ᠮᠠᠨ ᠤ ᠰᠢᠶᠠᠨ ᠨᠠᠨᠵᠢᠩ ᠳᠤ ᠬᠥᠬᠡᠮᠥ᠋ᠷᠡᠨ ᠤ ᠭᠤᠷᠪᠠᠯᠵᠢᠨ ᠬᠤᠶᠢᠭ︵ᠨᠠᠨᠵᠢᠩ︶ ᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/2/15
   ᠬᠤᠸᠠᠳᠧ ᠰᠢᠶᠠᠨ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠡᠬᠢ ᠪᠠᠶᠠᠯᠢᠭ ᠪᠣᠯᠣᠨ ᠠᠵᠤ ᠦᠢᠯᠡᠰ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠬᠤ ᠶᠢᠨ ᠲᠥᠯᠥᠭᠡ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢᠨ ᠲᠦᠯᠦᠭᠡ᠂ 2 ᠰᠠᠷ᠎ᠠ ᠶᠢᠨ 12  ᠤᠨ ᠦᠳᠡ ᠶᠢᠨ ᠬᠤᠶᠢᠨ᠎ᠠ᠂ ᠬᠤᠸᠠᠳᠧ ᠰᠢᠶᠠᠨ ᠵᠢᠶᠠᠩᠰᠤ ᠶᠢᠨ ᠨᠠᠨᠵᠢᠩ ᠳᠤ ᠬᠥᠬᠡᠮᠥ᠋ᠷᠡᠨ ᠤ ᠭᠤᠷᠪᠠᠯᠵᠢᠨ ᠬᠤᠶᠢᠭ︵ᠨᠠᠨᠵᠢᠩ︶ ᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠶᠠᠷᠢᠯᠴᠠᠬᠤ ᠬᠤᠷᠠᠯ ᠬᠢᠪᠡ᠃   ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠶᠠᠷᠢᠯᠴᠠᠬᠤ ᠬᠤᠷᠠᠯ ᠳᠤ ᠣᠷᠣᠯᠴᠠᠵᠤ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠵᠢᠴᠢ 16 ᠠᠵᠤ ᠠᠬᠤᠶᠢᠯᠠᠯ᠂ 5 ᠬᠤᠳᠠᠯᠳᠤᠭᠠᠴᠢᠳ ᠤᠨ ᠡᠪᠯᠡᠯ ᠶᠠᠷᠢᠯᠴᠠᠬᠤ ᠬᠤᠷᠠᠯ ᠳᠤ ᠣᠷᠣᠯᠴᠠᠪᠠ᠃
 1.png
  ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠦᠴᠢᠯᠠᠭᠤ ᠬᠤᠸᠠᠳᠧ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠰᠣᠶᠣᠯ ᠤᠨ ᠡᠬᠢ ᠪᠠᠶᠠᠯᠢᠭ ᠪᠣᠯᠣᠨ ᠠᠵᠤ ᠦᠢᠯᠡᠰ ᠤᠨ ᠪᠦᠲᠦᠴᠡ ᠵᠡᠷᠭᠡ ᠶᠢ ᠲᠠᠨᠢᠯᠴᠠᠭᠤᠯᠤᠭᠰᠠᠨ ᠪᠥᠭᠡᠳ ᠭᠤᠣᠯᠳᠠᠭᠤ ᠠᠯᠠᠰᠢᠨ ᠬᠤᠨᠢᠨ ᠤ ᠠᠵᠤ ᠦᠢᠯᠡᠰ᠂ ᠪᠠᠶᠢᠭᠠᠯᠢ ᠶᠢᠨ ᠡᠬᠢ ᠪᠠᠶᠠᠯᠢᠭ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠳᠠᠪᠠᠭᠤᠯᠢᠭ ᠪᠣᠯᠣᠨ ᠬᠤᠶᠢᠰᠢᠳᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠭᠤᠷᠢᠨ ᠳᠤ ᠲᠠᠨᠢᠯᠴᠠᠭᠤᠯᠵᠠᠢ᠃ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠨᠢ ᠲᠣᠰ ᠲᠣᠰ ᠤᠨ ᠠᠳᠠᠯ ᠦᠢᠯᠡᠰ ᠴᠣᠭᠴᠠᠯᠠᠭᠰᠠᠨ ᠠᠬᠤᠢ ᠪᠠᠶᠢᠳᠠᠯ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠵᠢᠴᠢ ᠲᠥᠷᠥᠯ ᠵᠦᠢᠯ ᠤᠨ ᠲᠥᠯᠦᠪᠵᠢᠭᠦᠯᠭᠡ ᠪᠠᠨ ᠲᠠᠨᠢᠯᠴᠠᠭᠤᠯᠤᠭᠰᠠᠨ ᠪᠥᠭᠡᠳ ᠲᠣᠰ ᠲᠣᠰ ᠤᠨ ᠳᠠᠪᠠᠭᠤᠯᠢᠭ ᠬᠤᠶᠠᠷ ᠲᠠᠯ᠎ᠠ ᠳᠤ ᠴᠢᠭᠯᠡᠭᠦᠯᠦᠨ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃   ᠵᠢᠶᠠᠩᠰᠤ ᠮᠤᠵᠢ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠶᠣᠣ ᠳ᠋ᠦᠩ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠲᠠᠨᠢᠯᠴᠠᠭᠤᠯᠭ᠎ᠠ ᠰᠣᠯᠢᠯᠴᠠᠭ᠎ᠠ ᠪᠠᠷ ᠲᠠᠮᠵᠢᠨ᠂  ᠬᠤᠸᠠᠳᠧ  ᠳᠤ ᠤᠯᠠᠮ ᠴᠢᠨᠠᠭᠰᠢᠳᠠ ᠰᠢᠨ᠎ᠡ ᠲᠠᠨᠢᠯᠲᠠ ᠲᠠᠢ ᠪᠣᠯᠪᠠ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠬᠢᠵᠦ ᠪᠣᠯᠬᠤ ᠲᠠᠯ᠎ᠠ ᠮᠠᠰᠢ ᠤᠯᠠᠨ ᠪᠠᠶᠢᠨ᠎ᠠ᠂ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠲᠠᠮᠵᠢᠨ ᠬᠤᠶᠠᠷ ᠭᠠᠵᠠᠷ ᠤᠨ ᠬᠠᠷᠢᠯᠴᠠᠭ᠎ᠠ ᠶᠢ ᠨᠡᠩ ᠰᠠᠶᠢᠨ ᠠᠬᠢᠭᠤᠯᠵᠤ᠂ ᠳᠠᠷᠠᠭᠠᠴᠢ ᠶᠢᠨ ᠬᠠᠮᠲᠤᠷᠠᠯᠴᠠᠭ᠎ᠠ ᠳᠤ ᠰᠠᠶᠢᠨ ᠰᠠᠭᠤᠷᠢ ᠲᠠᠯᠪᠢᠵᠤ ᠥᠭᠬᠦ ᠶᠢ ᠬᠦᠰᠡᠵᠦ ᠪᠠᠶᠢᠨ᠎ᠠ᠂ ᠪᠠᠰᠠ ᠠᠵᠤ ᠠᠬᠤᠶᠢᠯᠠᠯ ᠭᠠᠳᠠᠭᠰᠢ ᠭᠠᠷᠴᠤ ᠪᠠᠷᠠᠭᠤᠨ ᠬᠤᠶᠢᠲᠤ ᠶᠢᠨ ᠬᠥᠭᠵᠢᠯᠲᠡ ᠪᠠᠷ ᠪᠠᠷᠤᠭᠲᠠᠢ ᠭᠠᠵᠠᠷ ᠣᠷᠣᠨ ᠳᠤ ᠬᠦᠷᠴᠦ᠂ ᠲᠤᠬᠠᠢ ᠶᠢᠨ ᠭᠠᠵᠠᠷ ᠤᠨ ᠠᠵᠤ ᠠᠬᠤᠢ ᠲᠠᠢ ᠤᠶᠠᠯᠳᠤᠵᠤ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ
2.png
     ᠴᠠᠩ ᠳ᠋ᠠ ᠸᠧᠢ ᠶᠠᠷᠢᠶᠠᠨ ᠳᠠᠭᠠᠨ ᠯᠢ ᠰᠢᠶᠣᠣ ᠳ᠋ᠦᠩ ᠲᠣᠭᠤᠷᠢᠨ ᠪᠠᠶᠢᠴᠠᠭᠠᠭᠴᠢ ᠪᠣᠯᠣᠨ ᠣᠯᠠᠨ ᠠᠵᠤ ᠠᠬᠤᠶᠢᠯᠠᠯ ᠤᠨ ᠬᠤᠸᠠᠳᠧ ᠢ ᠬᠠᠯᠠᠮᠵᠢᠯᠠᠨ ᠬᠠᠶᠢᠷᠠᠯᠠᠭᠰᠠᠨ ᠳᠤ ᠲᠠᠯᠠᠷᠬᠠᠵᠤ ᠂ ᠲᠡᠷᠡ ᠬᠡᠯᠡᠬᠦ ᠳᠡᠭᠡᠨ᠂ ᠬᠤᠸᠠᠳᠧ  ᠶᠢᠨ ᠲᠡᠦᠬᠡ ᠰᠣᠶᠣᠯ ᠪᠣᠯ ᠥᠨᠢ ᠤᠳᠠᠭᠠᠨ ᠲᠡᠦᠬᠡ ᠲᠠᠢ ᠶᠤᠮ᠂ ︽ᠠᠷᠪᠠᠨ ᠲᠠᠪᠤᠨ ᠤ ᠰᠠᠷᠠ︾ ᠭᠡᠬᠦ ᠰᠣᠩᠭᠤᠳᠠᠭ ᠬᠤᠪᠢᠰᠬᠠᠯ ᠤᠨ ᠳᠠᠭᠤᠤ ᠶᠢᠨ ᠠᠩᠬᠠᠨ ᠤ ᠡᠭᠦᠳᠦᠯᠲᠡ ᠶᠢᠨ ᠭᠠᠵᠠᠷ ᠪᠣᠯᠬᠤ ᠪᠠᠷ ᠪᠠᠷᠠᠬᠤ ᠦᠭᠡᠢ᠂ ᠨᠠᠩ ᠴᠤ ᠣᠲᠣ  ᠠᠴᠠ 8600 ᠵᠢᠯ ᠤᠨ ᠡᠮᠦᠨᠡᠬᠢ ᠢᠦᠢ ᠮᠢᠨ ᠤ ᠰᠣᠶᠣᠯ ᠪᠠᠶᠢᠵᠤ᠂ ᠣᠨᠴᠠᠯᠢᠭᠲᠤ ᠠᠵᠤ ᠦᠢᠯᠡᠰ ᠤᠨ ᠠᠯᠠᠰᠢᠨ ᠬᠤᠨᠢ᠂ ᠥᠩᠭᠡ ᠦᠵᠡᠮᠵᠢ ᠵᠡᠷᠭᠡ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠂ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠬᠤᠸᠠᠳᠧ ᠶᠢ ᠲᠦᠯᠬᠢᠨ ᠭᠠᠷᠭᠠᠵᠤ᠂ ᠣᠯᠠᠨ ᠳᠤ ᠬᠤᠸᠠᠳᠧ ᠶᠢ ᠨᠠᠩ ᠢᠯᠡᠭᠦᠦ ᠣᠶᠢᠯᠠᠭᠠᠭᠤᠯᠵᠤ᠂ ᠴᠢᠩ ᠰᠡᠳᠬᠢᠯ ᠠᠴᠠ ᠪᠠᠨ ᠲᠠ ᠪᠦᠬᠦᠨ ᠢ ᠤᠷᠢᠵᠤ ᠬᠤᠸᠠᠳᠧ ᠳᠤ ᠲᠣᠭᠤᠷᠢᠨ ᠵᠢᠯᠣᠭᠤᠳᠤᠯᠭ᠎ᠠ᠂ ᠪᠡᠯᠡ ᠣᠷᠣᠭᠤᠯᠤᠯᠲᠠ ᠶᠢᠨ ᠦᠢᠯᠡᠰ ᠴᠣᠭᠴᠠᠯᠠᠬᠤ ᠶᠢ ᠬᠦᠰᠡᠵᠦ ᠪᠠᠶᠢᠨ᠎ᠠ ᠭᠡᠵᠡᠢ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2