠨ ᠬᠡᠷᠡᠭᠯᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 0.78% | ᠪᠠᠭᠤᠷᠠᠵᠤ᠂ ᠦᠯᠡᠳᠡᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ 84% ᠳᠤ ᠬᠥᠷᠪᠡ᠃ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠵᠤ ᠬᠥᠮᠥᠨ ᠤ ᠬᠦᠴᠦ ᠪᠠᠷ ᠣᠶᠢᠵᠢᠭᠤᠯᠬᠤ᠂ ᠬᠠᠷᠭᠠᠨ᠎ᠠ ᠶᠢ ᠲᠡᠭᠰᠢᠯᠡᠨ | ᠲᠠᠷᠢᠶ᠎ᠠ ᠶᠢ ᠰᠠᠶᠢᠵᠢᠷᠠᠭᠤᠯᠬᠤ ᠵᠡᠷᠭᠡ 6.3 ᠲᠦᠮᠡᠨ ᠮᠦ ᠶᠢᠨ ᠳᠦᠷᠦᠯ ᠵᠦᠢᠯ ᠢ ᠬᠡᠷᠡᠭᠵᠢᠭᠦᠯᠵᠦ᠂ 1245 ᠮᠦ ᠶᠢᠨ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠤᠨ | ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠵᠢᠷᠤᠭ ᠵᠢᠷᠤᠭᠠᠰᠤ ᠶᠢ ᠡᠪᠳᠡᠭᠰᠡᠨ ᠠᠰᠠᠭᠤᠳᠠᠯ ᠢ ᠪᠦᠬᠦᠨ ᠢ | ᠬᠦᠴᠦᠨ ᠦᠭᠡᠢ ᠪᠣᠯᠭᠠᠪᠠ ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ | ᠪᠦᠬᠦᠨ ᠢ ᠰᠢᠢᠳᠪᠦᠷᠢᠯᠡᠵᠦ ᠳᠠᠭᠤᠰᠬᠠᠪᠠ᠃ | ᠥᠩᠭᠡᠷᠡᠭᠰᠡᠨ ᠨᠢᠭᠡ ᠵᠢᠯ ᠳᠤ ᠂ ᠪᠢᠳᠡ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ | ᠡᠷᠡᠮᠡᠯᠵᠡᠯ ᠢ ᠴᠢᠷᠮᠠᠶᠢᠨ ᠬᠠᠩᠭᠠᠪᠠ | ᠨᠡᠶᠢᠭᠡᠮ ᠤᠨ ᠦᠢᠯᠡᠰ ᠲᠦᠷᠭᠡᠨ ᠬᠥᠭᠵᠢᠪᠡ ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠦᠢᠯᠡᠳᠦᠯᠭᠡᠵᠢᠭᠦᠯᠵᠦ᠂ ᠪᠥᠬᠦ ᠰᠢᠶᠠᠨ ᠤ ᠬᠦᠴᠦᠨ ᠢ ᠳᠠᠶᠢᠴᠢᠯᠠᠨ᠂ ᠪᠥᠬᠦ ᠰᠢᠶᠠᠨ ᠤ ᠣᠶᠤᠨ ᠤᠬᠠᠭᠠᠨ ᠢ ᠲᠥᠪᠯᠡᠷᠡᠭᠦᠯᠵᠦ | ᠂ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ | ᠪᠠ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠠᠵᠤ ᠠᠬᠤᠢ | ᠨᠡᠶᠢᠭᠡᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠣᠯᠣᠨ | ᠬᠤᠳᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠥᠬᠡᠬᠤᠲᠠ᠂ ᠱᠠᠩᠬᠠᠢ ᠬᠤᠳᠠ᠂ ᠵᠢᠨᠢᠩ | ᠲᠣᠭᠤᠷᠢᠭ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ 230 ᠭᠠᠷᠤᠢ ᠬᠥᠮᠥᠨ ᠤᠳᠠᠭ᠎ᠠ ᠡᠰᠡᠷᠭᠦᠴᠡᠨ ᠪᠠᠶᠢᠯᠳᠤᠬᠤ ᠶᠢ | ᠳᠡᠮᠵᠢᠪᠡ ︔ ᠬᠥᠬᠡᠬᠤᠲᠠ᠂ ᠵᠢᠨᠢᠩ ᠲᠣᠭᠤᠷᠢᠭ᠂ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ | ᠭᠠᠵᠠᠷ ᠢ ᠬᠠᠪᠰᠤᠷᠤᠨ 2000 ᠭᠠᠷᠤᠢ ᠲᠤᠰᠠᠭᠠᠷᠯᠠᠭᠴᠢ ᠶᠢ ᠭᠥᠯᠢᠶᠡᠨ ᠠᠪᠤᠪᠠ ᠃ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠵᠤ᠂ | ᠰᠢᠶᠠᠨ ᠤ ᠡᠮᠨᠡᠯᠭᠡ ᠶᠢᠨ ᠬᠤᠷᠢᠶ᠎ᠠ ᠶᠢᠨ ᠨᠠᠮ ᠤᠨ ᠡᠭᠦᠷ ᠤᠨ ᠱᠦᠵᠢ ᠪᠠ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ ᠳᠠᠷᠤᠭ᠎ᠠ ᠶᠢ ᠤᠷᠢᠨ ᠬᠡᠷᠡᠭᠯᠡᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ | ᠣᠷᠣᠨ ᠰᠠᠭᠤᠴᠠ ᠶᠢᠨ ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠪᠠ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠦᠷᠦᠭᠡ ᠶᠢᠨ ᠲᠦᠰᠦᠯ ᠤᠨ ᠦᠨᠳᠦᠰᠦᠨ ᠬᠡᠰᠡᠭ ᠤᠨ ᠪᠠᠶᠢᠭᠤᠯᠤᠯᠲᠠ ᠶᠢ | ᠪᠡᠶᠡᠯᠡᠭᠦᠯᠵᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠭᠤᠷᠪᠠᠳᠤᠭᠠᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠢᠶᠠᠷ | ᠦᠨᠡᠯᠡᠨ ᠲᠣᠭᠲᠠᠭᠠᠵᠤ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠵᠤ ᠳᠠᠭᠤᠰᠬᠠᠨ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢ 100% ᠳᠤ ᠬᠦᠷᠪᠡ︔ ᠨᠢᠭᠡᠳᠦᠭᠡᠷ ᠳᠤᠮᠳᠠᠳᠤ | ᠰᠤᠷᠭᠠᠭᠤᠯᠢ ᠬᠢᠭᠡᠳ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠵᠢᠨᠢᠩ ᠨᠢᠭᠡᠳᠦᠭᠡᠷ ᠳᠤᠮᠳᠠᠳᠤ | ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠮᠵᠢ | ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠳ᠋ᠧ | ᠱᠠᠨ᠂ ᠯᠢᠦ ᡁᠢ ᠵᠢᠶᠠᠨ᠂ ᠯᠢᠦ ᠱᠢ ᠴᠢᠩ ᠭᠤᠷᠪᠠᠨ ᠰᠤᠷᠭᠠᠭᠤᠯᠢ ᠶᠢ ᠬᠠᠰᠤᠵᠤ ᠨᠡᠶᠢᠯᠡᠭᠦᠯᠦᠨ᠂ 37 ᠪᠠᠭᠰᠢ ᠡᠯᠰᠡᠪᠡ ᠃ 9 | ᠰᠤᠷᠭᠠᠭᠤᠯᠢ ᠶᠢᠨ ᠭᠠᠯ ᠤᠨᠲᠠᠷᠠᠭᠠᠬᠤ ᠢᠨᠵᠧᠨᠧᠷᠢᠩ ᠢ ᠥᠭᠡᠷᠡᠴᠢᠯᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ | ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠢᠷᠤᠮᠵᠢᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠮᠣᠷᠠᠯ ᠤᠨ ᠰᠣᠶᠣᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ ᠲᠢᠩᠬᠢᠮ ᠢ ᠡᠬᠢᠯᠡᠨ ᠪᠠᠶᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠴᠡᠴᠡᠷᠯᠢᠭ ᠪᠠ ᠭᠠᠨ ᡁᠢ ᠮᠧᠶ ᠭᠤᠣᠯ ᠰᠡᠳᠦᠪᠲᠦ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠡᠭᠦᠨ ᠵᠠᠮ ᠤᠨ ᠬᠤᠶᠠᠷ ᠬᠥᠮᠥᠨ ᠤ ᠡᠯᠭᠦᠴᠡᠭᠡ ︽ᠵᠣᠯ ᠵᠢᠷᠭᠠᠯ ᠤᠨ | ᠢᠨᠢᠶᠡᠳᠦ ᠶᠢᠨ ᠲᠠᠭᠤᠨ︾ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠶᠠᠷ ᠬᠥᠮᠥᠨ ᠤ ᠡᠯᠭᠦᠴᠡᠭᠡ ᠶᠢᠨ | ᠤᠷᠠᠯᠢᠭ ᠤᠨ ᠪᠠᠶᠠᠷ ᠤᠨ ᠮᠥᠩᠭᠦᠨ ᠮᠧᠳᠡᠯ ᠤᠨ ᠱᠠᠩᠨᠠᠯ ᠢ ᠬᠦᠷᠲᠡᠵᠦ᠂ ᠬᠤᠸᠠᠳᠧ ᠶᠢ ᠬᠥᠭᠵᠢᠭᠦᠯᠦᠨ ᠮᠠᠨᠳᠤᠭᠤᠯᠬᠤ ᠵᠠᠮ ᠢ | ᠪᠥᠬᠦ ᠲᠠᠯ᠎ᠠ ᠪᠠᠷ ᠳᠡᠯᠭᠡᠨ ᠦᠵᠡᠭᠦᠯᠪᠡ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠳᠡᠭᠡᠭᠰᠢᠯᠡᠪᠡ ᠃ ᠠᠳᠠᠯ ᠦᠢᠯᠡᠰ ᠴᠣᠭᠴᠠᠯᠠᠬᠤ | ᠠᠵᠢᠯ ᠣᠯᠭᠤᠯᠲᠠ ᠦᠷᠭᠦᠯᠵᠢᠯᠡᠨ ᠰᠠᠶᠢᠵᠢᠷᠠᠵᠤ᠂ ᠬᠤᠲᠠ ᠪᠠᠯᠭᠠᠰᠤᠨ ᠤ 1339 ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ 718 ᠬᠥᠮᠥᠨ ᠳᠤ᠂ ᠠᠳᠠᠯ | ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ 480 ᠲᠦᠮᠡᠨ ᠲᠥᠭᠦᠷᠢᠭ ᠲᠠᠯᠪᠢᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠠᠪᠤᠷᠠᠨ | ᠲᠤᠰᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ | ᠮᠥᠩᠭᠦ ᠶᠢ 1.46 ᠳ᠋ᠦᠩᠰᠢᠭᠤᠷ ᠲᠥᠭᠦᠷᠢᠭ ᠲᠠᠷᠬᠠᠭᠠᠪᠠ᠃ ᠡᠮ ᠡᠮᠨᠡᠯᠭᠡ᠂ ᠠᠵᠢᠯ ᠠᠯᠳᠠᠯᠲᠠ ᠵᠡᠷᠭᠡ ᠨᠡᠶᠢᠭᠡᠮ ᠤᠨ | ᠳᠠᠭᠠᠳᠬᠠᠯ ᠤᠨ ᠳᠠᠭᠠᠳᠬᠠᠯ ᠳᠤ ᠣᠷᠣᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 98% ᠳᠤ ᠬᠦᠷᠪᠡ ᠃ ᠠᠷᠠᠳ ᠤᠨ | ᠠᠮᠢᠳᠤᠷᠠᠯ ᠤᠨ ᠪᠣᠳᠠᠲᠠᠢ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠪᠠ ᠃ ᠪᠠᠶᠠᠨᠲᠠᠯ᠎ᠠ ᠰᠢᠶᠠᠩ ᠳᠤ ᠡᠩ | ᠲᠡᠷᠢᠭᠦᠨ ᠳᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠶᠢᠭᠤᠯᠬᠤ | ᠲᠤᠷᠰᠢᠯᠲᠠ ᠬᠢᠵᠦ᠂ ᠬᠥᠳᠡᠭᠡ ᠲᠣᠰᠬᠤᠨ ᠤ ︽10 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾ | ᠶᠢ ᠡᠬᠢᠯᠡᠭᠦᠯᠪᠡ᠃ | ᠠᠮᠤᠷ ᠲᠦᠪᠰᠢᠨ ᠲᠣᠭᠲᠠᠭᠤᠨ ᠬᠠᠯᠬᠠᠪᠴᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ ᠃ ᠠᠶᠦᠯᠭᠦᠢ | ᠦᠢᠯᠡᠳᠪᠦᠷᠢᠯᠡᠯ᠂ ᠭᠠᠯ ᠤᠨᠲᠠᠷᠠᠭᠠᠬᠤ᠂ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠵᠡᠷᠭᠡ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠪᠠ ᠠᠳᠡᠭᠰᠡᠨ | ᠬᠥᠮᠥᠨ ᠤ ᠲᠤᠭ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠠᠷᠢᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ | ᠲᠤᠤᠷᠴᠢᠯᠠᠭᠰᠠᠨ ᠵᠠᠰᠠᠯᠲᠠ ᠳᠤ ᠪᠣᠳᠠᠲᠤ ᠦᠷ᠎ᠡ ᠪᠦᠲᠦᠮᠵᠢ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠣᠶ ᠪᠣᠯᠭᠠᠬᠤ ᠦᠵᠡᠯ ᠤᠬᠠᠮᠰᠠᠷ ᠤᠨ | ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ | ᠵᠢᠱᠢᠶᠡᠴᠢ ᠨᠢᠭᠡᠴᠡ ᠶᠢ 1 ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ᠂ ᠠᠮᠤ ᠪᠤᠳᠠᠭ᠎ᠠ | ᠬᠠᠩᠭᠠᠨ ᠪᠣᠷᠣᠯᠠᠭᠤᠯᠬᠤ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ | ᠰᠢᠶᠠᠨ ᠤ ᠣᠶᠢᠯᠠᠯᠭ᠎ᠠ ᠶᠢᠨ ᠳᠠᠩᠰᠠ ᠡᠪᠬᠡᠮᠡᠯ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ᠂ ᠡᠮᠡᠭᠲᠡᠶᠢᠴᠦᠳ | ᠬᠡᠦᠬᠡᠳ᠂ ᠵᠡᠮᠳᠡᠭᠴᠦᠳ ᠢ ᠬᠠᠪᠰᠤᠷᠴᠤ ᠵᠡᠮᠳᠡᠭᠴᠦᠳ ᠢ ᠬᠠᠪᠰᠤᠷᠬᠤ᠂ ᠤᠯᠠᠨ ᠲᠦᠮᠡᠨ ᠤ ᠪᠦᠯᠬᠦᠮ ᠤᠨ ᠦᠢᠯᠡᠰ ᠵᠡᠷᠭᠡ | ᠠᠵᠢᠯ ᠢ ᠯᠠᠪᠳᠠᠭᠤᠨ ᠪᠠᠲᠤᠲᠠᠢ ᠥᠷᠨᠢᠭᠦᠯᠦᠭᠡᠳ ᠰᠢᠨ᠎ᠡ ᠠᠮᠵᠢᠯᠲᠠ ᠪᠦᠲᠦᠮᠵᠢ ᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ | ᠢᠮᠠᠭᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃︽ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ | ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ︿ᠡᠴᠦᠰ ᠤᠨ ᠨᠢᠭᠡ ᠺᠢᠯᠣᠮᠧᠲᠷ﹀ ᠤᠨ ᠶᠡᠭᠡ ᠰᠤᠷᠤᠯᠴᠠᠯᠭ᠎ᠠ ᠶᠢ | ᠨᠡᠪᠲᠡᠷᠡᠭᠦᠯᠬᠦ᠂ ᠶᠡᠭᠡ ᠡᠬᠢᠯᠡᠯᠲᠡ ᠲᠠᠢ ᠪᠣᠯᠭᠠᠬᠤ᠂ ᠶᠡᠭᠡ ᠴᠡᠭᠴᠡᠯᠡᠯᠲᠡ ᠲᠠᠢ ᠪᠣᠯᠭᠠᠬᠤ︾ ᠪᠠ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ | ᠯᠠᠪᠳᠠᠭᠤᠨ ᠢᠶᠠᠷ ᠥᠷᠨᠢᠭᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ | ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠨᠢ ᠪᠥᠬᠦ ᠬᠤᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠲᠡᠷᠢᠭᠦᠨ ᠤ ᠬᠠᠮᠲᠤ ᠶᠢᠨ ᠨᠢᠭᠡᠳᠦᠭᠡᠷ | ᠳᠡᠰ ᠤᠨ ᠱᠠᠩᠨᠠᠯ ᠢ ᠬᠦᠷᠲᠡᠵᠦ᠂ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠣᠷᠣᠨ ᠤ ᠲᠤᠭ᠎ᠠ ᠪᠦᠷᠢᠳᠬᠡᠯ ᠤᠨ | ᠰᠢᠰᠲ᠋ᠧᠮ ᠤᠨ ᠲᠡᠷᠢᠭᠦᠨ ᠤ ᠬᠠᠮᠲᠤ ᠶᠢ ᠬᠦᠷᠲᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠲᠡᠷᠢᠭᠦᠨ ᠤ ᠬᠠᠮᠲᠤ ᠶᠢ ᠬᠦᠷᠲᠡᠵᠦ᠂ ᠴᠠᠩ ᠹᠧᠩ ᠨᠡᠶᠢᠭᠡᠮ ᠲᠣᠭᠤᠷᠢᠭ ᠨᠢ | 2022 ᠣᠨ ᠤ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ | ᠨᠡᠶᠢᠭᠡᠮ ᠲᠣᠭᠤᠷᠢᠭ ᠢᠶᠠᠷ ᠨᠡᠷᠡᠶᠢᠳᠦᠭᠳᠡᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠥᠬᠦ ᠤᠯᠤᠰ ᠤᠨ | ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠦᠨᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨᠠᠬᠢᠭᠤᠯᠪᠠ ᠃ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠬᠤ ᠪᠠᠷ ᠴᠥᠬᠦᠷᠡᠰᠢ ᠦᠭᠡᠢ ᠴᠢᠷᠮᠠᠶᠢᠪᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠴᠢᠩᠭᠠᠳᠬᠠᠨ᠂ ᠬᠢᠨᠠᠨ ᠪᠤᠳᠤᠬᠤ ᠬᠢᠨᠠᠯᠲᠠ ᠶᠢᠨ ᠡᠷᠴᠢᠮ ᠢ ᠴᠢᠩᠭᠠᠷᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠬᠠᠷᠢᠭᠤᠯᠲᠠ | ᠥᠭᠭᠦᠭᠰᠡᠨ ᠨᠤᠷᠮ᠎ᠠ ᠶᠢ 100% ᠳᠤ ᠬᠦᠷᠭᠡᠪᠡ᠃ | ᠲᠥᠯᠥᠭᠡᠯᠡᠭᠴᠢᠳ ᠠ᠋ ︕ 2022 ᠣᠨ ᠢ ᠡᠷᠭᠢᠴᠡᠭᠦᠯᠬᠦᠶ᠎ᠡ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ | ᠵᠢᠱᠢᠯᠲᠡ ᠠᠴᠠ ᠨᠡᠩ ᠪᠤᠳᠤᠯᠢᠶᠠᠨᠲᠠᠢ᠂ ᠲᠤᠯᠭᠠᠷᠠᠵᠤ ᠪᠠᠶᠢᠭ᠎ᠠ ᠬᠦᠴᠢᠷᠳᠡᠯ ᠨᠡᠩ ᠬᠦᠨᠳᠦ ᠬᠡᠴᠡᠭᠦᠦ᠂ ᠣᠯᠣᠭᠰᠠᠨ ᠠᠮᠵᠢᠯᠲᠠ | ᠪᠦᠲᠦᠮᠵᠢ ᠨᠢ ᠥᠩᠭᠡᠷᠡᠭᠰᠡᠨ ᠤ ᠬᠢ ᠠᠴᠠ ᠨᠡᠩ ᠬᠢᠯᠪᠠᠷ ᠪᠤᠰᠤ ᠶᠤᠮ᠃ ᠰᠢ ᠶᠢᠨ ᠫᠢᠩ ᠶᠡᠷᠦᠩᠬᠡᠢ ᠱᠦᠵᠢ ᠶᠢᠨ ᠴᠢᠩ | ᠰᠡᠳᠬᠢᠯ ᠤᠨ ᠨᠠᠶᠢᠳᠠᠯᠭ᠎ᠠ ᠶᠢᠨ ᠵᠣᠷᠢᠭᠵᠢᠭᠤᠯᠤᠯ ᠤᠷᠢᠶᠠᠯᠠᠯ ᠳᠣᠣᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠶᠡᠭᠡ ᠰᠢᠯᠭᠠᠯᠲᠠ ᠶᠢ ᠳᠠᠭᠠᠭᠠᠵᠤ᠂ ᠠᠵᠤ ᠠᠬᠤᠢ ᠪᠠᠭᠤᠷᠠᠬᠤ ᠳᠠᠷᠤᠯᠲᠠ ᠶᠢ ᠲᠤᠯᠵᠤ᠂ ᠬᠦᠨᠳᠦ ᠶᠡᠭᠡ ᠠᠶᠤᠯ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠵᠤ᠂ ᠬᠤᠸᠠᠳᠧ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠢ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠴᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠦᠴᠦᠯᠡᠨ ᠳᠡᠮᠵᠢᠵᠦ᠂ ᠪᠦᠲᠦᠮᠵᠢᠲᠡᠢ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠤᠸᠠᠳᠧ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠦᠯᠳᠦᠭᠡᠨ ᠢ | ᠰᠡᠷᠭᠡᠭ ᠢᠶᠠᠷ ᠣᠯᠵᠤ ᠬᠠᠷᠠᠪᠠ ᠂ ᠨᠢᠭᠡ ᠳᠤ ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠬᠦᠷᠦᠯᠴᠡᠬᠦ ᠦᠭᠡᠢ᠂ ᠵᠠᠷᠤᠯᠭ᠎ᠠ ᠶᠢᠨ | ᠳᠠᠷᠤᠯᠲᠠ ᠶᠡᠭᠡ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠨ᠎ᠠ᠃ ᠬᠤᠶᠠᠷ ᠲᠤ ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠡᠷᠴᠢᠮ ᠴᠢᠩᠭ᠎ᠠ ᠪᠢᠰᠢ᠂ ᠪᠥᠬᠦ ᠠᠵᠢᠯᠲᠠᠨ ᠤ ᠠᠷᠠᠯᠵᠢᠶᠠᠴᠢᠨ ᠤᠷᠢᠬᠤ ᠡᠷᠴᠢᠮ ᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠲᠥᠷᠥᠯ ᠵᠦᠢᠯ ᠤᠨ ᠨᠥᠭᠡᠴᠡ᠂ ᠲᠥᠷᠥᠯ ᠵᠦᠢᠯ ᠤᠨ ᠪᠦᠲᠦᠴᠡ᠂ | ᠲᠥᠷᠥᠯ ᠵᠦᠢᠯ ᠤᠨ ᠬᠡᠪᠴᠢᠶ᠎ᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠬᠤ ᠬᠦᠴᠦᠨ ᠢᠯᠡᠷᠬᠡᠢ | ᠪᠢᠰᠢ ᠪᠠᠶᠢᠨ᠎ᠠ᠃ ᠭᠤᠷᠪᠠ ᠳᠤ ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ᠂ ᠠᠯᠠᠰᠢᠨ | ᠬᠤᠨᠢᠨ ᠤ ᠠᠵᠤ ᠦᠢᠯᠡᠰ ᠤᠨ ᠬᠡᠯᠬᠢᠶ᠎ᠡ ᠣᠬᠤᠷ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠤᠪᠢ ᠶᠢᠨ ᠵᠢᠩ | ᠶᠡᠭᠡ᠂ ᠰᠠᠯᠬᠢ ᠬᠡᠷᠡᠯ ᠤᠨ ᠴᠠᠬᠢᠯᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠨᠢ ᠤᠳᠠᠭᠠᠨ᠂ | ᠤᠯᠠᠮᠵᠢᠯᠠᠯᠲᠤ ᠬᠤᠪᠴᠠᠰᠤ ᠬᠤᠨᠠᠷ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠴᠢᠩᠭ᠎ᠠ ᠪᠢᠰᠢ᠂ ᠠᠯᠠᠰᠢᠨ | ᠬᠤᠨᠢᠨ ᠤ ᠠᠵᠤ ᠦᠢᠯᠡᠰ ᠤᠨ ᠬᠥᠭᠵᠢᠯ ᠪᠠᠳᠠᠷᠠᠯ ᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ᠂ ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠵᠠᠮ | ᠬᠤᠯᠠ ᠪᠠᠶᠢᠨ᠎ᠠ᠃ ᠳᠥᠷᠪᠡ ᠳᠤ ᠂ ᠠᠮᠢ ᠠᠬᠤᠢ ᠶᠢᠨ ᠣᠷᠴᠢᠨ ᠨᠥᠬᠦᠴᠡᠯ ᠬᠡᠪᠡᠷᠡᠭ ᠪᠠᠶᠢᠵᠤ᠂ ᠠᠵᠤ ᠠᠬᠤᠢ ᠶᠢᠨ | ᠬᠥᠭᠵᠢᠯᠲᠡ ᠪᠣᠯᠣᠨ ᠡᠬᠢ ᠪᠠᠶᠠᠯᠢᠭ ᠤᠨ ᠡᠯᠧᠮᠧᠨ᠋ᠲ ᠤᠨ ᠳᠠᠭᠠᠭᠠᠴᠠ ᠵᠣᠬᠢᠴᠠᠯᠳᠤᠬᠤ ᠦᠭᠡᠢ ᠪᠠᠶᠢᠨ᠎ᠠ ᠃ ᠲᠠᠪᠤ ᠳᠤ ᠂ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠳᠤ ᠪᠠᠰᠠ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡ᠂ | ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ | ᠵᠥᠷᠢᠶ᠎ᠡ ᠲᠠᠢ ᠪᠠᠶᠢᠨ᠎ᠠ᠃ ᠵᠢᠷᠭᠤᠭ᠎ᠠ ᠳᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ | ᠬᠠᠷᠠᠬᠠᠨ ᠪᠣᠳᠠᠲᠠᠶᠢᠵᠢᠭᠤᠯᠤᠭᠠᠳᠤᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠨᠡᠯᠢᠶᠡᠳ ᠶᠡᠭᠡ | ᠰᠠᠶᠢᠵᠢᠷᠠᠭᠤᠯᠬᠤ ᠣᠷᠣᠨ ᠵᠠᠢ ᠲᠠᠢ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠤ ᠲᠤᠬᠠᠢ ᠪᠢᠳᠡ ᠬᠦᠴᠦᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ | ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ | ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤᠴᠤᠳ ᠤᠨ ᠡᠭᠦᠷᠭᠡ ᠬᠠᠷᠢᠭᠤᠴᠠᠯᠭ᠎ᠠ ᠶᠢ ᠳᠤᠷᠠᠳᠴᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠠᠶᠢᠴᠢᠯᠠᠯᠲᠠ ᠶᠢᠨ ᠵᠠᠷᠯᠢᠭ ᠢ ᠭᠠᠷᠭᠠᠪᠠ᠃ | ᠪᠦᠷᠢᠶ᠎ᠡ ᠶᠢᠨ ᠳᠠᠭᠤᠨ ᠢ ᠬᠠᠩᠭᠢᠨᠠᠭᠤᠯᠵᠤ᠂ ᠡᠷᠡᠯᠬᠡᠭᠯᠡᠨ ᠤᠷᠤᠭᠰᠢᠯᠠᠬᠤ ᠴᠠᠭ ᠪᠣᠯᠪᠠ᠃ ᠪᠢᠳᠡ ᠡᠷᠬᠡᠪᠰᠢ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ | ᠨᠢᠭᠲᠠᠷᠠᠭᠤᠯᠵᠤ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ ︔ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠸᠠᠳᠧ ᠶᠢᠨ ᠬᠤᠪᠢ ᠨᠡᠮᠡᠷᠢ ᠶᠢ | ᠦᠵᠡᠭᠦᠯᠬᠦ ᠬᠡᠷᠡᠭᠲᠡᠢ ᠃ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ | ᠪᠠᠷᠢᠮᠲᠠᠯᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠬᠥᠭᠵᠢᠯᠲᠡ ᠶᠢᠨ ᠠᠷᠭ᠎ᠠ | ᠮᠠᠶ᠋ᠢᠭ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠦᠢ ᠵᠣᠬᠢᠰᠲᠠᠢ ᠪᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠃ ᠡᠷᠬᠡᠪᠰᠢ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠲᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠪᠣᠳᠠᠲᠤ | ᠶᠠᠪᠤᠳᠠᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠵᠦ᠂ ᠥᠨᠢ ᠤᠳᠠᠭᠠᠨ ᠤ ᠴᠢᠷᠮᠠᠶᠢᠯᠭ᠎ᠠ ᠪᠠᠷ ᠬᠠᠮᠲᠤᠪᠠᠷ ᠴᠢᠨᠡᠭᠡᠯᠢᠭᠵᠢᠬᠦ ᠶᠢ | ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠭᠤᠣᠯᠴᠢ ᠪᠠᠷ | ᠬᠦᠷᠲᠡᠭᠡᠬᠦ ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ | ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ | ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠨᠠᠮ ᠤᠨ ᠬᠤᠷᠢᠶ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠶᠢᠨ ᠵᠡᠷᠭᠡ ᠳᠤ ᠰᠢᠯᠢᠳᠡᠭ ᠲᠤ | ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ | ᠠᠭᠤᠰᠤᠯᠴᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ | ᠳᠡᠯᠭᠡᠭᠦᠷ ᠤᠨ ᠢᠲᠡᠭᠡᠯ ᠢ ᠶᠡᠬᠡᠪᠡᠷ ᠬᠥᠪᠴᠢᠯᠡᠵᠦ ᠂ ︽ᠲᠠᠪᠤᠨ ᠶᠡᠭᠡ ᠡᠭᠦᠷᠭᠡ︾ ᠪᠠᠷ ᠨᠢᠭᠡᠳᠦᠯᠲᠡᠢ ᠵᠢᠯᠣᠭᠤᠳᠤᠭᠤᠯᠵᠤ ᠂ | ︽ᠲᠠᠪᠤᠨ ᠶᠡᠭᠡ ᠠᠵᠤ ᠠᠬᠤᠢ︾ ᠪᠠᠷ ᠭᠠᠷᠳᠠᠴᠠ ᠪᠣᠯᠭᠠᠨ᠂︽ᠭᠤᠷᠪᠠᠨ ᠭᠤᠷᠪᠠ︾ ᠶᠢᠨ ᠬᠥᠭᠵᠢᠯᠲᠡ ᠶᠢᠨ ᠠᠷᠭ᠎ᠠ ᠵᠠᠮ ᠢ | ᠪᠠᠷᠢᠮᠲᠠᠯᠠᠵᠤ᠂︽ᠲᠦᠷᠪᠡᠨ ᠶᠠᠪᠤᠳᠠᠯ︾ ᠢ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠸᠠᠳᠧ ᠵᠢᠨᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ᠃ | ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠦᠢᠯᠡᠳᠪᠦᠷᠢᠯᠡᠯ ᠤᠨ ᠪᠥᠬᠦ ᠥᠷᠲᠡᠭ ︵GDP︶ ᠤᠨ ᠨᠡᠮᠡᠭᠳᠡᠯ ᠤᠨ ᠬᠤᠷᠳᠤᠴᠠ 6.05%︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7.20% ᠪᠣᠯᠭᠠᠨ᠎ᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 5.04% ᠪᠣᠯᠭᠠᠨ᠎ᠠ ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠᠬᠥ᠋ᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 