ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠨᠠᠷ ᠨᠠᠨᠵᠢᠩ ᠤᠨ ᠭᠠᠩ ᠹᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/13
   2 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠨᠠᠷ ᠨᠠᠨᠵᠢᠩ ᠤᠨ ᠭᠠᠩ ᠹᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · ᠴᠢᠯᠠᠭᠤ ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠵᠢᠴᠢ ᠲᠥᠪ ᠤᠨ ᠠᠵᠢᠯᠲᠠᠳ ᠬᠠᠮᠲᠤ ᠰᠢᠨᠵᠢᠯᠡᠨ ᠪᠠᠶᠢᠴᠠᠭᠠᠪᠠ᠃

001.jpg

   ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠴᠧᠨ ᠰᠢ ᠡᠩ ᠲᠡᠷᠢᠭᠦᠨ ᠳᠤ ᠬᠤᠸᠠᠳᠧ ᠰᠢᠶᠠᠨ ᠤ ᠬᠥᠮᠥᠰ ᠤᠨ

ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠳᠠᠷᠠᠭ᠎ᠠ ᠨᠢ ᠠᠵᠤ

ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠣᠶᠢᠯᠠᠭᠠᠭᠳᠠᠬᠤᠨ᠂ ᠬᠠᠮᠢᠶᠠᠷᠤᠯᠲᠠ ᠶᠢᠨ ᠵᠠᠭᠪᠤᠷ

ᠵᠡᠷᠭᠡ ᠶᠢ ᠲᠣᠭᠤᠷᠢᠨ ᠦᠵᠡᠭᠰᠡᠨ ᠪᠥᠭᠡᠳ ᠲᠠᠨᠢᠯᠴᠠᠭᠤᠯᠪᠠ᠂ ᠯᠢᠦ ᠴᠧᠨ ᠰᠢ ᠢᠯᠡᠳᠬᠡᠬᠦ ᠳᠡᠭᠡᠨ᠂ ᠭᠠᠩ ᠹᠧᠩ ᠠᠵᠤ

ᠦᠢᠯᠡᠰ ᠪᠣᠯ ᠪᠣᠯᠣᠳ ᠮᠠᠲ᠋ᠧᠷᠢᠶᠠᠯ ᠪᠣᠯᠣᠨ ᠶᠡᠭᠡ ᠬᠡᠮᠵᠢᠶᠡᠨ ᠤ ᠲᠦᠭᠦᠬᠡᠢ ᠲᠦᠯᠡᠰᠢ ᠶᠢᠨ ᠪᠣᠷᠤᠯᠠᠭᠤᠯᠭ᠎ᠠ᠂ ᠬᠥᠮᠥᠷᠭᠡ᠂

ᠪᠣᠯᠪᠠᠰᠤᠷᠠᠭᠤᠯᠤᠯᠲᠠ᠂ ᠪᠠᠷᠠᠭᠠᠨ ᠤ ᠭᠦᠢᠯᠭᠡᠭᠡ᠂ ᠵᠣᠴᠢᠳ ᠤᠨ ᠪᠠᠭᠤᠳᠠᠯ ᠢ ᠨᠢᠭᠡ ᠴᠣᠭᠴᠠᠵᠢᠭᠤᠯᠤᠭᠰᠠᠨ

ᠶᠡᠷᠦᠩᠬᠡᠶᠢᠯᠡᠭᠰᠡᠨ ᠴᠢᠨᠠᠷᠲᠠᠢ ᠪᠦᠯᠦᠭᠯᠡᠯ ᠺᠣᠮᠫᠠᠨᠢ ᠪᠣᠯᠣᠨ᠎ᠠ᠃ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ

ᠰᠣᠯᠢᠯᠴᠠᠭ᠎ᠠ ᠪᠠᠷ ᠳᠠᠮᠵᠢᠨ᠂ ᠬᠤᠶᠠᠷ ᠲᠠᠯ᠎ᠠ ᠶᠢᠨ ᠣᠶᠢᠯᠠᠭᠠᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ

ᠬᠦᠰᠡᠵᠦ ᠪᠠᠶᠢᠨ᠎ᠠ ᠭᠡᠪᠡ᠃

   ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠠᠵᠤ ᠠᠬᠤᠶᠢᠯᠠᠯ ᠤᠨ

ᠬᠠᠷᠢᠭᠤᠴᠠᠯᠭᠠᠲᠠᠨ ᠳᠤ ᠬᠤᠸᠠᠳᠧ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠲᠡᠦᠬᠡ ᠰᠣᠶᠣᠯ᠂ ᠡᠬᠢ

ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ

ᠲᠠᠯ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠂ ᠣᠨᠴᠠᠭᠠᠶᠢᠯᠠᠨ ᠬᠤᠸᠠᠳᠧ ᠰᠢᠶᠠᠨ ᠤ ᠵᠠᠮ ᠬᠠᠷᠢᠯᠴᠠᠭᠠᠨ ᠤ ᠣᠷᠣᠨ

ᠪᠠᠶᠢᠷᠢ ᠶᠢᠨ ᠳᠠᠪᠠᠭᠤᠯᠢᠭ ᠢ ᠲᠠᠨᠢᠯᠴᠠᠭᠤᠯᠪᠠ᠂ ᠡᠨᠡ ᠨᠢ ᠪᠠᠰᠠ︽ᠠᠷᠪᠠᠨ ᠲᠠᠪᠤᠨ ᠤ ᠰᠠᠷᠠ︾ᠭᠡᠬᠦ ᠳᠠᠭᠤᠤ ᠶᠢᠨ

ᠠᠩᠬᠠᠨ ᠤ ᠡᠭᠦᠳᠦᠯᠲᠡ ᠶᠢᠨ ᠭᠠᠵᠠᠷ ᠪᠣᠯᠣᠨ᠎ᠠ᠃ ᠡᠭᠦᠨ ᠤ ᠬᠠᠮᠲᠤ ᠠᠵᠤ ᠠᠬᠤᠶᠢᠯᠠᠯ ᠢ ᠬᠤᠸᠠᠳᠧ  ᠳᠤ ᠬᠦᠷᠴᠦ

ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠤᠷᠢᠵᠤ᠂ ᠬᠠᠮᠲᠤᠷᠠᠯᠴᠠᠭᠠᠨ ᠤ

ᠰᠠᠨᠠᠮᠵᠢ ᠲᠠᠢ ᠪᠣᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ 

ᠭᠡᠪᠡ᠃

   ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠳᠠᠪᠠᠭᠤᠯᠢᠭ ᠪᠣᠯᠣᠨ ᠡᠬᠢ ᠪᠠᠶᠠᠯᠢᠭ ᠲᠠᠭᠠᠨ ᠳᠠᠬᠢᠨᠲᠠ ᠰᠠᠨᠠᠯ ᠢᠶᠠᠨ

ᠰᠣᠯᠢᠯᠴᠠᠵᠤ᠂ ᠭᠠᠩ ᠹᠧᠩ ᠪᠦᠯᠦᠭᠯᠡᠯ ᠲᠠᠢ ᠭᠦᠨᠵᠡᠭᠡᠢ ᠬᠠᠮᠲᠤᠷᠠᠯᠴᠠᠬᠤ ᠶᠢ ᠬᠦᠰᠡᠵᠦ ᠪᠠᠶᠢᠨ᠎ᠠ᠂ ᠰᠢᠶᠠᠨ ᠤ ᠨᠠᠮ ᠤᠨ

ᠬᠤᠷᠢᠶ᠎ᠠ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠵᠤ᠂ ᠪᠡᠯᠡ ᠣᠷᠣᠭᠤᠯᠬᠤ ᠢᠲᠡᠭᠡᠯ ᠲᠠᠢ ᠠᠵᠤ

ᠠᠬᠤᠶᠢᠯᠠᠯ ᠢ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠭᠤᠯᠵᠤ᠂ ᠨᠡᠩ ᠶᠡᠭᠡ ᠥᠷᠢᠰᠦᠯᠳᠦᠬᠦ ᠬᠦᠴᠦᠨ

ᠪᠣᠯᠣᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠢ ᠠᠰᠢᠭ ᠲᠤᠰᠠ ᠶᠢᠨ ᠬᠠᠮᠲᠤ ᠶᠢᠨ ᠴᠣᠭᠴᠠ ᠶᠢ

ᠪᠦᠷᠢᠯᠳᠦᠭᠦᠯᠬᠦ ᠢᠲᠡᠭᠡᠯ ᠲᠠᠢ ᠪᠠᠶᠢᠨ᠎ᠠ᠃

ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠰᠠ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠬᠤᠸᠠᠳᠧ ᠰᠢᠶᠠᠨ ᠳᠤ

ᠣᠴᠢᠭᠤᠯᠤᠨ ᠭᠦᠨᠵᠡᠭᠡᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠵᠦ᠂ 

ᠬᠤᠸᠠᠳᠧ  ᠳᠤ ᠪᠡᠯᠡ ᠣᠷᠣᠭᠤᠯᠤᠨ ᠦᠢᠯᠡᠰ ᠪᠣᠰᠬᠠᠬᠤ ᠪᠠᠷ ᠴᠢᠷᠮᠠᠶᠢᠨ᠎ᠠ ᠭᠡᠵᠦ ᠲᠣᠳᠣᠷᠬᠠᠢ ᠢᠯᠡᠳᠬᠡᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2