ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠦᠯᠬᠦᠮ ᠳᠠᠭᠠᠭᠤᠯᠤᠨ ᠱᠠᠩᠬᠠᠢ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/20
   2 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠠᠩᠭᠢ ᠳᠠᠭᠠᠭᠤᠯᠤᠨ ᠱᠠᠩᠬᠠᠢ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠠᠵᠢᠯᠲᠠᠳ ᠬᠤᠳᠠᠯᠳᠤᠭᠠᠴᠢᠨ ᠤᠷᠢᠬᠤ ᠠᠵᠢᠯᠯᠠᠭ᠎ᠠ ᠳᠤ ᠣᠷᠣᠯᠴᠠᠵᠠᠢ᠃
1.png
   ᠬᠤᠳᠠᠯᠳᠤᠭᠠᠴᠢᠨ ᠤᠷᠢᠬᠤ ᠠᠵᠢᠯᠯᠠᠭ᠎ᠠ ᠶᠢᠨ ᠬᠤᠭᠤᠴᠠᠭᠠᠨ ᠳᠤ᠂ ᠳ᠋ᠢᠶᠣᠣ ᠴᠦᠨ ᠬᠠᠢ ᠨᠠᠷ ᠤᠷᠢᠳ ᠬᠤᠵᠢᠳ ᠶᠤᠸᠠᠨ ᠵᠢᠩ ᠡᠨᠧᠷᠭᠢ ᠶᠢᠨ ᠬᠢᠵᠠᠭᠠᠷᠲᠤ ᠺᠣᠮᠫᠠᠨᠢ᠂ ᠲᠦ᠋ ᠯᠢᠩ ᡁᠢ ᠺᠣᠮᠫᠠᠨᠢ ᠶᠢᠨ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠲᠣᠭᠤᠷᠢᠨ ᠦᠵᠡᠪᠡ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠢ ᠶᠢᠨ ᠦᠷ᠎ᠡ ᠠᠰᠢᠭ᠂ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠬᠤᠶᠢᠰᠢᠳᠠ ᠶᠢᠨ ᠬᠥᠭᠵᠢᠯᠲᠡ ᠶᠢᠨ ᠰᠠᠨᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠵᠤ᠂ ᠮᠠᠨ ᠤ ᠰᠢᠶᠠᠨ ᠤ ᠠᠵᠤ ᠦᠢᠯᠡᠰ ᠤᠨ ᠲᠥᠯᠦᠪᠵᠢᠭᠦᠯᠭᠡ᠂ ᠡᠬᠢ ᠪᠠᠶᠠᠯᠢᠭ ᠤᠨ ᠳᠠᠪᠠᠭᠤᠯᠢᠭ ᠲᠠᠢ ᠵᠣᠬᠢᠴᠠᠭᠰᠠᠨ ᠴᠢᠨᠠᠷ ᠰᠠᠶᠢᠲᠠᠢ ᠲᠦᠷᠦᠯ ᠵᠦᠢᠯ ᠢ ᠤᠯᠠᠮ ᠴᠢᠨᠠᠭᠰᠢᠳᠠ ᠬᠠᠶᠢᠨ ᠰᠦᠪᠡᠭᠴᠢᠯᠡᠪᠡ᠃
2.png
   ᠶᠠᠷᠢᠯᠴᠠᠬᠤ ᠬᠤᠷᠠᠯ ᠳᠡᠭᠡᠷ᠎ᠡ᠂ ᠳ᠋ᠢᠶᠣᠣ ᠴᠦᠨ ᠬᠠᠢ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠮᠠᠨ ᠤ ᠰᠢᠶᠠᠨ ᠤ ᠰᠣᠶᠣᠯ ᠢᠷᠭᠡᠨᠰᠢᠯ ᠤᠨ ᠲᠡᠦᠬᠡ᠂ ᠵᠠᠮ ᠬᠠᠷᠢᠯᠴᠠᠭᠠᠨ ᠤ ᠣᠷᠣᠨ ᠪᠠᠶᠢᠷᠢ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠨᠢᠯᠴᠠᠭᠤᠯᠵᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠤᠯᠪᠣᠭᠳᠠᠯ ᠪᠦᠬᠦᠢ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠭᠦᠨᠵᠡᠭᠡᠢ ᠵᠥᠪᠳᠡᠨ ᠰᠣᠯᠢᠯᠴᠠᠪᠠ᠃   ᠳ᠋ᠢᠶᠣᠣ ᠴᠦᠨ ᠬᠠᠢ ᠢᠯᠡᠷᠬᠡᠶᠢᠯᠡᠬᠦ ᠳᠡᠭᠡᠨ᠂ ︽ ᠶᠤᠸᠠᠨ ᠵᠢᠩ ᠤᠨ ᠬᠤᠸᠠᠳᠧ ᠰᠢᠶᠠᠨ ᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠴᠠᠬᠢᠯᠭᠠᠨ ᠡᠭᠦᠰᠬᠡᠭᠴᠢ ᠶᠢᠨ ᠬᠠᠵᠠᠭᠤ ᠠᠴᠠ ᠡᠬᠢ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠴᠢᠭᠯᠡᠯ ᠳᠠᠰᠢ ᠬᠤᠪᠢᠷᠠᠵᠤ ᠪᠠᠶᠢᠭ᠎ᠠ ᠴᠢᠬᠤᠯᠠ ᠶᠡᠭᠡ ᠲᠥᠷᠥᠯ ᠵᠦᠢᠯ ᠮᠥᠨ᠂ ᠡᠨᠡ ᠨᠢ ᠮᠠᠨ ᠤ ᠰᠢᠶᠠᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ ᠭᠡᠵᠡᠢ᠃   ᠳᠠᠷᠠᠭᠠᠴᠢ ᠶᠢᠨ ᠠᠯᠬᠤᠮ ᠳᠤ ᠬᠤᠸᠠᠳᠧ ᠰᠢᠶᠠᠨ ᠤ ᠬᠢᠨ ᠲᠦᠷᠦᠯ ᠵᠦᠢᠯ ᠢ ᠠᠬᠢᠭᠤᠯᠬᠤ ᠲᠤᠰᠬᠠᠢ ᠠᠩᠭᠢ ᠪᠠᠶᠢᠭᠤᠯᠵᠤ᠂ ︽ᠳᠠᠭᠤᠳᠠᠪᠠᠯ ᠵᠠᠪᠠᠯ ᠬᠦᠯᠢᠶᠡᠵᠦ᠂ ᠶᠠᠪᠤᠳᠠᠯ ᠦᠭᠡᠢ ᠪᠣᠯ ᠬᠠᠷᠰᠢᠯᠠᠬᠤ ᠦᠭᠡᠢ︾ᠠᠯᠲᠠᠨ ᠮᠧᠳᠠᠯ ᠤᠨ︽ ᠮᠣᠬᠤᠯᠠᠭ ᠤᠨ ᠵᠠᠷᠤᠴᠠ︾ ᠪᠣᠯᠵᠤ᠂ ᠠᠵᠤ ᠠᠬᠤᠶᠢᠯᠠᠯ ᠳᠤ ᠬᠠᠮᠤᠭ ᠤᠨ ᠬᠠᠷᠠᠭᠠᠯᠵᠠᠯ ᠲᠠᠢ ᠲᠦᠷᠦ ᠶᠢᠨ ᠪᠣᠳᠣᠯᠭ᠎ᠠ᠂ ᠬᠠᠮᠤᠭ ᠤᠨ ᠰᠢᠯᠢᠳᠡᠭ ᠦᠢᠯᠡᠴᠢᠯᠡᠭᠡ ᠪᠣᠯᠣᠨ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠬᠠᠩᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠲᠡᠢ ᠡᠮᠬᠢ ᠵᠢᠷᠤᠮ ᠲᠠᠢ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠠᠵᠤ ᠠᠬᠤᠶᠢᠯᠠᠯ ᠢ ᠬᠠᠪᠰᠤᠷᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠭᠠᠷ ᠭᠦᠢᠴᠡᠳᠬᠡᠯ ᠢ ᠭᠦᠢᠴᠡᠳᠬᠡᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2