10.50% ᠂ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠨᠧᠷᠭᠢ ᠠᠷᠪᠢᠯᠠᠵᠤ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ ᠄ | ᠨᠢᠭᠡ᠂ ᠬᠦᠴᠦᠨ ᠴᠢᠳᠠᠯ ᠢᠶᠠᠨ ᠲᠥᠪᠯᠡᠷᠡᠭᠦᠯᠦᠨ ᠬᠤᠷᠢᠭ᠎ᠠ ᠱᠤᠭᠤᠮ ᠢ ᠰᠠᠬᠢᠵᠤ᠂ ᠬᠥᠭᠵᠢᠯ ᠮᠠᠨᠳᠤᠯ ᠢ ᠠᠬᠢᠭᠤᠯᠵᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠨ᠎ᠠ | ᠬᠤᠷᠢᠭ᠎ᠠ ᠱᠤᠭᠤᠮ ᠤᠨ ᠡᠭᠦᠷᠭᠡ ᠶᠢ ᠴᠢᠩᠭ᠎ᠠ ᠠᠳᠬᠤᠬᠤ ᠶᠢ ᠪᠠᠷᠢᠮᠲᠠᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ | ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠤᠭᠤᠬᠤ ᠤᠰᠤ ᠵᠡᠷᠭᠡ ᠡᠯ᠎ᠡ ᠲᠦᠷᠦᠯ ᠤᠨ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠪᠠ ᠠᠵᠤ ᠦᠢᠯᠡᠰ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠠᠪᠤᠳᠠᠯ ᠦᠯᠦ ᠭᠠᠷᠬᠤ | ᠬᠢᠵᠠᠭᠠᠷ ᠱᠤᠭᠤᠮ ᠢ ᠡᠷᠡᠰ ᠰᠠᠬᠢᠨ᠎ᠠ ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠶᠢ ᠲᠡᠳᠬᠦᠬᠦ ᠵᠢᠴᠢ ᠪᠡᠯᠡ ᠮᠥᠩᠭᠦ ᠡᠳ᠋ ᠬᠥᠷᠥᠩᠭᠡ ᠶᠢ | ᠵᠣᠯᠭᠠᠭᠤᠯᠬᠤ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ | ᠰᠢᠰᠲ᠋ᠧᠮ ᠢᠶᠠᠷ ᠬᠠᠪᠰᠤᠷᠤᠨ ᠲᠡᠳᠬᠦᠬᠦ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠢᠭ᠋ ᠲᠣᠭᠲᠠᠭᠠᠨ | ᠬᠠᠪᠰᠤᠷᠤᠨ ᠲᠡᠳᠬᠦᠬᠦ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠡᠯ᠎ᠡ | ᠲᠥᠷᠥᠯ ᠤᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠳᠤ ᠬᠤᠯᠪᠣᠭᠳᠠᠬᠤ ᠪᠡᠯᠡ | ᠮᠥᠩᠭᠦ ᠶᠢ ᠡᠮᠬᠢᠯᠡᠨ ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ 3.18 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠯᠬᠤ ᠪᠠᠷ ᠲᠥᠯᠥᠪᠯᠡᠵᠦ᠂ 57 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠣᠷᠭᠠᠨᠢᠭ ᠪᠣᠬᠢᠷᠳᠤᠯ ᠦᠭᠡᠢ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ᠂ ︽ᠠᠮᠤ | ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 62 ᠲᠦᠮᠡᠨ | ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 1.3 ᠳ᠋ᠦᠩᠰᠢᠭᠤᠷ ᠵᠢᠩ ᠣᠷᠴᠢᠮ ᠳᠤ | ᠲᠣᠭᠲᠠᠪᠤᠷᠢᠵᠢᠭᠤᠯᠤᠨ᠎ᠠ᠃ ᠪᠥᠬᠦ ᠬᠤᠲᠠ ᠶᠢᠨ ︽ᠲᠥᠮᠥᠰᠥᠨ ᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ | ᠥᠷᠲᠡᠭ ᠢ ᠨᠡᠮᠡᠭᠳᠡᠭᠦᠯᠬᠦ︾ ︽ᠨᠣᠬᠠᠢ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ︾ ᠠᠵᠢᠯᠯᠠᠭ᠎ᠠ ᠶᠢ | ᠬᠡᠷᠡᠭᠵᠢᠭᠦᠯᠬᠦ ᠶᠢᠨ ᠲᠣᠭᠤᠷᠢᠨ ᠳᠤ᠂ ᠬᠠᠭᠤᠷᠠᠢ ᠪᠠᠷ ᠳᠠᠷᠢᠬᠤ ᠣᠷᠭᠠᠨᠢᠭ ᠲᠥᠮᠥᠰᠥ᠂ ᠨᠣᠬᠠᠢ ᠶᠢᠨ ᠬᠤᠰᠢᠭᠤ ᠪᠠ ᠪᠤᠭᠤᠳᠠᠢ | ᠳᠠᠷᠢᠬᠤ ᠠᠵᠢᠯ ᠢ 8 ᠲᠦᠮᠡᠨ ᠮᠦ ᠬᠥᠭᠵᠢᠭᠦᠯᠦᠨ᠎ᠡ᠃ ᠪᠥᠬᠦ ᠬᠤᠲᠠ ᠶᠢᠨ ︽ᠴᠡᠪᠡᠷ ᠨᠣᠭᠤᠭ᠎ᠠ ᠶᠢ ᠪᠡᠭᠡᠵᠢᠩ ᠳᠤ | ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ︽ ᠬᠤᠸᠠᠳᠧ ᠶᠢᠨ ᠴᠠᠭᠠᠨ ᠨᠣᠭᠤᠭ᠎ᠠ︾ ᠶᠢᠨ | ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠦᠢᠯᠡᠳᠦᠯ ᠢ ᠪᠠᠳᠠᠷᠠᠭᠤᠯᠵᠤ᠂ ᠬᠦᠢᠲᠡᠨ ᠬᠥᠮᠥᠷᠭᠡ ᠶᠢᠨ ᠬᠦᠢᠲᠡᠨ | ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠢᠨᠠᠷ ᠰᠠᠶᠢᠲᠠᠢ ᠪᠣᠷᠤᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠵᠦ᠂ ᠴᠢᠨᠠᠷ ᠰᠠᠶᠢᠲᠠᠢ ᠴᠠᠭᠠᠨ ᠨᠣᠭᠤᠭ᠎ᠠ ᠶᠢ ᠰᠠᠶᠢᠨ ᠪᠣᠷᠣᠯᠠᠭᠤᠯᠬᠤ ᠵᠠᠮ ᠲᠠᠢ ᠪᠣᠯᠭᠠᠵᠤ᠂ ᠰᠠᠶᠢᠨ ᠦᠨ᠎ᠡ ᠪᠠᠷ | ᠬᠤᠳᠠᠯᠳᠤᠨ᠎ᠠ᠃ ᠵᠢᠯ ᠳᠤ 30 ᠲᠦᠮᠡᠨ ᠲᠣᠨ ᠭᠠᠷᠤᠢ ᠡᠯᠧᠮᠧᠨ᠋ᠲ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠮᠢᠺᠷᠣᠪ | ᠪᠣᠷᠳᠣᠭᠤᠷ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠷᠥᠰᠥ | ᠰᠢᠷᠣᠢ ᠵᠢᠴᠢ ᠲᠠᠷᠢᠮᠠᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠪᠣᠬᠢᠷᠳᠤᠯ ᠦᠭᠡᠢ ᠠᠮᠢ ᠠᠬᠤᠢ ᠶᠢᠨ ᠣᠷᠭᠠᠨᠢᠭ | ᠲᠠᠷᠢᠶᠠᠯᠠᠩ ᠢ ᠬᠥᠭᠵᠢᠭᠦᠯᠦᠨ᠎ᠡ᠃ ᠬᠤᠸᠠ ᠴᠧᠨ ᠤ ᠣᠲᠣ ᠦᠶ᠎ᠡ ᠶᠢᠨ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠲᠥᠮᠥᠰᠥᠨ ᠤ ᠠᠵᠤ | ᠦᠢᠯᠡᠰ ᠤᠨ ᠭᠠᠷᠤᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠪᠣᠷᠤᠯᠠᠭᠤᠯᠭ᠎ᠠ ᠰᠠᠶᠢᠲᠠᠢ ᠣᠷᠣᠯᠭ᠎ᠠ ᠶᠢ | ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠠᠯᠠᠰᠢᠨ ᠬᠤᠨᠢᠨ ᠤ ᠠᠵᠤ ᠦᠢᠯᠡᠰ ᠢ ᠪᠠᠷᠢᠮᠲᠠᠯᠠᠨ ᠬᠥᠭᠵᠢᠭᠦᠯᠦᠨ᠎ᠡ᠃ ᠪᠥᠬᠦ ᠬᠤᠲᠠ ᠶᠢᠨ ︽ᠠᠯᠠᠰᠢᠨ ᠬᠤᠨᠢ ᠶᠢ | ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ᠂ | ᠠᠯᠠᠰᠢᠨ ᠬᠤᠨᠢ ︵ᠦᠬᠡᠷ︶ ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ ᠬᠦᠷᠢᠶᠡᠯᠡᠩ 7᠂ ᠲᠦᠮᠡᠨ ᠠᠯᠠᠰᠢᠨ ᠬᠤᠨᠢ ᠶᠢ | ᠪᠣᠷᠳᠣᠵᠤ ᠲᠠᠷᠭᠤᠯᠠᠭᠤᠯᠬᠤ ᠰᠠᠭᠤᠷᠢᠨ 1 ᠶᠢ ᠪᠠᠶᠢᠭᠤᠯᠵᠤ᠂ ᠬᠤᠨᠢ ᠡᠪᠡᠰᠦ ᠲᠤᠷᠰᠢᠨ ᠳᠠᠷᠢᠬᠤ ᠶᠢ ᠰᠠᠶᠢᠲᠤᠷ ᠠᠳᠬᠤᠵᠤ᠂ | ᠰᠠᠶᠢᠨ ᠡᠭᠦᠯᠳᠡᠷ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠦᠢᠯᠡᠳᠪᠦᠷᠢᠯᠡᠵᠦ | ᠦᠷᠡᠵᠢᠭᠦᠯᠦᠨ ᠪᠣᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠭᠰᠡᠨ ᠦᠢᠯᠡᠳᠪᠦᠷᠢᠯᠡᠯ ᠪᠠ | ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠯᠠᠰᠢᠨ ᠬᠤᠨᠢᠨ ᠤ ᠠᠵᠤ | ᠦᠢᠯᠡᠰ ᠤᠨ ︽ᠶᠠᠰᠤ ᠴᠢᠨᠠᠷ︾ ︽ᠲᠤᠭ᠎ᠠ ᠬᠡᠮᠵᠢᠶ᠎ᠡ︾ ᠶᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠵᠢᠯ ᠤᠨ | ᠳᠣᠲᠣᠷ᠎ᠠ 80 ᠲᠦᠮᠡᠨ ᠲᠣᠯᠣᠭᠠᠢ ᠭᠠᠷᠭᠠᠵᠤ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ 2 ᠳ᠋ᠦᠩᠰᠢᠭᠤᠷ | ᠲᠥᠭᠦᠷᠢᠭ ᠣᠷᠴᠢᠮ ᠨᠡᠮᠡᠭᠳᠡᠭᠦᠯᠦᠨ᠎ᠡ᠃ ᠪᠧᠢ ᠹᠠᠩ ᠮᠠᠯ ᠤᠨ ᠠᠷᠠᠯᠵᠢᠶ᠎ᠠ ᠶᠢᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠤᠯᠠᠭᠠᠨᠴᠠᠪ ᠤᠨ ᠦᠨᠦᠷ ᠠᠮᠲᠠ︾ ᠶᠢᠨ ᠨᠠᠷᠠᠲᠤ ᠲᠥᠷᠥᠯ | ᠲᠡᠮᠳᠡᠭᠲᠦ ᠶᠢᠨ ᠡᠷᠬᠡ ᠣᠯᠭᠤᠯᠲᠠ ᠶᠢ ᠢᠳᠡᠪᠬᠢᠲᠡᠢ ᠪᠠᠷ ᠠᠬᠢᠭᠤᠯᠤᠨ᠂ ᠬᠥᠳᠡᠭᠡ ᠲᠣᠰᠬᠤᠨ ᠤ ᠲᠡᠵᠢᠭᠡᠨ ᠦᠷᠡᠵᠢᠭᠦᠯᠬᠦ ᠶᠢ | ᠡᠷᠴᠢᠮᠵᠢᠭᠦᠯᠬᠦ᠂ ᠬᠡᠪᠴᠢᠶᠡᠵᠢᠭᠦᠯᠬᠦ᠂ ᠣᠳᠣᠬᠢᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠯᠠᠭᠠᠨᠴᠠᠪ | ᠬᠤᠲᠠ ᠶᠢᠨ ᠴᠢᠬᠤᠯᠠ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠡᠶ᠎ᠡ ᠵᠣᠬᠢᠴᠠᠯ ᠲᠠᠢ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠨ᠎ᠠ ᠃ ᠬᠥᠳᠡᠭᠡ | ᠲᠣᠰᠬᠤᠨ ᠤ ᠬᠥᠮᠥᠨ ᠰᠣᠶᠣᠯ ᠤᠨ ᠲᠡᠦᠬᠡ᠂ ᠣᠨᠴᠠᠯᠢᠭᠲᠤ ᠠᠵᠤ ᠦᠢᠯᠡᠰ᠂ ᠪᠠᠶᠢᠭᠠᠯᠢ ᠶᠢᠨ ᠦᠵᠡᠮᠵᠢ ᠵᠡᠷᠭᠡ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ᠂ ᠠᠮᠢᠳᠤᠷᠠᠯ ᠤᠨ ᠬᠤᠭ | ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠭᠤᠷᠢ ᠲᠥᠬᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ | ᠪᠦᠯᠢ ᠪᠠ ᠪᠣᠯᠪᠠᠰᠤᠨ ᠲᠠᠷᠢᠶᠠᠴᠢᠨ ᠢ ᠠᠳᠠᠯᠢᠳᠬᠠᠨ ᠰᠢᠯᠭᠠᠷᠠᠭᠤᠯᠵᠤ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠥᠷᠨᠢᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ 5 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠲᠣᠰᠬᠤᠨ ᠢ ᠭᠤᠣᠯᠳᠠᠯᠭ᠎ᠠ ᠲᠠᠢ ᠪᠠᠷ ᠤᠷᠢᠳᠠᠪᠠᠷ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠨ᠎ᠠ ᠃ ︽ᠬᠤᠭᠤᠰᠤᠨ ᠲᠣᠰᠬᠤᠨ︾᠂ | ᠦᠷ᠎ᠡ ᠠᠰᠢᠭ ᠢᠶᠠᠷ ᠳᠣᠣᠷ᠎ᠠ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠯᠠᠭᠤᠯᠵᠤ᠂ 1000 ᠮᠦ ︽ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ︾ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠵᠦ᠂ | 1400 ᠮᠦ ᠲᠠᠷᠢᠶᠠᠨ ᠭᠠᠵᠠᠷ ᠤᠨ ᠬᠥᠮᠥᠷᠭᠡ ᠶᠢ ᠪᠦᠲᠦᠭᠡᠨ ᠪᠠᠶᠢᠭᠤᠯᠵᠤ ᠨᠦᠬᠦᠪᠦᠷᠢᠯᠡᠨ᠎ᠡ᠃ ᠬᠥᠳᠡᠭᠡ ᠲᠣᠰᠬᠤᠨ ᠤ | ᠲᠣᠭᠠᠴᠢᠯᠠᠭᠰᠠᠨ ᠠᠵᠤ ᠠᠬᠤᠢ ᠶᠢ ᠬᠦᠴᠦᠯᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ | ᠬᠥᠳᠡᠭᠡ ᠲᠣᠰᠬᠤᠨ ᠤ ᠲᠤᠷᠰᠢᠯᠲᠠ ᠶᠢᠨ ᠬᠤᠰᠢᠭᠤ ᠰᠢᠶᠠᠨ ᠢ ᠢᠳᠡᠪᠬᠢᠯᠡᠨ ᠣᠯᠵᠤ᠂ ᠲᠠᠷᠢᠶᠠᠯᠠᠩ᠂ ᠬᠥᠳᠡᠭᠡ ᠲᠣᠰᠬᠤᠨ᠂ | ᠲᠠᠷᠢᠶᠠᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢ ᠪᠠᠷᠢᠮᠲᠠᠯᠠᠨ᠎ᠠ ᠃ | ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡᠳᠦᠭᠡᠷ ᠱᠦᠵᠢ︾᠂ | ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢ | ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠳ ᠢ ᠬᠠᠶᠢᠷᠠᠯᠠᠬᠤ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠡᠩᠨᠡᠭᠡ ᠶᠢ ᠬᠥᠮᠥᠵᠢᠭᠦᠯᠦᠨ ᠪᠤᠢ ᠪᠣᠯᠭᠠᠨ᠎ᠠ᠃ ᠥᠪᠡᠷᠲᠡᠭᠡᠨ ᠵᠠᠰᠠᠬᠤ | ᠣᠷᠣᠨ ᠠᠴᠠ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠰᠠᠨ ᠪᠦᠯᠬᠦᠮ ᠢ ᠰᠣᠩᠭᠤᠨ ᠲᠣᠬᠢᠷᠠᠭᠤᠯᠬᠤ ᠳᠤ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠲᠦᠷᠭᠡᠨ ᠬᠥᠮᠥᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ | ︽ᠪᠠᠲᠤᠯᠠᠪᠤᠷᠢ︾ ᠪᠣᠯᠬᠤ᠂ ᠳᠠᠭᠠᠭᠤᠯᠤᠭᠴᠢ ᠴᠢᠳᠠᠪᠤᠷᠢᠲᠠᠨ ᠤ ︽ᠭᠤᠣᠯ ᠲᠤᠯᠭᠠᠭᠤᠷᠢ︾ ᠪᠣᠯᠬᠤ᠂ ᠬᠡᠷᠡᠭᠯᠡᠭᠡᠨ ᠤ | ᠴᠢᠳᠠᠪᠤᠷᠢᠲᠠᠨ ᠤ ︽ᠲᠤᠯᠭᠠᠭᠤᠷᠢᠯᠠᠬᠤ︾ ᠴᠢᠳᠠᠪᠤᠷᠢᠲᠠᠨ ᠤ ᠡᠩᠨᠡᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠨ᠎ᠡ ᠃ | ᠬᠤᠶᠠᠷ᠂ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ | ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠴᠣᠭᠴᠠᠯᠠᠨ᠎ᠠ | ᠲᠦᠷᠦᠯ ᠵᠦᠢᠯ ᠢ ᠲᠥᠯᠥᠪᠵᠢᠭᠦᠯᠵᠦ ᠬᠡᠷᠡᠭᠵᠢᠭᠦᠯᠬᠦ ᠶᠢ ᠴᠢᠩᠭ᠎ᠠ ᠠᠳᠬᠤᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ | ᠪᠦᠲᠦᠮᠵᠢᠲᠡᠶ ᠠᠷᠭ᠎ᠠ ᠵᠠᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠲᠥᠷᠥᠯ ᠵᠦᠢᠯ ᠢ ᠨᠠᠷᠢᠯᠢᠭ | ᠨᠠᠶᠢᠳᠠᠪᠤᠷᠢᠵᠢᠭᠤᠯᠤᠨ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠬᠠᠷᠢᠯᠴᠠᠵᠤ ᠬᠤᠯᠪᠣᠭᠠᠯᠠᠬᠤ ᠶᠢ ᠳᠠᠭᠠᠭᠠᠴᠢᠯᠠᠬᠤ | ᠳᠦᠷᠢᠮ ᠢ ᠨᠠᠶᠢᠳᠠᠪᠤᠷᠢᠵᠢᠭᠤᠯᠵᠤ᠂ ︽ᠠᠰᠠᠷᠠᠭᠴᠢ ᠮᠠᠶ᠋ᠢᠭ︾ ᠤᠨ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ | ᠬᠡᠷᠡᠭᠵᠢᠭᠦᠯᠦᠨ᠂ ᠵᠢᠯ ᠤᠨ ᠳᠣᠲᠣᠷ᠎ᠠ 12 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 132.32 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 12.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠭᠦᠨᠵᠡᠭᠡᠢ | ᠰᠤᠳᠤᠯᠤᠨ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠲᠠᠢ᠂ ᠪᠡᠯᠡ ᠮᠥᠩᠭᠦ ᠶᠢᠨ ᠪᠠᠲᠤᠯᠠᠭ᠎ᠠ ᠲᠠᠢ | ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ | ᠰᠠᠶᠢᠲᠤᠷ ᠬᠢᠵᠦ᠂ ᠲᠥᠪ ᠤᠨ ᠲᠥᠰᠥᠪ ᠤᠨ ᠳᠣᠲᠣᠷᠠᠬᠢ᠂ ᠵᠢᠭᠡᠯᠡᠯᠭᠡ ᠶᠢᠨ ᠲᠡᠮᠳᠡᠭᠲᠦ ᠵᠡᠷᠭᠡ ᠭᠤᠣᠯᠳᠠᠯᠭ᠎ᠠ ᠲᠠᠢ ᠲᠥᠷᠥᠯ | ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠪᠠᠷ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ ᠃ ᠡᠬᠢ ᠪᠠᠶᠠᠯᠢᠭ ᠤᠨ ᠳᠠᠪᠠᠭᠤᠯᠢᠭ ᠪᠠ | ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠬᠠᠳᠠᠭᠠᠯᠠᠮᠵᠢ ᠶᠢᠨ ᠬᠡᠮᠵᠢᠶ᠎ᠡ ᠶᠢ ᠰᠢᠯᠢᠳᠡᠭᠵᠢᠭᠦᠯᠦᠨ ᠨᠡᠮᠡᠭᠳᠡᠯ ᠢ | ᠥᠷᠭᠡᠳᠬᠡᠬᠦ᠂ ᠡᠬᠢ ᠪᠠᠶᠠᠯᠢᠭ ᠢ ᠬᠤᠷᠠᠮᠳᠤᠭᠤᠯᠤᠨ ᠬᠡᠯᠬᠢᠶ᠎ᠡ ᠶᠢ ᠤᠷᠲᠤᠳᠬᠠᠬᠤ ᠪᠠᠷ ᠬᠠᠷᠠᠯᠲᠠ ᠪᠣᠯᠭᠠᠵᠤ᠂ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ | ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠣᠷᠣᠨ ᠪᠦᠰᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠬᠤ | ᠰᠠᠯᠪᠤᠷᠢ ᠪᠠᠭ᠎ᠠ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠤᠨ ᠲᠠᠨᠢᠯᠴᠠᠭᠤᠯᠬᠤ᠂ ᠲᠠᠪᠴᠠᠩ ᠢᠶᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠢᠶᠠᠷ | ᠬᠤᠳᠠᠯᠳᠤᠭᠠᠴᠢᠨ ᠤᠷᠢᠬᠤ ᠵᠡᠷᠭᠡ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ ᠪᠡᠯᠡ ᠣᠷᠣᠭᠤᠯᠬᠤ ᠰᠠᠨᠠᠮᠵᠢ ᠲᠠᠢ | ᠭᠤᠣᠯᠳᠠᠯᠭ᠎ᠠ ᠲᠠᠢ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠦᠷᠴᠦ ᠵᠣᠯᠭᠠᠭᠤᠯᠵᠤ᠂ ᠪᠡᠯᠡ ᠣᠷᠣᠭᠤᠯᠤᠯᠲᠠ ᠶᠢᠨ | ᠬᠤᠳᠠᠯᠳᠤᠭᠠᠴᠢᠨ ᠢ ᠴᠢᠩ ᠰᠡᠳᠬᠢᠯ ᠠᠴᠠ ᠪᠠᠨ ᠤᠷᠢᠵᠤ ᠰᠢᠨᠵᠢᠯᠡᠨ ᠪᠠᠶᠢᠴᠠᠭᠠᠵᠤ ᠵᠥᠪᠳᠡᠨ ᠬᠡᠯᠡᠯᠴᠡᠵᠦ᠂ ᠪᠡᠯᠡ | ᠣᠷᠣᠭᠤᠯᠤᠨ ᠦᠢᠯᠡᠰ ᠬᠥᠭᠵᠢᠭᠦᠯᠵᠦ᠂ ᠵᠢᠯ ᠤᠨ ᠳᠣᠲᠣᠷ᠎ᠠ 30 ᠲᠥᠷᠥᠯ ᠵᠦᠢᠯ ᠢ ᠣᠷᠣᠭᠤᠯᠤᠨ ᠠᠪᠴᠢᠷᠠᠵᠤ᠂ 40 | ᠲᠥᠷᠥᠯ ᠵᠦᠢᠯ ᠳᠤ ᠭᠡᠷ᠎ᠡ ᠲᠣᠭᠲᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠪᠠᠷ ᠴᠢᠷᠮᠠᠶᠢᠨ᠎ᠠ᠃ | ᠭᠤᠷᠪᠠ᠂ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ᠂ ᠬᠥᠭᠵᠢᠯᠲᠡ ᠶᠢ ᠠᠬᠢᠭᠤᠯᠬᠤ ᠶᠢ ᠠᠳᠬᠤᠵᠤ᠂ | ᠳᠠᠪᠠᠭᠤᠯᠢᠭ ᠠᠵᠤ ᠦᠢᠯᠡᠰ ᠤᠨ ᠨᠡᠶᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ | ᠃ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢ ᠲᠦᠷᠭᠡᠳᠬᠡᠵᠦ᠂ ᠳ᠋ᠠ ᠲᠠᠩ ᠯᠦᠩ ᠳ᠋ᠧ᠂ ᠮᠧᠩ ᠳ᠋ᠠ | ᠲᠢᠲ᠋ᠠᠨ ᠤ ᠦᠢᠯᠡᠰ ᠤᠨ 41.8 ᠰᠠᠶ᠎ᠠ ᠸᠠᠲ ᠤᠨ ᠰᠡᠬᠦᠯ ᠤᠨ ᠬᠡᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ ᠯᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ | ᠪᠦᠲᠦᠮᠵᠢ ᠣᠯᠬᠤ ᠶᠢ ᠠᠬᠢᠭᠤᠯᠵᠤ᠂ ᠦᠯᠡᠳᠡᠭᠳᠡᠯ ᠢᠯᠴᠢ ᠦᠯᠡᠳᠡᠭᠳᠡᠯ ᠬᠡᠢ ᠪᠠᠷ ᠴᠠᠬᠢᠯᠭᠠᠨ ᠭᠠᠷᠭᠠᠬᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠦᠢᠯᠡᠳᠪᠦᠷᠢᠯᠡᠬᠦ ᠪᠠᠷᠢᠯᠭ᠎ᠠ ᠶᠢᠨ ᠮᠠᠲ᠋ᠧᠷᠢᠶᠠᠯ᠂ ᠬᠠᠶᠠᠭᠳᠠᠮᠠᠯ | ᠤᠰᠤ ᠶᠢ ᠣᠷᠴᠢᠯᠳᠤᠭᠤᠯᠤᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠳᠤᠯ ᠦᠭᠡᠢ ᠬᠠᠶᠢᠯᠤᠰᠢ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠪᠢᠯᠢᠭ ᠲᠤᠶᠢᠯ ᠤᠨ ᠮᠠᠲ᠋ᠧᠷᠢᠶᠠᠯ ᠤᠨ | ᠰᠢᠨ᠎ᠡ ᠪᠠᠷ ᠨᠡᠮᠡᠭᠳᠡᠬᠦ ᠳᠠᠭᠠᠭᠠᠴᠠ ᠪᠠ ᠬᠠᠶᠢᠯᠤᠰᠢ ᠶᠢᠨ ᠮᠠᠲ᠋ᠧᠷᠢᠶᠠᠯ ᠤᠨ ᠬᠠᠳᠠᠭᠠᠯᠠᠭᠳᠠᠴᠠ ᠶᠢᠨ ᠳᠠᠭᠠᠭᠠᠴᠠ ᠶᠢᠨ | ᠲᠣᠭᠤᠷᠢᠨ ᠳᠤ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠬᠡᠷᠡᠭᠯᠡᠬᠦ᠂ ᠨᠣᠭᠤᠭᠠᠨ ᠡᠨᠧᠷᠭᠢ ᠪᠠᠷ ᠣᠷᠣᠯᠠᠭᠤᠯᠬᠤ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠵᠦ᠂ ᠾᠧᠩ ᠺᠧ ᠬᠤᠶᠠᠳᠤᠭᠠᠷ ᠬᠤᠭᠤᠴᠠᠭᠠᠨ ᠤ ᠵᠢᠯ ᠳᠤ 3 ᠲᠦᠮᠡᠨ ᠲᠣᠨ ᠯᠢᠲ᠋ᠢ | ᠴᠠᠬᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠪᠢᠯᠢᠭ ᠲᠤᠶᠢᠯ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠭᠤᠷᠪᠠᠨ | ᠬᠠᠪᠴᠢᠯ ᠤᠨ ᠡᠬᠢ ᠰᠤᠷᠪᠤᠯᠵᠢ ᠶᠢᠨ ᠰᠦᠯᠵᠢᠶᠡᠨ ᠤ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠪᠣᠬᠢᠷᠳᠤᠯ | ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠲᠥᠷᠥᠯ ᠵᠦᠢᠯ | ᠪᠠ 100 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢ ᠭᠡᠷᠡᠯ ᠤᠨ ᠬᠠᠳᠠᠭᠠᠯᠠᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠤᠰ ᠬᠡᠲᠦ ᠶᠢᠨ ᠡᠨᠧᠷᠭᠢ ᠶᠢᠨ ᠰᠤᠷᠪᠤᠯᠵᠢ ᠶᠢ 100 | ᠲᠦᠮᠡᠨ ᠺᠢᠯᠣᠸᠠᠲ ᠤᠨ ᠦᠶ᠎ᠡ ᠳᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠯᠬᠢ ᠭᠡᠷᠡᠯ ᠤᠨ ᠡᠨᠧᠷᠭᠢ ᠶᠢᠨ ᠠᠵᠤ ᠦᠢᠯᠡᠰ ᠪᠠ ᠰᠢᠨ᠎ᠡ ᠮᠠᠲ᠋ᠧᠷᠢᠶᠠᠯ ᠤᠨ ᠠᠵᠤ | ᠦᠢᠯᠡᠰ ᠢ ᠬᠠᠮᠵᠢᠯᠴᠠᠨ ᠬᠥᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ︽ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | ᠬᠤᠪᠴᠠᠰᠤ ᠬᠤᠨᠠᠷ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠲᠦᠷᠭᠡᠳᠬᠡᠨ ᠳᠡᠭᠡᠭᠰᠢᠯᠡᠭᠦᠯᠦᠨ᠎ᠡ᠃ | ᠬᠤᠪᠴᠠᠰᠤ ᠬᠤᠨᠠᠷ ᠤᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ᠂ ᠬᠤᠪᠴᠠᠰᠤ ᠬᠤᠨᠠᠷ ᠤᠨ ᠨᠡᠶᠢᠭᠡᠮᠯᠢᠭ ᠢ | ᠨᠢᠭᠡᠳᠦᠯᠲᠡᠢ ᠲᠥᠯᠥᠪᠯᠡᠵᠦ᠂ ᠡᠯ᠎ᠡ ᠲᠣᠮᠣ ᠬᠤᠪᠴᠠᠰᠤ ᠬᠤᠨᠠᠷ ᠵᠢᠷᠤᠵᠤ ᠲᠥᠯᠥᠪᠯᠡᠬᠦ ᠶᠡᠭᠡ ᠳᠡᠭᠡᠳᠦ ᠰᠤᠷᠭᠠᠭᠤᠯᠢ ᠯᠤᠭ᠎ᠠ | ᠢᠳᠡᠪᠬᠢᠲᠡᠢ ᠪᠠᠷ ᠬᠠᠮᠲᠤᠷᠠᠯᠴᠠᠨ ᠰᠣᠯᠢᠯᠴᠠᠵᠤ᠂ ᠦᠢᠯᠡᠳᠬᠦᠨ ᠢ ᠰᠤᠳᠤᠯᠤᠨ ᠨᠡᠭᠡᠭᠡᠬᠦ᠂ ᠪᠥᠰ ᠪᠠᠷᠠᠭ᠎ᠠ ᠶᠢᠨ ᠰᠢᠨ᠎ᠡ ᠶᠢ | ᠡᠭᠦᠳᠬᠦ᠂ ᠵᠢᠷᠤᠭᠯᠠᠨ ᠲᠥᠯᠥᠪᠯᠡᠵᠦ ᠰᠢᠨ᠎ᠡ ᠶᠢ ᠡᠭᠦᠳᠬᠦ ᠪᠠ ᠥᠪᠡᠷᠮᠢᠴᠡᠵᠢᠭᠦᠯᠦᠨ ᠵᠠᠬᠢᠶᠠᠯᠠᠨ ᠦᠶᠯᠡᠳᠬᠦ ᠶᠢ ᠴᠢᠩᠭᠠᠳᠬᠠᠨ | ᠂ ᠬᠤᠪᠴᠠᠰᠤ ᠬᠤᠨᠠᠷ ᠢ ᠣᠷᠣᠯᠠᠨ ᠡᠳ᠋ᠰᠢᠭᠦᠯᠬᠦ ᠶᠢ ᠥᠷᠭᠡᠳᠬᠡᠵᠦ᠂ ᠵᠠᠬᠢᠶᠠᠯᠠᠭ᠎ᠠ ᠶᠢᠨ ᠲᠤᠬᠠᠶᠢᠯᠠᠭᠰᠠᠨ ᠠᠵᠢᠯ ᠢ ᠴᠢᠷᠮᠠᠶᠢᠨ | ᠬᠢᠵᠦ᠂ ᠬᠤᠪᠴᠠᠰᠤ ᠬᠤᠨᠠᠷ ᠤᠨ ᠨᠠᠶᠢᠷ ᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ ᠪᠡᠯᠡᠳᠬᠡᠨ ᠡᠷᠭᠢᠯᠡᠵᠦ᠂ ᠬᠤᠪᠴᠠᠰᠤ | ᠬᠤᠨᠠᠷ ᠤᠨ ᠦᠢᠯᠡᠳᠬᠦᠨ ᠢ ᠰᠢᠯᠢᠳᠡᠭᠵᠢᠭᠦᠯᠦᠨ᠎ᠡ᠃ ᠤᠯᠤᠰ ᠤᠨ ᠨᠣᠣᠰᠣ ᠨᠣᠯᠤᠥᠷ ᠤᠨ ᠶᠠᠰᠤ ᠴᠢᠨᠠᠷ ᠢ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠲᠥᠪ ᠤᠨ ᠬᠤᠸᠠᠳᠧ ᠶᠢᠨ ᠲᠤᠷᠰᠢᠯᠲᠠ ᠶᠢᠨ ᠲᠠᠰᠤᠭ ᠤᠨ ᠦᠢᠯᠡᠳᠦᠯ ᠢ ᠪᠠᠳᠠᠷᠠᠭᠤᠯᠵᠤ᠂ | ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠠᠵᠤ ᠠᠬᠤᠶᠢᠯᠠᠯ ᠤᠨ ᠲᠠᠩᠰᠠ ᠬᠠᠷ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠂ ᠬᠥᠲᠥᠴᠢ ᠠᠵᠤ ᠠᠬᠤᠶᠢᠯᠠᠯ ᠤᠨ | ᠬᠤᠪᠴᠠᠰᠤ ᠬᠤᠨᠠᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ | ᠳᠡᠮᠵᠢᠵᠦ᠂ ᠬᠤᠩ ᠳ᠋ᠧᠦ ᠪᠦᠯᠦᠭᠯᠡᠯ᠂ ᠣᠷᠳᠣᠰ ᠤᠨ ᠢᠮᠠᠭᠠᠨ ᠨᠣᠯᠤᠥᠷ ᠤᠨ ᠪᠦᠯᠦᠭᠯᠡᠯ ᠵᠡᠷᠭᠡ ᠨᠠᠷᠠᠲᠤ ᠠᠵᠤ | ᠠᠬᠤᠶᠢᠯᠠᠯ ᠲᠠᠢ ᠢᠳᠡᠪᠬᠢᠲᠡᠢ ᠪᠠᠷ ᠵᠣᠯᠭᠠᠭᠤᠯᠤᠨ᠂ ᠪᠦᠯᠦᠭᠯᠡᠯᠵᠢᠭᠦᠯᠦᠨ ᠬᠥᠭᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ | ᠰᠢᠪᠲᠤᠯᠤᠯᠲᠠ ᠶᠢ ᠡᠷᠢᠯᠬᠢᠯᠡᠵᠦ᠂ ᠬᠤᠪᠴᠠᠰᠤ ᠬᠤᠨᠠᠷ ᠤᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ | ᠲᠤᠰᠬᠠᠶᠢᠵᠢᠭᠤᠯᠬᠤ᠂ ᠳᠡᠭᠡᠳᠦ ᠦᠵᠦᠭᠦᠷᠵᠢᠭᠦᠯᠬᠦ ᠳᠠᠰᠢ ᠬᠥᠭᠵᠢᠭᠦᠯᠦᠨ᠎ᠡ᠃ ᠰᠦᠯᠵᠢᠶᠡᠨ ᠤ ᠪᠣᠷᠤᠯᠠᠭᠤᠯᠭ᠎ᠠ ᠪᠠ | ᠭᠠᠳᠠᠭᠠᠳᠤ ᠠᠷᠠᠯᠵᠢᠶ᠎ᠠ ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ | ᠵᠢᠯ ᠤᠨ ᠳᠣᠲᠣᠷ᠎ᠠ ᠬᠤᠪᠴᠠᠰᠤ ᠬᠤᠨᠠᠷ ᠤᠨ ᠪᠣᠷᠤᠯᠠᠭᠤᠯᠭ᠎ᠠ ᠶᠢᠨ ᠬᠡᠮᠵᠢᠶ᠎ᠡ ᠶᠢ 2000 ᠲᠦᠮᠡᠨ ᠵᠠᠬ᠎ᠠ ᠪᠣᠯᠭᠠᠵᠤ᠂ | ᠤᠩᠭᠠᠷᠢᠯ ᠢᠯᠲᠠᠰᠤ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ 1.5 ᠲᠦᠮᠡᠨ ᠲᠣᠨ ᠳᠤ ᠬᠦᠷᠭᠡᠨ᠎ᠡ ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠦᠭᠵᠢᠬᠦ ᠶᠢ ᠠᠬᠢᠭᠤᠯᠤᠨ᠎ᠠ᠃1000 ᠲᠦᠮᠡᠨ | ᠲᠣᠨ ᠤ ᠲᠡᠮᠦᠷ ᠬᠠᠶᠢᠯᠤᠰᠢ ᠶᠢᠨ ᠣᠷᠣᠭᠤᠯᠵᠤ ᠭᠠᠷᠭᠠᠬᠤ ᠬᠡᠮᠵᠢᠶ᠎ᠡ ᠳᠤ ᠲᠦᠰᠢᠭᠯᠡᠨ᠂ ᠪᠥᠬᠦ ᠬᠤᠲᠠ ᠶᠢᠨ ᠤᠮᠠᠷᠠᠰᠢ | ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠶᠡᠭᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠢᠶᠠᠨ | ᠴᠧᠩ ᠤᠨ ᠡᠬᠡ ᠬᠠᠭᠤᠷᠠᠢ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠲᠢᠶᠠᠨᠵᠢᠨ ᠭᠠᠷᠠᠮ᠂ ᠼᠤᠤ ᠹᠧᠢ ᠳ᠋ᠢᠶᠠᠨ ᠭᠠᠷᠠᠮ | ᠯᠤᠭ᠎ᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠥᠷᠨᠢᠭᠦᠯᠵᠦ᠂ ᠪᠡᠭᠡᠵᠢᠩ ᠲᠢᠶᠠᠨᠵᠢᠨ ᠾᠧᠪᠧᠢ ᠪᠣᠯᠣᠨ ᠡᠷᠢᠶᠡᠨ | ᠬᠤᠲᠠ ᠶᠢᠨ ᠬᠠᠷᠢᠯᠴᠠᠨ ᠨᠡᠪᠲᠡᠷᠡᠯᠴᠡᠬᠦ ᠴᠢᠬᠤᠯᠠ ᠵᠠᠩᠭᠢᠯᠠᠭ᠎ᠠ ᠶᠢᠨ ᠴᠡᠭ ᠤᠨ ᠬᠤᠲᠠ ᠶᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ ᠵᠢᠯ ᠤᠨ ᠳᠣᠲᠣᠷ᠎ᠠ 200 ᠲᠦᠮᠡᠨ ᠲᠣᠨ ᠪᠠᠷᠠᠭᠠᠨ ᠤ ᠭᠦᠢᠯᠭᠡᠭᠡᠨ ᠤ ᠣᠷᠣᠭᠤᠯᠵᠤ ᠭᠠᠷᠭᠠᠬᠤ ᠬᠡᠮᠵᠢᠶ᠎ᠡ ᠶᠢ | ᠪᠡᠶᠡᠯᠡᠭᠦᠯᠬᠦ ᠪᠠᠷ ᠴᠢᠷᠮᠠᠶᠢᠨ᠎ᠠ᠃ ᠰᠢᠶᠠᠨ ᠰᠢᠶᠠᠩ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠲᠦᠷᠭᠡᠨ | ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ︽ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ | ᠪᠠᠭᠤᠯᠭᠠᠬᠤ︾ ᠬᠤᠣᠰ ᠴᠢᠭᠯᠡᠯᠲᠦ ᠭᠦᠢᠯᠭᠡᠭᠡᠨ ᠤ ᠠᠷᠭ᠎ᠠ ᠵᠠᠮ ᠢ ᠨᠡᠪᠲᠡᠷᠡᠭᠦᠯᠦᠨ᠎ᠡ᠃ ᠥᠪᠡᠷ ᠢᠶᠠᠨ ᠡᠵᠡᠩᠨᠡᠵᠦ ᠪᠠᠶᠢᠭ᠎ᠠ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠠᠢ 21 ᠠᠵᠤ ᠠᠬᠤᠶᠢᠯᠠᠯ ᠤᠨ ᠭᠠᠳᠠᠭᠠᠳᠤ | ᠠᠷᠠᠯᠵᠢᠶᠠᠨ ᠤ ᠵᠠᠬ᠎ᠠ ᠳᠡᠯᠭᠡᠭᠦᠷ ᠨᠡᠭᠡᠭᠡᠬᠦ ᠶᠢ ᠲᠡᠮᠵᠢᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠨᠡᠮᠡᠭᠳᠡᠭᠦᠯᠦᠨ᠂ | ᠭᠠᠳᠠᠭᠠᠳᠤ ᠠᠷᠠᠯᠵᠢᠶᠠᠨ ᠤ ᠲᠤᠭ᠎ᠠ ᠶᠢ 1500 ᠲᠦᠮᠡᠨ ᠳ᠋ᠣᠯᠯᠠᠷ ᠲᠤ ᠬᠦᠷᠭᠡᠬᠦ ᠪᠠᠷ ᠴᠢᠷᠮᠠᠶᠢᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ ︽ᠭᠠᠨ ᡁᠢ ᠮᠧᠢ ᠶᠢᠨ ᠵᠠᠩ ᠰᠤᠷᠲᠠᠯ︾ | ᠢ ᠤᠯᠠᠮᠵᠢᠯᠠᠨ ᠪᠠᠳᠠᠷᠠᠭᠤᠯᠵᠤ᠂ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠳᠤᠷᠠᠰᠬᠠᠯ ᠤᠨ ᠣᠷᠳᠣᠨ ᠢ ᠥᠭᠡᠷᠡᠴᠢᠯᠡᠨ | ᠥᠷᠭᠡᠳᠬᠡᠨ ᠪᠠᠶᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠦᠵᠡᠭᠦᠯᠦᠯᠭᠡ ᠶᠢᠨ ᠲᠠᠰᠤᠭ ᠢ | ᠰᠢᠨ᠎ᠡ ᠪᠠᠷ ᠪᠠᠶᠢᠭᠤᠯᠵᠤ᠂ ᠭᠠᠨ ᡁᠢ ᠮᠧᠢ ᠶᠢᠨ ᠭᠤᠣᠯ ᠰᠡᠳᠦᠪᠲᠦ ᠴᠡᠴᠡᠷᠯᠢᠭ ᠪᠣᠯᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯ ᠰᠡᠳᠦᠪᠲᠦ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠸᠠᠳᠧ ᠶᠢ | ᠬᠥᠭᠵᠢᠭᠦᠯᠦᠨ ᠮᠠᠨᠳᠤᠭᠤᠯᠬᠤ ᠵᠠᠮ ᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠤᠯᠠᠭᠠᠨᠮᠥ᠋ᠴᠢᠷ ᠤᠨ ᠰᠢᠯᠢᠳᠡᠭ | ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ ᠲᠢᠩᠬᠢᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ︽ᠠᠷᠪᠠᠨ ᠲᠠᠪᠤᠨ ᠤ ᠰᠠᠷ᠎ᠠ︾ ᠭᠡᠬᠦ ᠲᠣᠮᠣ ᠬᠡᠯᠪᠡᠷᠢ ᠶᠢᠨ ᠲᠠᠶᠢᠰᠠᠨ ᠤ ᠵᠦᠴᠦᠭᠡ᠂ ︽ | ᠬᠤᠸᠠᠳᠧ ᠶᠢᠨ ᠰᠠᠭᠤᠭᠳᠠᠯ · ᠰᠠᠶᠢᠨ ᠠᠷᠢᠬᠢ ᠨᠤᠲᠤᠭ ᠤᠨ ᠦᠨᠦᠷ ᠠᠮᠲᠠ ᠠᠴᠠ ᠳᠠᠪᠠᠭ᠋ᠤ ᠶᠠᠭᠤᠮ᠎ᠠ ᠠᠯᠠᠭ᠎ᠠ ︾ ᠭᠡᠬᠦ | ᠤᠬᠠᠭᠤᠯᠭ᠎ᠠ ᠶᠢᠨ ᠹᠢᠯᠢᠮ ᠵᠡᠷᠭᠡ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠠᠶᠢᠷᠠᠭᠤᠯᠤᠨ ᠰᠡᠭᠦᠳᠡᠷᠯᠡᠵᠦ᠂ ᠢᠦᠢ | ᠮᠢᠨ ᠤ ᠪᠠᠭᠤᠷᠢ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠠᠮᠠᠭᠠᠯᠠᠯᠲᠠ ᠶᠢᠨ ᠨᠢᠭᠡᠴᠡ ᠪᠠᠷ ᠮᠡᠳᠡᠭᠦᠯᠬᠦ ᠪᠠᠷ | ᠴᠢᠷᠮᠠᠶᠢᠵᠤ᠂ ᠬᠤᠸᠠᠳᠧ ᠶᠢᠨ ᠰᠣᠶᠣᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠠᠷᠠᠳ ᠤᠨ ᠣᠷᠣᠨ | ᠰᠠᠭᠤᠴᠠ ᠶᠢᠨ ᠴᠤᠭᠯᠠᠷᠠᠯ ᠤᠨ ᠦᠢᠯᠡᠳᠦᠯ ᠢ ᠴᠢᠩᠭᠠᠷᠠᠭᠤᠯᠵᠤ᠂ ᠴᠠᠭ ᠮᠥᠴᠡ ᠶᠢ ᠵᠢᠷᠤᠭᠯᠠᠬᠤ ᠠᠷᠠᠳ ᠤᠨ ᠣᠷᠣᠨ | ᠰᠠᠭᠤᠴᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ︽ᠰᠣᠩᠭᠤᠳᠠᠭ ᠬᠤᠪᠢᠰᠬᠠᠯ ᠤᠨ ᠳᠠᠭᠤᠤ︾ ᠠᠷᠪᠠᠨ | ᠲᠠᠪᠤᠨ ᠤ ᠰᠠᠷᠠᠨ ᠤ ︽ᠡᠭᠦᠳᠦᠨ ᠪᠦᠲᠦᠭᠡᠭᠰᠡᠨ ᠭᠠᠵᠠᠷ ᠨᠢ ᠬᠤᠸᠠᠳᠧ ︾ ᠵᠢᠴᠢ ᠥᠪᠡᠷᠮᠢᠴᠡ ᠣᠨᠴᠠᠯᠢᠭ ᠲᠠᠢ | ᠪᠣᠭᠤᠮᠲᠠ ᠶᠢᠨ ᠭᠠᠳᠠᠨᠠᠬᠢ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ᠂ ᠪᠣᠭᠤᠮᠲᠠ ᠶᠢᠨ ᠭᠠᠳᠠᠨᠠᠬᠢ ᠠᠷᠠᠳ ᠤᠨ | ᠣᠷᠣᠨ ᠰᠠᠭᠤᠴᠠ ᠶᠢ ᠴᠣᠭᠴᠠᠯᠠᠨ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢᠨ ᠣᠨᠴᠠᠯᠢᠭᠲᠤ ᠬᠥᠭᠵᠢᠯᠲᠡ ᠶᠢ | ᠠᠬᠢᠭᠤᠯᠤᠨ᠎ᠠ᠃ ᠮᠧᠩ ᠱᠠᠩ ᡁᠢ ᠵᠢᠶᠠ ᠶᠢᠨ ᠮᠢᠨ ᠯᠧ ᠨᠠᠭᠤᠷ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ | ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠬᠢᠨ ᠲᠣᠭᠤᠷᠢᠨ ᠤ | ᠲᠣᠰᠬᠤᠨ ᠤ ᠠᠷᠠᠳ ᠢ ᠳᠠᠶᠢᠴᠢᠯᠠᠨ ᠢᠳᠡᠭᠡᠨ ᠤᠮᠳᠠᠭᠠᠨ᠂ ᠠᠷᠠᠳ ᠤᠨ ᠣᠷᠣᠨ ᠰᠠᠭᠤᠴᠠ ᠵᠢᠴᠢ ᠣᠨᠴᠠᠯᠢᠭᠲᠤ ᠳᠠᠷᠢᠵᠤ | ᠲᠡᠵᠢᠭᠡᠬᠦ ᠦᠢᠯᠡᠰ ᠢ ᠬᠥᠭᠵᠢᠭᠦᠯᠦᠨ᠎ᠡ᠃ | ᠳᠥᠷᠪᠡ᠂ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ | ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ︽ᠨᠢᠭᠡ | ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠵᠠᠭᠪᠤᠷ ᠢ ᠭᠦᠨᠵᠡᠭᠡᠢ ᠠᠬᠢᠭᠤᠯᠵᠤ᠂ ︽ᠰᠠᠶᠢᠨ ᠮᠠᠭᠤ ᠶᠢ ᠦᠨᠡᠯᠡᠬᠦ︾ | ᠳᠦᠷᠢᠮ᠂ ︽ᠢᠯᠡ ᠲᠣᠳᠣ ᠦᠷᠢᠰᠦᠯᠳᠦᠨ ᠠᠳᠠᠯᠢᠳᠬᠠᠬᠤ︾ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ | ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠥᠬᠦ ᠲᠠᠯ᠎ᠠ ᠶᠢᠨ | ᠵᠢᠷᠤᠮᠵᠢᠯ ᠲᠠᠢ᠂ ᠢᠯᠡ ᠪᠥᠭᠡᠳ ᠡᠷᠬᠡ ᠲᠡᠭᠰᠢ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠨ᠎ᠠ᠃ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︽ ᠮᠥᠩᠭᠡ | ᠰᠤᠪᠠᠭ·ᠳᠦᠷᠪᠡᠨ ᠭᠦᠢᠴᠡᠳᠬᠡᠬᠦ︾ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ︽ᠶᠡᠷᠦᠩᠬᠡᠶᠢᠯᠡᠭᠰᠡᠨ | ᠨᠢᠭᠡ ᠴᠣᠩᠬᠤ︾ ᠶᠢ ᠳᠡᠯᠭᠡᠷᠡᠭᠦᠯᠦᠨ ᠬᠡᠷᠡᠭᠯᠡᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽12345︾ ᠬᠠᠯᠠᠭᠤᠨ ᠤᠲᠠᠰᠤ ᠶᠢ ᠰᠢᠢᠳᠪᠦᠷᠢᠯᠡᠬᠦ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 12345 ᠬᠠᠯᠠᠭᠤᠨ ᠤᠲᠠᠰᠤᠨ ᠤ ᠵᠠᠷᠤᠳᠠᠯ ᠢ ᠲᠤᠰ ᠵᠢᠯ ᠤᠨ ᠡᠳ᠋ ᠤᠨ | ᠵᠠᠰᠠᠭ ᠤᠨ ᠲᠥᠰᠥᠪ ᠤᠨ ᠲᠥᠯᠥᠪᠯᠡᠭᠡ ᠳᠤ ᠣᠷᠣᠭᠤᠯᠵᠤ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠰᠡᠳᠬᠢᠯ ᠲᠠᠯᠪᠢᠨ ᠬᠦᠴᠦ ᠲᠠᠯᠪᠢᠨ ᠬᠠᠷᠢᠭᠤᠯᠲᠠ ᠥᠭᠭᠦᠨ᠎ᠡ᠃ ᠲᠣᠰᠬᠤᠨ ᠤ ᠱᠠᠲᠤᠨ ᠤ ᠡᠳ᠋ ᠤᠨ | ᠶᠠᠪᠤᠳᠠᠯ ᠤᠨ ᠰᠢᠶᠠᠩ ᠪᠠᠯᠭᠠᠰᠤᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠢ ᠵᠢᠷᠤᠮᠵᠢᠭᠤᠯᠤᠨ᠎ᠠ᠃ ᠬᠠᠮᠲᠤᠷᠠᠨ ᠬᠢᠨᠠᠬᠤ᠂ ᠬᠠᠮᠲᠤᠷᠠᠨ | ᠬᠢᠨᠠᠨ ᠵᠥᠪᠰᠢᠶᠡᠷᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠣᠣᠷ | ᠰᠦᠯᠵᠢᠶ᠎ᠡ ᠶᠢᠨ ᠠᠷᠠᠯᠵᠢᠶ᠎ᠠ ᠶᠢᠨ ᠲᠠᠪᠴᠠᠩ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ | ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠰᠢᠯᠢᠳᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ︽ᠳᠡᠭᠡᠳᠦ ᠬᠤᠷᠳᠤᠴᠠ ᠶᠢᠨ ᠵᠠᠮ︾ ᠢ ᠨᠡᠭᠡᠭᠡᠵᠦ ᠥᠭᠭᠦᠨ᠎ᠡ᠃ ᠤᠯᠤᠰ ᠤᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ | ᠠᠵᠤ ᠦᠢᠯᠡᠰ ᠤᠨ ᠬᠥᠭᠵᠢᠯᠲᠡ ᠶᠢ ᠪᠠᠲᠤᠯᠠᠬᠤ ᠬᠦᠴᠦᠨ ᠵᠦᠢᠯ ᠢ ᠴᠢᠩᠭᠠᠳᠬᠠᠨ᠎ᠠ ᠃ ︽ᠲᠠᠪᠤᠨ ᠦᠨᠳᠦᠰᠦᠨ ᠵᠦᠢᠯ ᠢ | ᠶᠡᠭᠡ ᠪᠠᠷ ᠡᠬᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠬᠢ | ᠪᠠᠶᠠᠯᠢᠭ ᠤᠨ ᠡᠯᠧᠮᠧᠨ᠋ᠲ ᠢ ᠠᠮᠢᠳᠤᠯᠢᠭ ᠪᠣᠯᠭᠠᠵᠤ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠶᠢ | ᠡᠷᠴᠢᠮᠵᠢᠭᠦᠯᠦᠨ ᠠᠷᠪᠢᠯᠠᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ ᠃ ᠠᠵᠤ ᠦᠢᠯᠡᠰ ᠤᠨ ᠬᠦᠷᠢᠶᠡᠯᠡᠩ ᠤᠨ ᠪᠣᠷᠣᠭᠠᠨ ᠤ ᠪᠣᠬᠢᠷᠳᠤᠯ ᠢ ᠰᠠᠯᠭᠠᠬᠤ᠂ ᠳᠤᠮᠳᠠᠬᠢ | ᠤᠰᠤ ᠶᠢ ᠡᠭᠡᠭᠦᠯᠦᠨ ᠬᠡᠷᠡᠭᠯᠡᠬᠦ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ᠂ ᠠᠵᠤ ᠦᠢᠯᠡᠰ ᠤᠨ ᠵᠠᠮ | ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 200 ᠢᠵᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ ᠳ᠋ᠧ ᠢ ᠶᠢᠨ 500 ᠺᠢᠯᠤᠸᠤᠯᠲ ᠤᠨ ᠴᠠᠬᠢᠯᠭᠠᠨ | ᠬᠦᠴᠦᠳᠡᠯ ᠥᠭᠡᠷᠡᠴᠢᠯᠡᠬᠦ ᠥᠷᠲᠡᠭᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶᠤᠨᠲᠤ | ᠬᠦᠷᠢᠶᠡᠯᠡᠩ ᠲᠣᠭᠤᠷᠢᠭ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠡᠬᠢᠯᠡᠨ ᠬᠡᠷᠡᠭᠯᠡᠵᠦ᠂ ᠬᠤᠸᠠᠳᠧ ᠶᠢᠨ ᠠᠵᠤ | ᠦᠢᠯᠡᠰ ᠤᠨ ᠬᠦᠷᠢᠶᠡᠯᠡᠩ ᠤᠨ ᠳᠠᠭᠠᠭᠠᠬᠤ ᠴᠢᠳᠠᠪᠤᠷᠢ ᠪᠠ ᠬᠥᠭᠵᠢᠯᠲᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠦᠷᠭᠡᠳᠬᠡᠨ ᠬᠤᠪᠢᠷᠠᠭᠤᠯᠤᠨ᠎ᠠ ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠦᠢᠯᠡᠳᠦᠯ ᠢ ᠪᠠᠳᠠᠷᠠᠭᠤᠯᠤᠨ᠂ ᠴᠢᠳᠠᠮᠵᠢ ᠶᠢᠨ ᠴᠢᠨᠠᠷᠲᠠᠢ | ᠸᠠᠭᠠᠷ ᠱᠠᠭᠠᠵᠠᠩ ᠤᠨ ᠰᠢᠨ᠎ᠡ ᠦᠢᠯᠡᠳᠬᠦᠨ ᠪᠠ ᠰᠧᠯᠧᠨ ᠡᠯᠪᠡᠭ ᠲᠠᠷᠢᠶᠠᠯᠠᠩ ᠤᠨ ᠮᠡᠷᠭᠡᠵᠢᠯ ᠤᠨ ᠬᠥᠷᠥᠰᠥ ᠰᠢᠷᠣᠢ ᠶᠢᠨ | ᠰᠠᠶᠢᠵᠢᠷᠠᠭᠤᠯᠤᠯᠲᠠ ᠶᠢ ᠭᠦᠨᠵᠡᠭᠡᠢ ᠰᠤᠳᠤᠯᠤᠨ ᠨᠡᠭᠡᠭᠡᠵᠦ᠂ ︽ᠤᠯᠠᠭᠠᠨ ᠴᠠᠢ ᠶᠢᠨ ᠪᠣᠯᠤᠷ ᠴᠢᠯᠠᠭᠤ︾ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠬᠤᠸᠠ ᠴᠧᠨ ᠠᠭᠤᠷᠬᠠᠢ ᠶᠢᠨ ᠦᠢᠯᠡᠰ ᠲᠤ ᠬᠦᠴᠦᠨ | ᠨᠡᠮᠡᠷᠢᠯᠡᠵᠦ᠂ ᠵᠢᠦᠢ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ᠂ ᠢ ᠯᠢ᠂ ᠿᠢ ᠱᠧᠩ ᡁᠢ ᠪᠥᠸᠧ ᠵᠡᠷᠭᠡ ᠠᠵᠤ | ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ ᠰᠢᠶᠣᠣ ᠵᠢᠦᠢ ᠷᠧᠨ︾ | ᠢᠶᠠᠷ ᠭᠤᠶᠤᠴᠢᠯᠠᠬᠤ ᠶᠢ ᠳᠡᠮᠵᠢᠨ᠎ᠡ᠃ | ᠲᠠᠪᠤ᠂ ᠬᠦᠴᠦᠨ ᠴᠢᠳᠠᠯ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠦᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ | ᠬᠤᠳᠠ ᠶᠢᠨ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ | ᠶᠡᠷᠦᠩᠬᠡᠢ ᠲᠥᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠲᠠᠯᠠᠪᠠᠢ ᠂ ᠤᠯᠠᠨ ᠨᠡᠶᠢᠲᠡ ᠶᠢᠨ ᠵᠣᠷᠯᠣᠩ᠂ ᠣᠶᠤᠨᠲᠤ ᠲᠡᠷᠭᠡᠨ ᠵᠣᠭᠰᠣᠭᠠᠯ ᠢ ᠲᠥᠯᠥᠪᠵᠢᠭᠦᠯᠦᠨ ᠪᠦᠲᠦᠭᠡᠨ | ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ᠂ | ᠬᠤᠳᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ 72 ᠺᠢᠯᠣᠮᠧᠲᠷ ᠥᠭᠡᠷᠡᠴᠢᠯᠡᠵᠦ᠂ ᠲᠦᠬᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠢ 350 ᠡᠷᠦᠬᠡ ᠳᠤ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠡᠮᠦᠨ᠎ᠡ | ᠭᠤᠤ ᠭᠤᠣᠯ ᠤᠨ ᠦᠶᠡᠷ ᠢ ᠰᠡᠷᠭᠡᠶᠢᠯᠡᠬᠦ ᠵᠠᠰᠠᠯᠲᠠ᠂ ᠭᠠᠯᠲᠤ ᠲᠡᠷᠭᠡᠨ ᠦᠷᠳᠡᠭᠡ ᠶᠢᠨ ᠦᠷᠳᠡᠭᠡ ᠶᠢᠨ ᠭᠡᠷ ᠢ ᠢᠵᠢ | ᠪᠦᠷᠢᠳᠦᠭᠦᠯᠦᠨ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠨ᠎ᠡ᠃ ᠴᠡᠴᠡᠷᠯᠢᠭ ᠤᠨ ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠰᠢᠶᠠᠨ ᠤ ᠬᠤᠲᠠ ᠶᠢᠨ | ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠥᠬᠦᠵᠦ ᠳᠠᠷᠢᠬᠤ᠂ ᠤᠰᠤᠯᠠᠬᠤ᠂ ᠵᠠᠰᠠᠵᠤ ᠬᠠᠶᠢᠴᠢᠯᠠᠬᠤ ᠵᠢᠴᠢ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ | ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠬᠤᠲᠠ ᠶᠢᠨ ᠠᠭᠤᠯᠤᠭᠳᠠᠬᠤᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ5G ᠶᠢᠨ ᠮᠡᠳᠡᠭᠡ ᠬᠤᠯᠪᠣᠭᠠᠨ ᠤ ᠰᠦᠯᠵᠢᠶᠡᠨ ᠤ ᠦᠢᠯᠡᠴᠢᠯᠡᠭᠡ ᠳᠤ | ᠲᠦᠰᠢᠭᠯᠡᠨ᠂ ᠣᠶᠤᠨᠲᠤ ᠬᠦᠷᠢᠶᠡᠯᠡᠩ ᠲᠣᠭᠤᠷᠢᠭ᠂ ᠣᠶᠤᠨᠲᠤ ᠤᠰᠤᠨ ᠤ ᠶᠠᠪᠤᠳᠠᠯ᠂ ᠬᠢᠨᠠᠭᠤᠷ ᠤᠨ ᠰᠢᠰᠲ᠋ᠧᠮ ᠲᠣᠣᠷ ᠤᠨ | ᠢᠨᠵᠧᠨᠧᠷᠢᠩ᠂ ᠭᠡᠪ ᠭᠡᠭᠡᠨ ᠢᠨᠵᠧᠨᠧᠷᠢᠩ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠣᠶᠤᠨᠴᠢ ᠬᠠᠮᠢᠶᠠᠷᠤᠯᠲᠠ ᠶᠢᠨ | ᠲᠠᠪᠴᠠᠩ ᠵᠡᠷᠭᠡ ᠰᠠᠭᠤᠷᠢ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠣᠶᠤᠨᠲᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ | ᠴᠡᠪᠡᠷ ᠢ ᠵᠠᠬ᠎ᠠ ᠳᠡᠯᠭᠡᠭᠦᠷᠴᠢᠯᠡᠨ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠶᠢᠨ ᠱᠠᠨ ᠵᠠᠮ ᠤᠨ | ᠵᠢᠱᠢᠶ᠎ᠡ ᠦᠵᠡᠭᠦᠯᠬᠦ ᠵᠡᠭᠡᠯᠢ ᠶᠢ ᠪᠠᠶᠢᠭᠤᠯᠵᠤ᠂ ᠬᠤᠲᠠ ᠶᠢᠨ ᠴᠢᠨᠠᠷ ᠳᠡᠰ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠾᠦᠢ ᠮᠢᠨ | ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠨ ᠬᠡᠷᠡᠭᠯᠡᠵᠦ᠂ ᠳᠤᠷ᠎ᠠ ᠪᠠᠷ ᠢᠶᠠᠨ ᠳᠡᠯᠭᠡᠵᠦ | ᠳᠤᠷ᠎ᠠ ᠪᠠᠷ ᠢᠶᠠᠨ ᠬᠤᠳᠠᠯᠳᠤᠬᠤ᠂ ᠵᠠᠮ ᠡᠵᠡᠯᠡᠨ ᠵᠠᠬ᠎ᠠ ᠳᠡᠯᠭᠡᠭᠦᠷ ᠪᠣᠯᠭᠠᠬᠤ ᠦᠵᠡᠭᠳᠡᠯ ᠢ ᠲᠤᠶᠢᠯᠪᠤᠷᠢᠲᠠᠢ ᠰᠢᠢᠳᠪᠦᠷᠢᠯᠡᠨ᠎ᠡ᠃ | ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ︽ᠵᠡᠭᠡᠯᠢ ᠶᠢᠨ ᠳᠠᠷᠤᠭ᠎ᠠ ᠶᠢᠨ ᠳᠦᠷᠢᠮ︾ ᠪᠠ | ︽ᠡᠭᠦᠳᠡᠨ ᠡᠮᠦᠨᠡᠬᠢ ᠵᠢᠷᠭᠤᠭ᠎ᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ | ᠂ ᠥᠮᠴᠢᠲᠡᠨ ᠤ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ | ᠵᠢᠱᠢᠶ᠎ᠡ ᠦᠵᠡᠭᠦᠯᠬᠦ ᠵᠢᠵᠢᠭ ᠲᠣᠭᠤᠷᠢᠭ ᠢ ᠡᠭᠦᠳᠦᠨ ᠪᠠᠶᠢᠭᠤᠯᠵᠤ᠂ ᠬᠤᠲᠠ ᠶᠢᠨ ᠥᠩᠭᠡ ᠵᠢᠰᠦ ᠶᠢ ᠲᠠᠰᠤᠷᠠᠯᠲᠠ ᠦᠭᠡᠢ | ᠰᠢᠨᠡᠳᠬᠡᠨ᠎ᠡ᠃ | ᠵᠢᠷᠭᠤᠭ᠎ᠠ᠂ ᠬᠦᠴᠦᠨ ᠢᠶᠠᠨ ᠲᠥᠪᠯᠡᠷᠡᠭᠦᠯᠦᠨ ᠬᠠᠮᠠᠭᠠᠯᠠᠬᠤ ᠶᠢ ᠠᠳᠬᠤᠵᠤ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠰᠠᠬᠢᠨ ᠬᠠᠮᠠᠭᠠᠯᠠᠨ᠎ᠠ | ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ᠎ᠡ ᠃ ᠡᠨᠧᠷᠭᠢ ᠶᠢᠨ ᠬᠤᠷᠣᠭᠳᠠᠯ ᠤᠨ | ᠲᠥᠰᠦᠪᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠪᠠᠭᠠᠰᠬᠠᠨ᠎ᠠ ᠃ ᠲᠤᠭ᠎ᠠ ᠬᠡᠮᠵᠢᠶ᠎ᠡ ᠶᠢ ᠪᠠᠭᠠᠰᠬᠠᠬᠤ ᠪᠠᠷ ᠣᠷᠣᠯᠠᠭᠤᠯᠬᠤ | ᠲᠠᠯ᠎ᠠ ᠪᠠᠷ ᠣᠷᠣᠨ ᠵᠠᠢ ᠡᠷᠢᠬᠦ ᠶᠢ ᠪᠠᠷᠢᠮᠲᠠᠯᠠᠵᠤ᠂ 5200 ᠡᠷᠦᠬᠡ ᠶᠢᠨ ᠨᠡᠭᠦᠷᠡᠰᠦ ᠶᠢ ᠴᠠᠬᠢᠯᠭᠠᠨ ᠤ ᠴᠡᠪᠡᠷ | ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢ ᠨᠡᠭᠡᠭᠡᠨ ᠠᠰᠢᠭᠯᠠᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠰᠦᠪᠡᠭᠴᠢᠯᠡᠨ ᠬᠡᠷᠡᠭᠵᠢᠭᠦᠯᠦᠨ᠎ᠡ᠃ | ᠦᠯᠡᠳᠡᠭᠡᠯ ᠲᠥᠷᠥᠯ ᠵᠦᠢᠯ ᠤᠨ ᠲᠠᠯ᠎ᠠ ᠪᠠᠷ ᠳᠠᠯᠳᠠ ᠬᠦᠴᠦᠨ ᠢ ᠠᠭᠤᠳᠠᠯᠬᠤ ᠶᠢ ᠪᠠᠷᠢᠮᠲᠠᠯᠠᠵᠤ᠂ ᠲᠡᠮᠦᠷ ᠤᠨ | ᠬᠠᠶᠢᠯᠤᠰᠢ ᠶᠢᠨ ᠠᠵᠤ ᠠᠬᠤᠶᠢᠯᠠᠯ ᠤᠨ ︽ᠲᠠᠪᠤᠨ ᠲᠠᠯ᠎ᠠ ᠶᠢᠨ ᠥᠭᠡᠷᠡᠴᠢᠯᠡᠯᠲᠡ︾ ᠶᠢ ᠨᠡᠮᠡᠭᠳᠡᠭᠦᠯᠦᠨ᠂ ᠠᠵᠤ | ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠣᠷᠣᠢ ᠶᠢᠨ ᠬᠤᠭᠤᠰᠤᠨ ᠭᠠᠵᠠᠷ ᠢ ᠠᠰᠢᠭᠯᠠᠨ ᠲᠠᠷᠠᠬᠠᠢ ᠪᠤᠲᠠᠷᠬᠠᠢ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢ ᠬᠥᠭᠵᠢᠭᠦᠯᠬᠦ ᠶᠢ ᠳᠡᠮᠵᠢᠵᠦ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠪᠡᠶᠡᠯᠡᠭᠦᠯᠦᠨ᠂ ᠪᠥᠬᠦ ᠵᠢᠯ ᠤᠨ ᠠᠭᠠᠷ ᠤᠨ ᠶᠠᠰᠤ | ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90.4% ᠠᠴᠠ ᠳᠡᠭᠡᠭᠰᠢ ᠳᠤ ᠬᠦᠷᠦᠭᠦᠯᠦᠨ᠎ᠡ᠃ | ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠦᠷᠭᠦᠯᠵᠢᠯᠡᠨ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ᠂ ︽ᠨᠣᠷᠮ᠎ᠠ ᠲᠣᠭᠲᠠᠭᠠᠨ ᠬᠠᠮᠢᠶᠠᠷᠬᠤ᠂ ᠬᠡᠲᠦᠷᠡᠭᠦᠯᠦᠨ ᠬᠡᠷᠡᠭᠯᠡᠬᠦ ᠳᠤ ᠦᠨ᠎ᠡ ᠨᠡᠮᠡᠬᠦ | ︾ ᠲᠠᠷᠢᠶᠠᠯᠠᠩ ᠤᠨ ᠬᠡᠷᠡᠭᠯᠡᠬᠦ ᠤᠰᠤᠨ ᠤ ᠱᠠᠲᠤᠯᠢᠭ ᠬᠡᠯᠪᠡᠷᠢ ᠶᠢᠨ ᠤᠰᠤᠨ ᠤ ᠦᠨ᠎ᠡ ᠶᠢ ᠬᠡᠷᠡᠭᠵᠢᠭᠦᠯᠵᠦ᠂ ᠤᠰᠤᠯᠠᠯᠲᠠ ᠳᠤ | ᠬᠡᠷᠡᠭᠯᠡᠬᠦ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠮᠠᠯ ᠤᠨ | ᠲᠠᠯᠠᠪᠠᠶ ᠶᠢ 0.5 ᠲᠦᠮᠡᠨ ᠮᠦ ᠪᠠᠭᠠᠰᠬᠠᠵᠤ᠂ ᠭᠠᠩ ᠳᠤ ᠲᠡᠰᠪᠦᠷᠢᠲᠡᠢ ᠴᠢᠨᠠᠷ ᠰᠠᠶᠢᠲᠠᠢ ᠲᠠᠷᠢᠮᠠᠯ ᠤᠨ ᠲᠠᠷᠢᠮᠠᠯ ᠤᠨ | ᠲᠠᠯᠠᠪᠠᠶ ᠶᠢ 20 ᠲᠦᠮᠡᠨ ᠮᠦ ᠥᠷᠭᠡᠳᠬᠡᠨ ᠳᠠᠷᠢᠵᠤ᠂ ᠭᠠᠵᠠᠷ ᠳᠣᠣᠷᠠᠬᠢ ᠤᠰᠤᠨ ᠤ ᠤᠰᠤᠨ ᠲᠦᠪᠰᠢᠨ ᠤ ᠠᠯᠬᠤᠮ | ᠠᠯᠬᠤᠮ ᠢᠶᠠᠷ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠤᠰᠤᠨ ᠳᠤ ᠬᠤᠯᠪᠣᠭᠳᠠᠬᠤ ᠠᠵᠤ | ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠵᠤ ᠠᠬᠤᠶᠢᠯᠠᠯ ᠠᠴᠠ | ᠪᠤᠰᠤᠳ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠠᠷᠠᠳ ᠨᠡᠶᠢᠲᠡ ᠶᠢᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ ᠬᠤᠲᠠ | ᠪᠠᠯᠭᠠᠰᠤ᠂ ᠤᠰᠤ ᠠᠷᠪᠢᠯᠠᠬᠤ ᠠᠵᠤ ᠠᠬᠤᠶᠢᠯᠠᠯ᠂ ᠤᠰᠤ ᠠᠷᠪᠢᠯᠠᠬᠤ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠴᠢᠩᠭ᠎ᠠ | ᠬᠡᠷᠡᠭᠵᠢᠭᠦᠯᠵᠦ᠂ ᠭᠤᠣᠯ ᠤᠨ ᠵᠠᠮ ᠢ ᠵᠠᠰᠠᠬᠤ ᠪᠠ ᠯᠠᠶᠢᠳᠠᠬᠤ ᠠᠵᠢᠯ ᠢ ᠴᠢᠩᠭᠠᠳᠬᠠᠨ᠂ ᠭᠤᠣᠯ ᠤᠨ ᠵᠠᠮ ᠠᠴᠠ ᠡᠯᠡᠰᠦ | ᠮᠠᠯᠲᠠᠬᠤ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠤᠢ ᠰᠢᠭᠤᠢ ᠡᠪᠡᠰᠦ ᠪᠡᠯᠴᠢᠭᠡᠷ᠂ ᠬᠥᠷᠥᠰᠥ ᠰᠢᠷᠣᠢ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠣᠶ | ᠰᠢᠭᠤᠢ ᠡᠪᠡᠰᠦ ᠪᠡᠯᠴᠢᠭᠡᠷ ᠤᠨ ᠤᠷᠭᠤᠯᠲᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠥᠮᠥᠨ ᠤ ᠬᠦᠴᠦ ᠪᠠᠷ | ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠮᠠᠭᠤᠳᠠᠭᠰᠠᠨ ᠣᠶ ᠶᠢ ᠰᠠᠯᠭᠠᠨ ᠰᠡᠷᠭᠦᠭᠡᠬᠦ᠂ | ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ 8.5 ᠲᠦᠮᠡᠨ ᠮᠦ ᠲᠥᠷᠥᠯ ᠵᠦᠢᠯ ᠢ | ᠬᠡᠷᠡᠭᠵᠢᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠢ᠂ ᠨᠤᠲᠤᠭ ᠪᠡᠯᠴᠢᠭᠡᠷ᠂ ᠨᠤᠭᠤ | ᠭᠠᠵᠠᠷ᠂ ᠤᠰᠤᠨ ᠴᠣᠭᠴᠠ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠲᠤᠰᠬᠠᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠥᠷᠨᠢᠭᠦᠯᠵᠦ᠂ | ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠡᠭᠡᠭᠡᠨ ᠠᠰᠢᠭᠯᠠᠵᠤ᠂ | ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠲᠦᠷᠭᠡᠳᠬᠡᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ | ᠴᠢᠩᠭ᠎ᠠ ᠬᠢᠵᠠᠭᠠᠷᠯᠠᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠶᠢ ᠵᠡᠷᠭᠡᠪᠡᠷ ᠪᠠᠭᠤᠷᠠᠭᠤᠯᠵᠤ᠂ | ᠬᠠᠶᠠᠭᠳᠠᠮᠠᠯ ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠪᠤᠴᠠᠭᠠᠨ ᠬᠤᠷᠢᠶᠠᠬᠤ ᠨᠤᠷᠮ᠎ᠠ ᠶᠢ 85% ᠠᠴᠠ | ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ︽ᠡᠷᠭᠢᠵᠦ ᠪᠠᠶᠢᠴᠠᠭᠠᠬᠤ︾ | ᠶᠢ ᠢᠯᠭᠠᠷᠠᠭᠤᠯᠤᠨ ᠴᠡᠭᠴᠡᠯᠡᠬᠦ ᠪᠠ ᠠᠭᠤᠷᠬᠠᠢ ᠶᠢᠨ ᠭᠠᠵᠠᠷ ᠤᠨ ᠣᠷᠴᠢᠨ ᠠᠬᠤᠢ ᠶᠢ ᠬᠠᠮᠠᠭᠠᠯᠠᠬᠤ ᠠᠵᠢᠯ ᠢ | ᠴᠢᠩᠭᠠᠳᠬᠠᠵᠤ᠂ 182.78 ᠾᠧᠺᠲ᠋ᠠᠷ ᠬᠠᠶᠠᠭᠳᠠᠮᠠᠯ ᠮᠠᠯᠲᠠᠮᠠᠯ ᠤᠨ ᠨᠦᠬᠡ ᠶᠢ ᠵᠠᠰᠠᠬᠤ ᠠᠵᠢᠯ ᠢ ᠲᠦᠷᠭᠡᠪᠴᠢᠯᠡᠨ | ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ | ᠠᠬᠤᠢ ᠶᠢᠨ ᠬᠠᠮᠠᠭᠠᠯᠠᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢᠨ ᠲᠣᠥᠷᠵᠢᠭᠤᠯᠤᠭᠰᠠᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠᠨ | ᠣᠳᠣᠬᠢᠴᠢᠯᠠᠯᠲᠠ ᠬᠤᠶᠠᠷ ᠬᠤᠪᠢ ᠨᠢᠭᠡ ᠶᠢ ᠴᠢᠩᠭᠠᠷᠠᠭᠤᠯᠬᠤ︾ ᠬᠤᠣᠰ ᠲᠠᠰᠢᠷᠠᠮ ᠤᠨ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ︽ᠶᠡᠭᠡ ᠪᠠᠷ ᠬᠤᠯᠪᠤᠭᠠᠯᠠᠨ ᠬᠥᠳᠡᠯᠦᠯᠴᠡᠬᠦ︾ ᠶᠢ ᠪᠣᠶ ᠪᠣᠯᠭᠠᠵᠤ᠂ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠬᠦ ᠶᠢ ︽ᠥᠴᠥᠬᠡᠨ ᠴᠦ ᠠᠭᠤᠴᠢᠯᠠᠬᠤ ᠦᠭᠡᠢ︾ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠠᠵᠤ ᠠᠬᠤᠶᠢᠯᠠᠯ᠂ ᠬᠥᠳᠡᠭᠡ ᠲᠣᠰᠬᠤᠨ ᠤ ᠣᠷᠴᠢᠨ ᠠᠬᠤᠢ ᠶᠢᠨ ᠶᠠᠰᠤ ᠴᠢᠨᠠᠷ ᠤᠨ ᠬᠢᠨᠠᠨ ᠬᠡᠮᠵᠢᠯᠲᠡ ᠶᠢ | ᠪᠦᠬᠦ ᠲᠠᠯ᠎ᠠ ᠪᠠᠷ ᠴᠢᠩᠭᠠᠳᠬᠠᠵᠤ᠂ ᠣᠷᠴᠢᠨ ᠠᠬᠤᠢ ᠶᠢᠨ ᠬᠢᠨᠠᠨ ᠬᠡᠮᠵᠢᠯᠲᠡ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ | ᠵᠢᠷᠤᠮᠵᠢᠭᠤᠯᠤᠯᠲᠠ ᠵᠢᠨᠲ᠋ᠣᠭᠲᠠᠮᠠᠯ ᠬᠤᠭᠤᠴᠠᠭ᠎ᠠ ᠲᠠᠢ ᠪᠠᠷ ᠠᠮᠢ ᠠᠬᠤᠢ ᠶᠢᠨ ᠣᠷᠴᠢᠨ ᠨᠥᠬᠦᠴᠡᠯ ᠤᠨ ᠠᠰᠠᠭᠤᠳᠠᠯ ᠤᠨ ︽ | ᠡᠷᠭᠢᠵᠦ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠴᠡᠭᠴᠡᠯᠡᠨ ᠵᠠᠰᠠᠬᠤ ᠪᠠ ᠴᠡᠭᠴᠡᠯᠡᠨ ᠵᠠᠰᠠᠬᠤ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠤᠯᠤᠭ᠎ᠠ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠵᠣᠪᠠᠨᠢᠯ ᠢ | ᠠᠷᠢᠯᠭᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠴᠦᠯᠡᠨ ᠴᠢᠩᠭᠠᠳᠬᠠᠨ᠎ᠠ᠃ ᠡᠷᠡᠭᠦᠯ ᠴᠢᠭᠢᠷᠠᠭ | ᠬᠤᠸᠠᠳᠧ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠨᠡᠯᠭᠡ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠤᠣᠯᠳᠠᠯᠭ᠎ᠠ ᠲᠠᠢ ᠣᠨᠴᠠᠯᠢᠭᠲᠤ ᠰᠠᠯᠠᠭ᠎ᠠ ᠲᠠᠰᠤᠭ ᠢ ᠪᠣᠶ | ᠪᠣᠯᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠬᠦᠯᠵᠢᠯᠡᠨ ᠳᠡᠭᠡᠭᠰᠢᠯᠡᠭᠦᠯᠦᠨ᠎ᠡ᠃ ᠬᠡᠦᠬᠡᠳ ᠤᠨ | ᠰᠠᠯᠠᠭ᠎ᠠ ᠶᠢᠨ ᠶᠡᠷᠦᠩᠬᠡᠶᠢᠯᠡᠭᠰᠡᠨ ᠠᠰᠠᠷ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ | ᠭᠡᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ 120 | ᠲᠦᠷᠭᠡᠨ ᠠᠪᠤᠷᠠᠯᠳᠠ ᠶᠢᠨ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ︽ᠨᠠᠰᠤᠲᠠᠨ | ᠪᠣᠯᠤᠨ ᠨᠢᠯᠬᠠᠰ ︾ ᠤᠨ ᠡᠷᠡᠭᠦᠯ ᠮᠡᠨᠳᠦ ᠶᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠰᠠᠶᠢᠲᠤᠷ ᠬᠢᠵᠦ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠰᠣᠶᠣᠯ᠂ ᠨᠠᠰᠤᠲᠠᠶᠢᠴᠤᠳ ᠤᠨ ᠣᠷᠣᠰᠢᠨ ᠰᠠᠭᠤᠬᠤ ᠳᠤ | ᠲᠣᠬᠢᠷᠠᠮᠵᠢᠲᠠᠢ ᠨᠡᠶᠢᠭᠡᠮ ᠲᠣᠭᠤᠷᠢᠭ ᠪᠠ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠯᠢᠶᠠᠨ ᠳ᠋ᠧ ᠨᠠᠰᠤᠵᠢᠯ ᠤᠨ ᠠᠰᠠᠷᠠᠮᠵᠢ ᠶᠢᠨ ᠲᠥᠪ ᠤᠨ ᠰᠤᠪᠢᠯᠠᠬᠤ᠂ ᠡᠷᠡᠭᠦᠯᠵᠢᠭᠦᠯᠬᠦ ᠵᠡᠷᠭᠡ | ᠦᠢᠯᠡᠴᠢᠯᠡᠭᠡ ᠪᠠᠨ ᠳᠡᠭᠡᠭᠰᠢᠯᠡᠭᠦᠯᠬᠦ ᠶᠢ ᠳᠡᠮᠵᠢᠵᠦ᠂ ᠨᠠᠰᠤᠵᠢᠯ ᠤᠨ ᠵᠢᠱᠢᠶ᠎ᠡ ᠦᠵᠡᠭᠦᠯᠬᠦ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠡᠷ ᠣᠷᠤᠨ ᠪᠣᠯᠤᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ | ᠵᠣᠬᠢᠴᠠᠭᠤᠯᠬᠤ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ︽ᠭᠤᠷᠪᠠᠨ ᠬᠡᠦᠬᠡᠳ︾ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ | ᠥᠷᠨᠢᠭᠦᠯᠵᠦ᠂ ᠡᠷᠡᠭᠦᠯ ᠡᠩᠬᠡ ᠬᠤᠸᠠᠳᠧ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ ᠃ ᠰᠤᠷᠭᠠᠨ ᠬᠥᠮᠦᠵᠢᠯ ᠤᠨ | ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠭᠰᠢ ᠶᠢᠨ ᠮᠡᠷᠭᠡᠵᠢᠯ ᠤᠨ | ᠴᠣᠯᠠ ᠶᠢ ᠱᠠᠲᠤ ᠬᠤᠪᠢᠶᠠᠨ ᠤᠷᠢᠵᠤ ᠲᠣᠮᠢᠯᠠᠬᠤ ᠠᠵᠢᠯ ᠢ ᠪᠡᠶᠡᠯᠡᠭᠦᠯᠦᠨ᠎ᠡ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ | ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠳᠬᠤᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ | ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ | ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ︽ᠲᠠᠪᠤᠨ ᠵᠦᠢᠯ ᠤᠨ ᠬᠠᠮᠢᠶᠠᠷᠤᠯᠲᠠ︾ ︽ᠲᠤᠯᠤᠭᠠᠨ | ᠨᠢᠭᠡ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠤᠭᠴᠢᠳ ᠤᠨ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠵᠢᠷᠭᠤᠳᠤᠭᠠᠷ ᠬᠡᠦᠬᠡᠳ ᠤᠨ ᠴᠡᠴᠡᠷᠯᠢᠭ ᠢ | ᠡᠬᠢᠯᠡᠨ ᠪᠠᠶᠢᠭᠤᠯᠵᠤ᠂ ᠲᠤᠰᠬᠠᠢ ᠲᠤᠰᠢᠶᠠᠯ ᠤᠨ ᠰᠤᠷᠭᠠᠭᠤᠯᠢ ᠶᠢᠨ ᠪᠠᠲᠤᠯᠠᠭ᠎ᠠ ᠪᠠ ᠲᠤᠰᠬᠠᠢ ᠲᠤᠰᠢᠶᠠᠯ ᠤᠨ | ᠰᠤᠷᠭᠠᠭᠤᠯᠢ ᠶᠢᠨ ᠡᠮᠴᠢ ᠶᠢ ᠪᠦᠷᠢᠨ ᠭᠦᠢᠴᠡᠳ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠠᠵᠤ ᠠᠬᠤᠢ ᠶᠢᠨ | ᠬᠥᠭᠵᠢᠯᠲᠡ ᠶᠢᠨ ᠠᠵᠢᠯ ᠣᠯᠭᠤᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ᠲᠦᠷᠦ ᠶᠢᠨ ᠪᠣᠳᠣᠯᠭ᠎ᠠ ᠶᠢ ᠨᠠᠷᠢᠯᠢᠭ ᠣᠨᠤᠴᠢᠲᠠᠢ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ᠂ | ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠢᠯ ᠣᠯᠭᠤᠯᠲᠠ | ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠪᠠᠷ ᠨᠡᠩ ᠤᠯᠠᠨ ᠠᠵᠤ ᠠᠬᠤᠶᠢᠯᠠᠯ ᠪᠠ ᠤᠯᠠᠨ ᠲᠦᠮᠡᠨ ᠳᠤ ᠠᠰᠢᠭ | ᠬᠦᠷᠲᠡᠭᠡᠵᠦ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠣᠲᠤᠷ᠎ᠠ ᠬᠢᠵᠠᠭᠠᠷᠯᠠᠨ᠎ᠠ᠃ ︽ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠡᠶᠢᠭᠡᠮ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠨᠡᠶᠢᠭᠡᠮ ᠤᠨ ᠪᠠᠩᠬᠢ ᠶᠢ | ᠨᠢᠭᠡ ᠴᠣᠭᠴᠠᠵᠢᠭᠤᠯᠬᠤ︾ ᠠᠵᠢᠯᠯᠠᠭᠠᠨ ᠤ ᠭᠠᠷᠲᠠᠨ ᠭᠦᠢᠴᠡᠳᠬᠡᠬᠦ ᠵᠠᠭᠪᠤᠷ ᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ | ᠠᠪᠤᠷᠠᠨ ᠲᠤᠰᠠᠯᠠᠬᠤ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ | ᠲᠤᠰᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠪᠠ | ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠦᠨ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ | ᠪᠠᠲᠤᠯᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ | ᠣᠷᠣᠰᠢᠭᠤᠯᠭ᠎ᠠ ᠶᠢᠨ ᠭᠠᠵᠠᠷ᠂ ᠭᠠᠯ ᠢᠶᠠᠷ ᠳᠡᠭᠳᠡᠭᠡᠬᠦ ᠭᠠᠵᠠᠷ ᠪᠠ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠪᠢᠴᠢᠯ | ᠦᠢᠯᠡᠴᠢᠯᠡᠭᠡ︾ ᠪᠠᠷ ᠶᠡᠭᠡ ᠠᠷᠠᠳ ᠤᠨ ᠠᠮᠢᠳᠤᠷᠠᠯ ᠢ ᠢᠯᠡᠷᠡᠭᠦᠯᠬᠦ ᠶᠢ ᠨᠡᠩ ᠴᠢᠬᠤᠯᠠᠴᠢᠯᠠᠵᠤ᠂ ᠴᠢᠳᠠᠯ ᠤᠨ ᠬᠢᠷᠢ ᠪᠠᠷ ᠢᠶᠠᠨ | ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠢᠯᠡ ᠪᠠᠷ ᠴᠤᠭᠯᠠᠭᠤᠯᠤᠭᠰᠠᠨ ᠠᠰᠠᠭᠤᠳᠠᠯ ᠪᠠ ᠰᠠᠨᠠᠭᠤᠯᠭ᠎ᠠ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ 6 | ᠵᠦᠢᠯ ᠤᠨ ᠪᠣᠳᠠᠲᠤ ᠶᠠᠪᠤᠳᠠᠯ ᠢ ᠭᠤᠣᠯᠳᠠᠯᠭ᠎ᠠ ᠲᠠᠢ ᠪᠠᠷ ᠰᠣᠩᠭᠤᠨ ᠠᠪᠤᠨ᠎ᠠ᠃ ᠨᠢᠭᠡ ᠳᠤ ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠡᠬᠢᠯᠡᠨ ᠬᠡᠷᠡᠭᠯᠡᠵᠦ᠂ ᠰᠦᠢᠳᠬᠡᠯ ᠥᠯᠥ | ᠬᠤᠷᠢᠶᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 80 ᠳᠡᠯᠭᠡᠭᠦᠷ ᠠᠴᠠ ᠳᠤᠲᠠᠭᠤ ᠦᠭᠡᠢ᠂ 200 ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠠᠵᠢᠯ ᠤᠨ ᠪᠠᠶᠢᠷᠢ ᠠᠴᠠ ᠳᠤᠲᠠᠭᠤ ᠦᠭᠡᠢ ᠬᠠᠩᠭᠠᠨ᠎ᠠ᠃ ᠬᠤᠶᠠᠷ ᠲᠤ ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ ᠰᠢᠶᠠᠨ ᠤ ᠬᠤᠲᠠ ᠶᠢᠨ ᠦᠯᠡᠳᠡᠭᠡᠯ ᠰᠤᠯᠠ ᠪᠠᠶᠢᠭ᠎ᠠ ᠡᠬᠢ | ᠪᠠᠶᠠᠯᠢᠭ ᠢ ᠠᠰᠢᠭᠯᠠᠨ 200 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ | ᠪᠠᠶᠢᠭᠤᠯᠤᠨ᠎ᠠ᠃ ᠭᠤᠷᠪᠠ ᠳᠤ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ 9 ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ᠂ ᠰᠤᠯᠠ ᠪᠠᠶᠢᠬᠤ ᠭᠡᠷ | ᠪᠠᠶᠢᠰᠢᠩ ᠢ ᠥᠭᠡᠷᠡᠴᠢᠯᠡᠨ ᠪᠠᠶᠢᠭᠤᠯᠵᠤ ᠪᠡᠶ᠎ᠡ ᠤᠬᠢᠶᠠᠬᠤ ᠲᠠᠰᠤᠯᠭ᠎ᠠ᠂ ᠬᠤᠪᠴᠠᠰᠤ ᠤᠬᠢᠶᠠᠬᠤ ᠲᠠᠰᠤᠯᠭ᠎ᠠ᠂ ᠦᠰᠦ ᠵᠠᠰᠠᠬᠤ | ᠲᠠᠰᠤᠯᠭ᠎ᠠ᠂ ᠬᠤᠭᠤᠯᠠᠨ ᠭᠡᠷ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠨ᠎ᠡ᠃ ᠳᠥᠷᠪᠡ ᠳᠤ ᠂ ᠰᠥᠨᠢ ᠶᠢᠨ | ᠰᠢᠩᠭᠡᠯᠢᠭ ᠮᠠᠶ᠋ᠢᠭ ᠤᠨ ᠰᠠᠭᠰᠤᠨ ᠪᠥᠮᠪᠦᠭᠡ ᠶᠢᠨ ᠲᠠᠯᠠᠪᠠᠢ ᠶᠢ 3 ᠪᠠᠶᠢᠭᠤᠯᠵᠤ᠂ ᠰᠥᠨᠢ ᠶᠢᠨ ᠰᠢᠩᠭᠡᠯᠢᠭ ᠮᠠᠶ᠋ᠢᠭ ᠤᠨ ᠬᠥᠯ | ᠪᠥᠮᠪᠦᠭᠡ ᠶᠢᠨ ᠲᠠᠯᠠᠪᠠᠢ ᠶᠢ 1 ᠪᠠᠶᠢᠭᠤᠯᠤᠨ᠎ᠠ᠃ ᠲᠠᠪᠤ ᠳᠤ ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠢᠴᠢ ᠠᠵᠤ | ᠦᠢᠯᠡᠰ ᠤᠨ ᠵᠠᠮ ᠢ 40 ᠺᠢᠯᠣᠮᠧᠲᠷ ᠬᠡᠷᠡᠭᠵᠢᠭᠦᠯᠦᠨ᠎ᠡ᠃ ᠵᠢᠷᠭᠤᠭ᠎ᠠ ᠳᠤ ᠂ ᠦᠶᠡᠷ ᠢ ᠰᠡᠷᠭᠡᠶᠢᠯᠡᠬᠦ ᠡᠮᠦᠨ᠎ᠡ ᠲᠠᠯ᠎ᠠ ᠶᠢᠨ | ᠭᠤᠤ ᠭᠤᠣᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠵᠠᠰᠠᠭᠰᠠᠨ ᠤᠷᠲᠤ ᠶᠢᠨ ᠬᠡᠮᠵᠢᠶ᠎ᠡ ᠨᠢ 9 ᠺᠢᠯᠣᠮᠧᠲᠷ᠂ ᠦᠶᠡᠷ ᠢ | ᠰᠡᠷᠭᠡᠶᠢᠯᠡᠬᠦ ᠭᠤᠤ ᠪᠠ ᠴᠠᠷᠳᠠᠮᠠᠯ ᠵᠠᠮ ᠢ 4.44 ᠺᠢᠯᠣᠮᠧᠲᠷ ᠵᠠᠰᠠᠵᠤ᠂ 7 ᠰᠠᠭᠤᠷᠢ ᠬᠥᠭᠦᠷᠭᠡ ᠶᠢ ᠪᠦᠲᠦᠭᠡᠨ ᠪᠠᠶᠢᠭᠤᠯᠤᠨ᠎ᠠ | ᠃ | ᠨᠠᠢᠮᠠ᠂ ᠬᠦᠴᠦᠨ ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠵᠤ᠂ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠬᠢᠷᠠᠭᠤᠯᠤᠯᠲᠠ ᠪᠠ ᠬᠡᠰᠡᠭ ᠬᠤᠪᠢᠷᠠᠭᠤᠯᠤᠯᠲᠠ ᠶᠢ ᠰᠠᠶᠢᠲᠤᠷ | ᠬᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠳᠠ ᠶᠢᠨ ᠵᠠᠰᠠᠭ ᠤᠨ | ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠬᠠᠷᠭᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ | ᠨᠠᠰᠤᠲᠠᠶᠢᠴᠤᠳ ᠤᠨ ᠤᠯᠠᠨ ᠲᠦᠮᠡᠨ ᠤ ᠸᠠᠺᠼᠢᠨ ᠤ ᠲᠠᠷᠢᠯᠭ᠎ᠠ ᠬᠢᠬᠦ ᠶᠢ ᠴᠢᠩᠭᠠᠳᠬᠠᠵᠤ᠂ ᠡᠮᠨᠡᠨ ᠵᠠᠰᠠᠬᠤ ᠡᠮ ᠤᠨ | ᠵᠦᠢᠯᠡᠰ ᠢ ᠭᠦᠢᠴᠡᠳ ᠪᠡᠯᠡᠳᠬᠡᠵᠦ᠂ ᠰᠢᠨ᠎ᠡ ᠡᠪᠡᠳᠴᠢᠲᠡᠨ ᠢ ᠠᠪᠤᠷᠠᠨ ᠵᠠᠰᠠᠬᠤ ᠪᠠ ᠡᠳᠦᠷ ᠲᠤᠳᠤᠮ ᠤᠨ ᠡᠮ ᠡᠮᠨᠡᠯᠭᠡ ᠶᠢᠨ | ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠷᠡᠭᠦᠯ | ᠮᠡᠨᠳᠤ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ | ᠨᠡᠮᠡᠭᠳᠡᠯ ᠤᠨ ᠲᠦᠭᠰᠢᠭᠦᠷᠢ ᠶᠢ ᠰᠡᠷᠭᠡᠶᠢᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠤᠨ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠪᠥᠭᠡᠳ | ᠡᠮᠬᠢ ᠵᠢᠷᠤᠮ ᠲᠠᠢ ᠪᠠᠷ ᠠᠷᠢᠯᠭᠠᠵᠤ᠂ ᠪᠥᠬᠦ ᠵᠢᠯ ᠳᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ 5.25 | ᠳ᠋ᠦᠩᠰᠢᠭᠤᠷ ᠲᠥᠭᠦᠷᠢᠭ ᠠᠷᠢᠯᠭᠠᠵᠤ᠂ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ | ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ | ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠥᠷᠢ ᠶᠡᠬᠡᠲᠡᠢ ᠣᠷᠣᠨ ᠰᠠᠭᠤᠴᠠ ᠶᠢᠨ ᠠᠵᠤ ᠠᠬᠤᠶᠢᠯᠠᠯ ᠤᠨ ᠭᠡᠷ᠎ᠡ ᠪᠠᠨ | ᠭᠦᠢᠴᠡᠳᠬᠡᠬᠦ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠶᠤᠯᠭᠦᠢ ᠶᠢᠨ ᠲᠠᠯᠳᠠ ᠭᠡᠮ ᠢ ᠴᠠᠭ ᠲᠤᠬᠠᠢ ᠳᠤᠨᠢ | ᠠᠷᠢᠯᠭᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠦᠢᠯ ᠡᠮ ᠤᠨ ᠵᠦᠢᠯ ᠤᠨ | ᠠᠮᠤᠷ ᠲᠦᠪᠰᠢᠨ ᠪᠠ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠵᠠᠷ ᠬᠥᠳᠡᠯᠦᠯᠲᠡ ᠵᠢᠴᠢ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ | ᠵᠠᠰᠠᠬᠤ ᠵᠡᠷᠭᠡ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯᠴᠢᠨ | ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠠᠷᠭ᠎ᠠ ᠵᠠᠮ ᠢ | ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ | ᠲᠣᠪᠣᠶᠢᠮ᠎ᠠ ᠰᠠᠶᠢᠲᠤᠷ ᠠᠳᠬᠤᠨ᠎ᠠ᠃ ︽ᠠᠮᠤᠷ ᠠᠮᠤᠭᠤᠯᠠᠩ ᠬᠤᠸᠠᠳᠧ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠤᠷ ᠲᠦᠪᠰᠢᠨ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ︽ᠬᠤᠶᠠᠷ ᠮᠥᠩᠭᠦ | ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠴᠡᠷᠢᠭ ᠢ | ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠭᠠᠷ ᠤᠨ | ᠰᠡᠷᠭᠡᠶᠢᠯᠡᠯᠲᠡ᠂ ᠳᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠴᠢᠩᠭᠠᠳᠬᠠᠨ᠎ᠠ | ᠲᠥᠯᠥᠭᠡᠯᠡᠭᠴᠢᠳ ᠠ᠋ ︕ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠳᠤ᠂ ᠪᠢᠳᠡ | ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠯᠡᠵᠦ᠂ | ᠡᠷᠡᠰ ᠭᠤᠶᠢᠪᠢᠰᠢ ᠦᠭᠡᠢ ᠪᠠᠷ ︽ᠬᠤᠶᠠᠷ ᠢ ᠲᠣᠭᠲᠠᠭᠠᠬᠤ︾ᠦᠨᠡᠨᠴᠢ ᠰᠢᠳᠤᠷᠭᠤ ᠬᠦᠷᠢᠶᠡᠯᠡᠭᠴᠢ᠂︽ᠬᠤᠶᠠᠷ ᠢ ᠬᠠᠮᠠᠭᠠᠯᠠᠬᠤ︾ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠤᠭᠴᠢ ᠪᠣᠯᠤᠨ᠎ᠠ᠃ ᠲᠥᠪ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠡᠷᠡᠰ | ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ | ᠳᠦᠷᠢᠮ ᠢ ᠴᠢᠩᠭ᠎ᠠ ᠬᠡᠷᠡᠭᠵᠢᠭᠦᠯᠦᠨ᠎ᠡ ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠵᠣᠭᠰᠣᠯᠲᠠ ᠪᠠᠲᠤ᠂ ᠲᠤᠭ ᠲᠡᠮᠳᠡᠭ | ᠲᠣᠳᠣᠷᠬᠠᠢ ᠪᠠᠶᠢᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠠᠷᠢᠮᠲᠠᠯᠠᠨ᠎ᠠ ᠃ ᠬᠠᠤᠯᠢ ᠪᠠᠷ ᠵᠠᠰᠠᠬᠤ ᠶᠢ ᠡᠷᠬᠢᠮᠯᠡᠬᠦ᠂ ᠬᠠᠤᠯᠢ | ᠴᠠᠭᠠᠵᠠ ᠶᠢ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠡᠷᠭᠡ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ | ᠬᠡᠷᠡᠭ ᠤᠨ ᠳᠠᠷᠠᠭ᠎ᠠ ᠦᠨᠡᠯᠡᠬᠦ ᠳᠦᠷᠢᠮ ᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠵᠢᠨᠡᠯ᠎ᠡ ᠲᠠᠯ᠎ᠠ ᠶᠢᠨ ᠬᠢᠨᠠᠯᠲᠠ ᠶᠢ ᠨᠡᠩ | ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠪᠣᠯᠭᠠᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠨ᠎ᠠ ᠃ ᠦᠷ᠎ᠡ ᠪᠦᠲᠦᠮᠵᠢ ᠶᠢ ᠡᠷᠬᠢᠮᠯᠡᠬᠦ᠂ | ᠨᠠᠶᠢᠳᠠᠪᠤᠷᠢᠵᠢᠭᠤᠯᠤᠯᠲᠠ ᠶᠢᠨ ᠤᠳᠤᠷᠢᠳᠤᠮᠵᠢ ᠶᠢ ᠠᠳᠬᠤᠬᠤ ᠶᠢ ᠲᠤᠪᠤᠶᠢᠯᠭᠠᠵᠦ᠂ ᠪᠦᠬᠦ ᠬᠦᠴᠦᠨ ᠢᠶᠠᠷ ᠢᠶᠠᠨ ᠲᠦᠷᠦ ᠶᠢᠨ | ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠪᠤᠯᠢᠶᠠᠯᠳᠤᠵᠤ᠂ ᠤᠴᠢᠷ ᠶᠠᠪᠤᠳᠠᠯ ᠳᠤ ᠠᠶᠤᠯ ᠦᠭᠡᠢ ᠪᠠᠶᠢᠵᠤ᠂ ᠡᠯ᠎ᠡ ᠵᠦᠢᠯ ᠤᠨ | ᠠᠵᠢᠯ ᠤᠨ ᠳᠤᠮᠳᠠ ᠡᠮᠦᠨ᠎ᠡ ᠡᠩᠨᠡᠭᠡᠨ ᠳᠤ ᠶᠠᠪᠤᠵᠤ᠂ ᠪᠣᠳᠠᠲᠠᠢ ᠠᠵᠢᠯᠯᠠᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ | ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ | ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠡᠷᠡᠰ ᠰᠢᠢᠳᠪᠦᠷᠢᠯᠡᠵᠦ᠂ ︽ᠣᠶᠢᠯᠠᠭᠠᠬᠤ | ᠰᠡᠳᠬᠢᠬᠦᠢ︾ ᠶᠢ ᠶᠡᠭᠡ ᠪᠠᠷ ᠳᠡᠯᠭᠡᠷᠡᠭᠦᠯᠵᠦ᠂ ᠨᠡᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠪᠠ | ᠤᠯᠠᠨ ᠲᠦᠮᠡᠨ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ︽ᠭᠠᠮᠨᠠᠨ ᠠᠮᠢᠳᠤᠷᠠᠬᠤ︾ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠩ | ᠤᠯᠠᠨ ᠪᠡᠯᠡ ᠮᠥᠩᠭᠦ ᠶᠢ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠳᠤ ᠬᠡᠷᠡᠭᠯᠡᠵᠦ᠂ ᠵᠠᠰᠠᠭ ᠤᠨ ᠣᠷᠳᠣᠨ ᠤ | ︽ᠭᠠᠮᠨᠠᠨ ᠠᠮᠢᠳᠤᠷᠠᠬᠤ︾ ᠪᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠬᠤ ᠬᠡᠷᠡᠭᠲᠡᠢ ︕ | ᠲᠥᠯᠥᠭᠡᠯᠡᠭᠴᠢᠳ ᠠ᠋᠂ ᠰᠢᠨ᠎ᠡ ᠠᠶᠠᠨ ᠵᠠᠮ ᠬᠥᠮᠥᠰ ᠢ ᠡᠷᠡᠯᠬᠡᠭᠯᠡᠨ ᠤᠷᠤᠭᠰᠢᠯᠠᠭᠤᠯᠤᠨ᠎ᠠ᠂ ᠰᠢᠨ᠎ᠡ ᠡᠭᠦᠷᠭᠡ | ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ | ᠪᠥᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ᠂ ᠥᠷᠯᠥᠭᠡ | ᠦᠳᠡᠰᠢ ᠶᠢ ᠲᠡᠮᠡᠴᠡᠨ᠂ ᠦᠨᠡᠨ ᠪᠣᠳᠠᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ | ᠬᠤᠸᠠᠳᠧ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |