ᠮᠠᠨ ᠤ ᠰᠢᠶᠠᠨ᠄ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠶᠠᠭ ᠰᠠᠶᠢᠬᠠᠨ ᠴᠠᠭ ᠲᠠᠭᠠᠨ ᠪᠠᠶᠢᠨ᠎ᠠ
ᠨᠡᠶᠢᠲᠡᠯᠡᠭᠰᠡᠨ ᠴᠠᠭ᠄
2023/2/24
   ︽ᠭᠠᠯᠲᠤ ᠲᠡᠷᠭᠡᠨ ᠤ ᠲᠦᠷᠭᠡᠨ ᠳᠠᠪᠬᠢᠬᠤ ᠳᠤ ᠪᠦᠷ ᠪᠤᠬ᠎ᠠ ᠲᠡᠷᠭᠡᠨ ᠤ ᠳᠠᠭᠠᠭᠤᠯᠬᠤ ᠳᠤ ᠲᠦᠰᠢᠭᠯᠡᠨ᠎ᠡ︾᠃ ᠣᠶᠢᠷ᠎ᠠ ᠶᠢᠨ ᠵᠢᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠬᠤᠸᠠᠳᠧ ᠰᠢᠶᠠᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ᠶᠡᠷᠦᠩᠬᠡᠢ ᠬᠥᠳᠡᠯᠭᠡᠭᠦᠷ︾ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠳᠣᠲᠣᠭᠠᠳᠤ ᠬᠥᠳᠡᠯᠭᠡᠭᠦ ᠬᠦᠴᠦᠨ ᠢ ᠦᠷᠭᠦᠯᠵᠢᠯᠡᠨ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠦᠲᠦᠮᠵᠢᠲᠡᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠪᠠᠬᠢᠵᠢᠭᠦᠯᠵᠡᠢ ᠃   ︽ᠨᠠᠮ ᠤᠨ ᠪᠠᠶᠢᠭᠤᠯᠤᠯᠲᠠ + ᠦᠨᠳᠦᠰᠦᠨ ᠱᠠᠲᠤ︾ ᠨᠢ ᠦᠨᠳᠦᠰᠦᠨ ᠱᠠᠲᠤᠨ ᠤ ᠨᠢᠭᠲᠠᠷᠠᠯ ᠤᠨ ᠬᠦᠴᠦᠨ ᠢ ᠵᠤᠵᠠᠭᠠᠳᠬᠠᠨ᠎ᠠ᠃ ᠮᠢᠩᠭᠠᠨ ᠣᠨ ᠤ ᠦᠨᠳᠦᠰᠦᠨ ᠦᠢᠯᠡᠰ ᠲᠤ ᠴᠢᠳᠠᠪᠤᠷᠢᠲᠠᠨ ᠢᠶᠠᠷ ᠦᠨᠳᠦᠰᠦ ᠪᠣᠯᠭᠠᠨ᠎ᠠ᠃ ᠦᠨᠳᠦᠰᠦᠨ ᠱᠠᠲᠤᠨ ᠤ ᠨᠠᠮ ᠤᠨ ᠡᠭᠦᠷ ᠪᠣᠯ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠭᠠᠭᠤᠯᠤᠨ ᠵᠢᠭᠦᠷ ᠢᠶᠠᠨ ᠳᠡᠯᠭᠡᠨ ᠳᠡᠭᠦᠯᠢᠬᠦ︽ᠳᠠᠭᠠᠭᠤᠯᠤᠭᠴᠢ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠣᠬᠢᠶᠠᠨ ᠪᠠᠶᠢᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠂ ︽ᠬᠥᠳᠡᠭᠡ ᠲᠣᠰᠬᠤᠨ ᠪᠠᠶᠠᠵᠢᠭᠰᠠᠨ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠪᠠᠶᠢᠨ᠎ᠠ︾᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠦᠷ᠎ᠡ ᠪᠦᠲᠦᠮᠵᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠶᠠᠰᠤ ᠴᠢᠨᠠᠷ ᠢ ᠰᠢᠭᠤᠳ ᠲᠣᠭᠲᠠᠭᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠬᠤᠸᠠᠳᠧ ᠰᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ︽ᠲᠠᠪᠤᠨ ᠲᠠᠯ᠎ᠠ ᠶᠢ ᠬᠠᠮᠵᠢᠯᠴᠠᠭᠤᠯᠤᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠵᠢᠯᠤᠭᠤᠳᠬᠤ ᠰᠠᠨᠠᠯ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠡᠯᠪᠡᠷᠢ ᠲᠠᠢ ᠪᠦᠷᠬᠦᠯᠲᠡ︾ ᠶᠢ ᠪᠡᠶᠡᠯᠡᠭᠦᠯᠬᠦ ᠳᠤ ᠯᠡ ᠰᠡᠳᠬᠢᠯ ᠬᠠᠩᠬᠤ ᠦᠭᠡᠢ ᠪᠠᠶᠢᠬᠤ ᠶᠢ ᠪᠣᠳᠣᠯᠬᠢᠯᠠᠵᠤ᠂ ︽ᠪᠦᠲᠦᠮᠵᠢᠲᠡᠢ ᠪᠦᠷᠬᠦᠭᠦᠯᠬᠦ︾  ᠪᠠᠷ ᠬᠦᠴᠦᠯᠡᠵᠦ᠂ ︽ᠤᠯᠤᠰ ᠲᠦᠷᠦ ᠶᠢᠨ ᠴᠢᠳᠠᠪᠬᠢ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠴᠢᠩᠭ᠎ᠠ᠂ ᠡᠩᠨᠡᠭᠡᠨ ᠤ ᠪᠠᠶᠢᠭᠤᠯᠤᠯᠲᠠ ᠴᠢᠩᠭ᠎ᠠ᠂ ᠤᠯᠠᠨ ᠲᠦᠮᠡᠨ ᠤ ᠠᠵᠢᠯ ᠴᠢᠩᠭ᠎ᠠ︾ ᠶᠢᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠨᠢᠭᠲᠠ ᠤᠶᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ︽ᠲᠥᠪᠯᠡᠩᠭᠦᠢ ᠬᠦᠴᠦᠨ︾ ᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠨᠠᠮ ᠤᠨ ᠡᠭᠦᠷ ᠤᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾  ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠪᠠ᠃   ᠣᠳᠣᠬᠠᠨ ᠳᠤ᠂ 6 ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ 86 ᠵᠠᠰᠠᠭ ᠵᠠᠬᠢᠷᠭᠠᠨ ᠤ ᠲᠣᠰᠬᠤᠨ ᠳᠤ ᠪᠠᠶᠠᠨᠲᠠᠯ᠎ᠠ ᠰᠢᠶᠠᠩ ᠤᠨ ᠲᠤᠷᠰᠢᠯᠲᠠ ᠶᠢᠨ ᠴᠢᠭ᠋ ᠤᠨ ᠨᠠᠮ ᠤᠨ ᠰᠤᠷᠭᠠᠭᠤᠯᠢ ᠶᠢ ᠪᠠᠶᠢᠭᠤᠯᠵᠤ᠂ ᠬᠤᠲᠠ ᠶᠢᠨ ᠲᠠᠰ ᠤᠨ ︽ᠬᠠᠮᠤᠭ ᠤᠨ ᠬᠦᠴᠦᠷᠬᠡᠭ︾ ᠨᠠᠮ ᠤᠨ ᠡᠭᠦᠷ 4᠂ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ 1᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ 5᠂ ᠨᠡᠶᠢᠭᠡᠮ ᠤᠨ ᠵᠣᠬᠢᠶᠠᠨ ᠪᠠᠶᠢᠭᠤᠯᠤᠯᠲᠠ 1 ᠶᠢ ᠰᠢᠨ᠎ᠡ ᠪᠠᠷ ᠪᠠᠶᠢᠭᠤᠯᠵᠤ᠂ ᠡᠳ᠋ ᠪᠠᠷᠠᠭᠠᠨ ᠤ ᠭᠦᠢᠯᠭᠡᠭᠡ᠂ ᠵᠠᠬᠢᠶᠠᠯᠠᠭ᠎ᠠ ᠶᠢᠨ ᠬᠤᠭᠤᠯᠠ ᠵᠡᠷᠭᠡ 4 ᠠᠵᠢᠯ ᠲᠥᠷᠥᠯ ᠤᠨ ᠨᠠᠮ ᠤᠨ ᠬᠤᠷᠢᠶ᠎ᠠ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ 1 ᠶᠢ ᠪᠠᠶᠢᠭᠤᠯᠵᠤ᠂ ᠡᠵᠡᠯᠡᠬᠦ ᠬᠠᠷᠢᠴᠠᠯ ᠨᠢ 40.7% ᠳᠤ ᠬᠦᠷᠴᠡᠢ᠃ ᠡᠭᠦᠨ ᠤ ᠬᠠᠮᠲᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ︽ᠢᠯᠡ ᠲᠣᠳᠣ ᠠᠳᠠᠯᠢᠳᠬᠠᠬᠤ︾ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾  ᠶᠢ ᠪᠠᠶᠢᠭᠤᠯᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠨᠡᠨᠬᠦ ᠢᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠥᠳᠡᠭᠡ ᠲᠣᠰᠬᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠢᠯ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠡᠭᠦᠨ ᠤ ᠬᠠᠮᠲᠤ ᠪᠠᠰᠠ ︽ᠠᠷᠪᠠᠨ ᠡᠷᠦᠬᠡ ᠶᠢ ᠬᠤᠯᠪᠤᠭᠠᠯᠠᠨ ᠵᠠᠰᠠᠬᠤ︾ ᠳᠥᠷᠪᠡᠨ ᠱᠠᠲᠤᠨ ᠤ ᠲᠣᠥᠷᠵᠢᠭᠤᠯᠤᠭᠰᠠᠨ ᠰᠢᠰᠲ᠋ᠧᠮ ᠤᠨ ᠵᠢᠷᠤᠭ ᠢ ᠪᠠᠶᠢᠭᠤᠯᠤᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠡᠷᠦᠩᠬᠡᠢ ᠰᠦᠯᠵᠢᠶᠡᠨ ᠤ ᠲᠠᠰᠤᠭ ᠤᠨ ᠳᠠᠷᠤᠭ᠎ᠠ ᠪᠣᠯᠵᠤ᠂ ᠲᠣᠰᠬᠤᠨ ᠤ ᠨᠠᠮ ᠤᠨ ᠡᠭᠦᠷ ᠤᠨ ᠱᠦᠵᠢ ᠬᠤᠪᠢᠶᠠᠷᠢ ᠲᠣᠣᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠦᠯᠵᠢᠶᠡᠨ ᠤ ᠲᠠᠰᠤᠯᠪᠤᠷᠢ ᠶᠢᠨ ᠣᠷᠳᠣ ᠶᠢᠨ ᠳᠣᠣᠷ᠎ᠠ ᠨᠢ ᠭᠤᠷᠪᠠᠨ ᠰᠦᠯᠵᠢᠶᠡᠨ ᠤ ᠲᠠᠰᠤᠯᠪᠤᠷᠢ ᠶᠢᠨ ᠮᠡᠳᠡᠭᠡ ᠵᠠᠩᠭᠢᠴᠢ ᠶᠢ ᠲᠣᠬᠢᠷᠠᠭᠤᠯᠵᠤ᠂ ᠭᠤᠷᠪᠠᠨ ᠰᠦᠯᠵᠢᠶᠡᠨ ᠤ ᠮᠡᠳᠡᠭᠡ ᠵᠠᠩᠭᠢᠴᠢ ᠶᠢᠨ ᠳᠣᠣᠷ᠎ᠠ 15 ᠪᠢᠴᠢᠯ ᠰᠦᠯᠵᠢᠶᠡᠨ ᠤ ᠠᠵᠢᠯᠲᠠᠨ ᠪᠦᠬᠦ ᠲᠣᠰᠬᠤᠨ ᠤ ᠪᠦᠬᠦ ᠬᠥᠮᠥᠨ ᠠᠮᠠ ᠳᠤ ᠬᠡᠰᠡᠭ ᠪᠤᠰᠠᠭ ᠪᠠᠶᠢᠭᠰᠠᠨ ᠠᠴᠠ ᠪᠠᠨ ᠰᠢᠰᠲ᠋ᠧᠮ ᠪᠣᠯᠣᠨ ᠪᠦᠷᠢᠯᠳᠦᠭᠰᠡᠨ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠪᠡ ᠃ ᠲᠣᠰᠬᠤᠨ ᠤ ᠳᠦᠷᠢᠮ ᠠᠷᠠᠳ ᠤᠨ ᠭᠡᠷ᠎ᠡ ᠪᠣᠯᠣᠨ ᠲᠣᠰᠬᠤᠨ ᠤ ᠠᠷᠠᠳ ᠤᠨ ᠵᠥᠪᠯᠡᠯ᠂ ᠶᠣᠰᠣ ᠰᠤᠷᠲᠠᠬᠤᠨ ᠤ ᠦᠨᠡᠯᠡᠯᠲᠡ ᠶᠢᠨ ᠵᠥᠪᠯᠡᠯ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠠᠰᠢᠭᠯᠠᠵᠤ᠂ ᠲᠣᠰᠬᠤᠨ ᠤ ᠠᠷᠠᠳ ᠤᠨ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ᠂ ᠥᠪᠡᠷ ᠢ ᠪᠠᠨ ᠬᠥᠭᠵᠢᠭᠦᠯᠬᠦ ᠶᠢ ᠪᠡᠶᠡᠯᠡᠭᠦᠯᠵᠦ᠂ ︽ᠬᠤᠪᠢ ᠶᠢᠨ ᠶᠠᠪᠤᠳᠠᠯ ᠳᠤ ᠭᠡᠷ ᠠᠴᠠ ᠪᠠᠨ ᠭᠠᠷᠬᠤ ᠦᠭᠡᠢ᠂ ᠪᠠᠭ᠎ᠠ ᠶᠠᠪᠤᠳᠠᠯ ᠳᠤ ᠲᠣᠰᠬᠤᠨ ᠠᠴᠠ ᠪᠠᠨ ᠭᠠᠷᠬᠤ ᠦᠭᠡᠢ︾ᠪᠠᠶᠢᠬᠤ ᠶᠢ ᠪᠡᠶᠡᠯᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠬᠥᠳᠡᠭᠡ ᠲᠣᠰᠬᠤᠨ ᠢ ᠪᠠᠶᠢᠭᠤᠯᠤᠨ᠎ᠠ᠃   ︽ᠨᠠᠮ ᠤᠨ ᠪᠠᠶᠢᠭᠤᠯᠤᠯᠲᠠ + ᠠᠵᠤ ᠦᠢᠯᠡᠰ︾ ᠨᠢ ᠬᠥᠭᠵᠢᠯ ᠮᠠᠨᠳᠤᠯ ᠤᠨ ᠰᠢᠨ᠎ᠡ ᠬᠥᠳᠡᠯᠭᠡᠭᠦ ᠬᠦᠴᠦᠨ ᠢ ᠪᠤᠢ ᠪᠣᠯᠭᠠᠪᠠ᠃ ᠠᠵᠤ ᠦᠢᠯᠡᠰ ᠬᠥᠭᠵᠢᠪᠡᠯ ᠠᠯᠢᠪᠠ ᠦᠢᠯᠡᠰ ᠬᠥᠭᠵᠢᠳᠡᠭ᠂ ᠭᠠᠭᠴᠠ ᠬᠦ ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠰᠠᠶ᠋ᠢ ᠴᠡᠴᠡᠭᠯᠡᠨ ᠬᠥᠭᠵᠢᠵᠦ᠂ ᠬᠥᠮᠥᠰ ᠤᠨ ᠬᠦᠷᠢᠶᠡᠯᠡᠯ ᠢ ᠣᠯᠵᠤ᠂ ᠰᠠᠶᠢᠨ ᠣᠷᠴᠢᠯ ᠢ ᠪᠤᠢ ᠪᠣᠯᠭᠠᠵᠤ ᠴᠢᠳᠠᠨ᠎ᠠ᠃ ᠬᠤᠸᠠᠳᠧ ᠰᠢᠶᠠᠨ ︽ᠨᠠᠮ ᠤᠨ ᠪᠠᠶᠢᠭᠤᠯᠤᠯᠲᠠ + ᠠᠵᠤ ᠦᠢᠯᠡᠰ︾ ᠤᠨ ᠠᠭᠤᠰᠤᠯᠴᠠᠯ ᠤᠨ ᠵᠠᠭᠪᠤᠷ ᠢ ᠬᠡᠷᠡᠭᠯᠡᠵᠦ᠂ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠭᠦ ᠬᠦᠴᠦᠨ ᠤ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠳᠠᠶᠢᠴᠢᠯᠠᠬᠤ᠂ ᠡᠯᠧᠮᠧᠨ᠋ᠲ ᠢᠶᠠᠷ ᠠᠬᠢᠭᠤᠯᠬᠤ᠂ ᠲᠣᠭᠲᠠᠴᠠ ᠪᠠᠷ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠡᠯ᠎ᠡ ᠵᠦᠢᠯ ᠤᠨ ᠳᠠᠪᠠᠭᠤᠯᠢᠭ ᠡᠬᠢ ᠪᠠᠶᠠᠯᠢᠭ ᠢ ᠬᠤᠷᠠᠮᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠲᠤᠰᠬᠠᠢ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ᠂ ᠪᠦᠲᠦᠮᠵᠢᠲᠡᠶ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ᠂ ᠲᠣᠯᠣᠭᠠᠶᠢᠯᠠᠭᠴᠢ ᠠᠵᠤ ᠠᠬᠤᠶᠢᠯᠠᠯ ᠪᠠ ᠬᠤᠷᠰᠢᠶᠠᠵᠢᠯ ᠳᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠯ ᠴᠡᠨᠡᠭ ᠤᠨ ᠠᠵᠤ ᠦᠢᠯᠡᠰ ᠤᠨ ᠬᠡᠯᠪᠡᠷᠢ᠂ ᠭᠠᠵᠠᠷ ᠰᠢᠷᠣᠢ ᠲᠦᠷᠢᠶᠡᠰᠦᠯᠡᠬᠦ ᠬᠡᠯᠪᠡᠷᠢ ᠵᠡᠷᠭᠡ ᠵᠠᠭᠪᠤᠷ ᠢᠶᠠᠷ ᠭᠤᠣᠯᠯᠠᠭᠤᠯᠤᠭᠰᠠᠨ ᠬᠥᠭᠵᠢᠯᠲᠡ ᠶᠢᠨ ᠵᠠᠮ ᠢ ᠰᠦᠪᠡᠭᠴᠢᠯᠡᠨ ᠭᠠᠷᠭᠠᠵᠤ᠂ ᠣᠯᠠᠨ ᠠᠷᠭ᠎ᠠ ᠵᠠᠮ᠂ ᠣᠯᠠᠨ ᠲᠥᠷᠥᠯ ᠬᠡᠯᠪᠡᠷᠢ᠂ ᠣᠯᠠᠨ ᠡᠰᠢᠵᠢᠭᠰᠡᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠦᠭᠡᠢ ᠪᠠᠶᠢᠭᠰᠠᠨ   ᠠᠴᠠ ᠪᠠᠨ ᠪᠠᠶᠢᠬᠤ ᠪᠣᠯᠵᠤ᠂ ᠪᠠᠭᠤᠷᠠᠢ ᠠᠴᠠ ᠪᠠᠨ ᠬᠦᠴᠦᠷᠬᠡᠭ ᠪᠣᠯᠵᠤ᠂ ᠪᠥᠬᠦ ᠰᠢᠶᠠᠨ ᠤ 86 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠦᠬᠦᠨ ᠢᠶᠠᠷ ᠢᠶᠠᠨ 12 ᠲᠦᠮᠡᠨ ᠲᠥᠭᠦᠷᠢᠭ ᠠᠴᠠ ᠳᠡᠭᠡᠭᠰᠢ ᠪᠣᠯᠵᠤ᠂ ᠵᠣᠯᠭᠠᠯᠳᠤᠭᠤᠯᠬᠤ ᠪᠡᠯᠡ ᠮᠥᠩᠭᠦ ᠶᠢ 2.14 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 73 ᠲᠥᠷᠥᠯ ᠵᠦᠢᠯ ᠢ ᠬᠡᠷᠡᠭᠵᠢᠭᠦᠯᠪᠡ᠃ ᠲᠥᠪ ᠤᠨ ᠨᠢᠭᠡᠴᠡ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠪᠠ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠴᠢᠩᠭᠠᠳᠬᠠᠵᠤ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠠᠴᠠ 379 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠰᠢᠭᠤᠳ ᠣᠷᠣᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ 10 ᠲᠥᠷᠥᠯ ᠵᠦᠢᠯ ᠢ ᠬᠡᠷᠡᠭᠵᠢᠭᠦᠯᠵᠦ᠂ 2 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 3000 ᠲᠦᠮᠡᠨ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠭ᠋ ᠲᠣᠭᠲᠠᠭᠠᠭᠰᠠᠨ 16 ᠨᠢᠭᠡᠴᠡ ᠶᠢᠨ ᠪᠥᠬᠦ ᠲᠠᠯ᠎ᠠ ᠪᠠᠷ ᠬᠠᠪᠰᠤᠷᠤᠨ ᠲᠡᠳᠬᠦᠬᠦ ᠠᠵᠢᠯ ᠰᠢᠨ᠎ᠡ ᠦᠷ᠎ᠡ ᠪᠦᠲᠦᠮᠵᠢ ᠣᠯᠪᠠ᠃ 2022 ᠣᠨ ᠳᠤ᠂ ᠪᠦᠬᠦ ᠤᠯᠤᠰ ᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 20133 ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 4.2% ᠪᠣᠯᠪᠠ᠃ ᠮᠠᠨ ᠤ ᠰᠢᠶᠠᠨ ᠤ 2022 ᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13920 ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 8.3% ᠪᠣᠯᠪᠠ︔ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 14362 ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 12.88% ᠪᠠᠶᠢᠵᠤ᠂ ︽ᠬᠤᠶᠠᠷ ᠠᠴᠠ ᠳᠡᠭᠡᠭᠦᠷ︾ ᠪᠠᠶᠢᠬᠤ ᠶᠢ ᠤᠷᠤᠭᠰᠢᠲᠠᠢ ᠪᠡᠶᠡᠯᠡᠭᠦᠯᠪᠡ᠃   ︽ᠨᠠᠮ ᠤᠨ ᠪᠠᠶᠢᠭᠤᠯᠤᠯᠲᠠ + ᠴᠢᠳᠠᠪᠤᠷᠢᠲᠠᠨ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠰᠢᠨ᠎ᠡ ᠬᠦᠴᠦᠨ︾ ᠢ ᠰᠠᠶᠢᠲᠤᠷ ᠬᠥᠮᠥᠵᠢᠭᠦᠯᠦᠨ᠎ᠡ᠃ ᠨᠠᠮ ᠤᠨ ᠪᠠᠶᠢᠭᠤᠯᠤᠯᠲᠠ ᠶᠢ ᠪᠣᠳᠠᠲᠠᠶᠢᠵᠢᠭᠤᠯᠪᠠᠯ ᠳᠠᠷᠤᠢ ᠦᠢᠯᠡᠳᠪᠦᠷᠢᠯᠡᠯ ᠤᠨ ᠬᠦᠴᠦᠨ᠂ ᠬᠦᠴᠦᠷᠬᠡᠭᠵᠢᠭᠦᠯᠪᠡᠯ ᠳᠠᠷᠤᠢ ᠥᠷᠢᠰᠦᠯᠳᠦᠬᠦ ᠬᠦᠴᠦᠨ᠂ ᠨᠠᠷᠢᠯᠢᠭᠵᠢᠭᠤᠯᠪᠠᠯ ᠳᠠᠷᠤᠢ ᠨᠢᠭᠲᠠᠷᠠᠯ ᠤᠨ ᠬᠦᠴᠦᠨ ᠪᠣᠯᠣᠨ᠎ᠠ᠃ ᠶᠡᠷᠦ ᠠᠴᠠ᠂ ᠬᠤᠸᠠᠳᠧ ᠰᠢᠶᠠᠨ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ︽ᠭᠠᠷᠳᠠᠬᠤ ᠴᠡᠭ︾ ᠂ ︽ᠬᠦᠴᠦᠯᠡᠬᠦ ᠴᠡᠭ︾ ᠂ ︽ᠤᠶᠠᠯᠳᠤᠬᠤ ᠴᠡᠭ︾ ᠪᠣᠯᠭᠠᠵᠤ᠂ ᠰᠢᠶᠠᠨ ᠭᠠᠵᠠᠷ ᠤᠨ ᠳᠡᠰ ᠤᠨ 31 ᠤᠳᠤᠷᠢᠳᠤᠯᠭ᠎ᠠ 6 ᠰᠢᠶᠠᠩ ︵ᠪᠠᠯᠭᠠᠰᠤ︶᠂ 86 ᠵᠠᠰᠠᠭ ᠵᠠᠬᠢᠷᠭᠠᠨ ᠤ ᠲᠣᠰᠬᠤᠨ ᠤ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠢ ᠳᠠᠭᠠᠭᠠᠴᠢᠯᠠᠨ ᠠᠳᠬᠤᠬᠤ ᠳᠦᠷᠢᠮ ᠢ ᠪᠠᠶᠢᠭᠤᠯᠬᠤ ᠪᠠᠷ ᠳᠠᠮᠵᠢᠭᠤᠯᠤᠨ᠂ ᠰᠢᠶᠠᠨ᠂ ᠰᠢᠶᠠᠩ ᠤᠨ 2301 ᠨᠠᠮ ᠤᠨ ᠭᠡᠰᠢᠭᠦᠨ ᠺᠠᠳ᠋ᠷ  ᠲᠣᠰᠬᠤᠨ ︵ᠨᠡᠶᠢᠭᠡᠮ ᠲᠣᠭᠤᠷᠢᠭ︶ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠤᠬᠠᠭᠤᠯᠬᠤ ᠰᠠᠬᠢᠯᠭ᠎ᠠ ᠪᠠᠲᠤ ᠶᠢᠨ ᠭᠡᠰᠢᠭᠦᠨ᠂  ᠲᠣᠰᠬᠤᠨ ᠳᠤ ᠪᠠᠶᠢᠭ᠎ᠠ ᠨᠠᠮ ᠤᠨ ᠭᠡᠰᠢᠭᠦᠨ᠂ ᠨᠡᠭᠦᠳᠡᠯ ᠨᠠᠮ ᠤᠨ ᠭᠡᠰᠢᠭᠦᠨ᠂ ᠲᠣᠰᠬᠤᠨ ᠳᠤ ᠪᠠᠶᠢᠭ᠎ᠠ ᠤᠯᠠᠨ ᠲᠦᠮᠡᠨ ᠲᠠᠢ ︽ ᠬᠤᠣᠰᠯᠠᠯ︾ ᠪᠠᠶᠢᠭᠤᠯᠵᠤ᠂ ᠱᠠᠲᠤ ᠱᠠᠲᠤ ᠪᠠᠷ ᠳᠠᠭᠠᠭᠠᠴᠢᠯᠠᠨ ᠬᠤᠯᠪᠣᠭᠠᠯᠠᠭᠰᠠᠨ᠂ ᠱᠠᠲᠤ ᠱᠠᠲᠤ ᠪᠠᠷ ᠬᠠᠷᠢᠯᠴᠠᠭᠰᠠᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠤᠢ ᠪᠣᠯᠭᠠᠵᠤ᠂ ᠰᠤᠷᠭᠠᠭᠤᠯᠢ ᠳᠤ ᠬᠦᠷᠭᠡᠬᠦ ᠠᠵᠢᠯᠯᠠᠭ᠎ᠠ ᠶᠢ ᠨᠡᠶᠢᠳᠡ 4700 ᠭᠠᠷᠤᠢ ᠤᠳᠠᠭ᠎ᠠ ᠥᠷᠨᠢᠭᠦᠯᠵᠦ᠂ 631 ᠠᠰᠠᠭᠤᠳᠠᠯ ᠢ ᠰᠢᠢᠳᠪᠦᠷᠢᠯᠡᠵᠡᠢ᠃ ᠳᠣᠲᠣᠷ᠎ᠠ ᠠᠴᠠ ᠮᠠᠯᠲᠠᠬᠤ᠂ ᠭᠠᠳᠠᠨ᠎ᠠ ᠠᠴᠠ ᠣᠷᠣᠭᠤᠯᠬᠤ᠂ ᠳᠣᠣᠷ᠎ᠠ ᠠᠴᠠ ᠲᠣᠮᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠰᠬᠤᠨ ᠤ ᠨᠠᠮ ᠤᠨ ᠡᠭᠦᠷ ᠤᠨ 86 ᠱᠦᠵᠢ ᠶᠢ ᠰᠢᠯᠢᠳᠡᠭ ᠢ ᠨᠢ ᠰᠣᠩᠭᠤᠵᠤ ᠰᠢᠯᠢᠳᠡᠭ ᠢ ᠨᠢ ᠲᠣᠬᠢᠷᠠᠭᠤᠯᠪᠠ︔ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠂ ᠭᠠᠳᠠᠭᠰᠢ ᠭᠠᠷᠴᠤ ᠲᠣᠭᠤᠷᠢᠨ ᠦᠵᠡᠬᠦ᠂ ᠮᠡᠳᠡᠯᠭᠡ ᠶᠢ ᠬᠠᠮᠲᠤᠪᠠᠷ ᠡᠳ᠋ᠯᠡᠬᠦ ᠵᠡᠷᠭᠡ︽ᠪᠣᠰᠤᠭ᠎ᠠ ᠴᠣᠭᠴᠠᠲᠤ ᠮᠠᠶ᠋ᠢᠭ︾ ᠤᠨ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠲᠣᠰᠬᠤᠨ ᠳᠤ ᠰᠠᠭᠤᠭ᠎ᠠ 360 ᠭᠠᠷᠤᠢ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ᠂ ᠪᠠᠶᠠᠵᠢᠯ ᠤᠨ ᠳᠠᠭᠠᠭᠤᠯᠤᠭᠴᠢ ᠶᠢ ᠤᠷᠢᠳ ᠬᠤᠵᠢᠳ ᠵᠣᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠭᠠᠵᠠᠷ ᠣᠷᠣᠨ ᠪᠣᠯᠣᠨ ᠡᠷᠬᠢᠨ ᠲᠣᠭᠤᠷᠢᠨ ᠤ ᠬᠤᠰᠢᠭᠤ ᠰᠢᠶᠠᠨ ᠳᠤ ᠬᠦᠷᠴᠦ ᠲᠣᠭᠤᠷᠢᠨ ᠦᠵᠡᠵᠦ ᠰᠣᠯᠢᠯᠴᠠᠭ᠎ᠠ ᠥᠷᠨᠢᠭᠦᠯᠪᠡ︔ ︽ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ︿ᠡᠴᠦᠰ ᠤᠨ ᠨᠢᠭᠡ ᠺᠢᠯᠣᠮᠧᠲᠷ﹀ ᠢ ᠨᠡᠪᠲᠡᠷᠡᠭᠦᠯᠬᠦ︾ ᠶᠡᠭᠡ ᠰᠤᠷᠤᠯᠴᠠᠯᠭ᠎ᠠ᠂ ᠶᠡᠭᠡ ᠡᠬᠢᠯᠡᠯᠲᠡ᠂ ᠶᠡᠭᠡ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠪᠠᠷ ᠭᠤᠣᠯ ᠠᠭᠤᠯᠭ᠎ᠠ ᠪᠣᠯᠭᠠᠭᠰᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠶᠢᠰᠠᠨ ᠳᠤ ᠮᠥᠷᠥᠶᠢᠴᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ︽ᠲᠦᠰᠢᠭ ᠲᠤᠯᠭᠠᠭᠤᠷᠢ︾  ᠶᠢᠨ ᠡᠩᠨᠡᠭᠡ ᠶᠢ ᠪᠦᠬᠦ ᠬᠦᠴᠦᠨ ᠢᠶᠠᠷ ᠢᠶᠠᠨ ᠬᠥᠮᠥᠵᠢᠭᠦᠯᠵᠦ᠂ ᠨᠢᠭᠡ ᠪᠦᠯᠦᠭ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠴᠣᠯᠭᠤᠷᠠᠨ ᠭᠠᠷᠴᠤ᠂ 3 ᠺᠠᠳ᠋ᠷ ᠢ ᠬᠤᠳᠠ ᠶᠢᠨ ᠨᠠᠮ ᠤᠨ ᠬᠤᠷᠢᠶ᠎ᠠ ᠠᠴᠠ ᠬᠠᠷᠢᠭᠤᠴᠠᠯᠭ᠎ᠠ ᠡᠭᠦᠷᠭᠡᠯᠡᠨ ᠰᠠᠶᠢᠨ ᠺᠠᠳ᠋ᠷ ᠪᠣᠯᠭᠠᠵᠤ᠂ ᠡᠭᠦᠨ ᠠᠴᠠ ᠭᠠᠳᠠᠨ᠎ᠠ 7 ᠬᠠᠮᠲᠤ ᠨᠡᠶᠢᠳᠡ᠂ 100 ᠭᠠᠷᠤᠢ ᠬᠤᠪᠢ ᠬᠥᠮᠥᠨ ᠢᠷᠠᠭᠤ ᠠᠯᠳᠠᠷᠲᠠᠢ ᠪᠠᠷ ᠬᠥᠬᠢᠭᠦᠯᠦᠨ ᠱᠠᠩᠨᠠᠪᠠ᠃ 1 ᠰᠢᠶᠠᠩ ︵ᠪᠠᠯᠭᠠᠰᠤ ︶ ᠤᠨ ᠨᠠᠮ ᠵᠠᠰᠠᠭ ᠤᠨ ᠪᠠᠭ ᠤᠨ ᠪᠦᠷᠢᠯᠳᠦᠭᠦᠨ ᠠᠴᠠ ᠨᠢᠭᠡᠳᠦᠯᠲᠡᠢ ᠲᠥᠯᠥᠪᠯᠡᠬᠦ ᠶᠢ ᠪᠠᠶᠢᠭᠤᠯᠵᠤ᠂ ᠰᠢᠶᠠᠩ ︵ᠪᠠᠯᠭᠠᠰᠤ︶ ᠤᠨ ᠺᠠᠳ᠋ᠷ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠲᠣᠰᠬᠤᠨ ᠤ ᠺᠠᠳ᠋ᠷ᠂ ︽ ᠹᠠᠩ ᠾᠦᠢ ᠵᠢᠦᠢ︾ ᠶᠢᠨ ᠲᠣᠰᠬᠤᠨ ᠳᠤ ᠰᠠᠭᠤᠬᠤ ᠠᠵᠢᠯᠯᠠᠬᠤ ᠠᠩᠭᠢ ᠵᠡᠷᠭᠡ 4 ᠬᠦᠴᠦᠨ ᠲᠠᠢ ᠬᠤᠯᠢᠯᠳᠤᠭᠤᠯᠤᠨ ᠪᠠᠶᠢᠭᠤᠯᠵᠤ ᠂ ᠣᠳᠣ ᠪᠠᠶᠢᠭ᠎ᠠ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠳᠣᠲᠣᠷ᠎ᠠ ᠠᠴᠠ 30 ᠭᠠᠷᠤᠢ ᠰᠢᠯᠢᠳᠡᠭ ᠴᠢᠳᠠᠪᠤᠷᠢᠲᠠᠨ ᠢ ᠰᠣᠩᠭᠤᠨ ᠲᠣᠮᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠳᠤ ᠣᠷᠣᠭᠤᠯᠵᠤ᠂ ᠮᠡᠷᠭᠡᠵᠢᠯ ᠢᠶᠠᠷ ᠦᠢᠯᠡᠴᠢᠯᠡᠬᠦ᠂ ᠳᠡᠯᠭᠡᠷᠡᠭᠦᠯᠬᠦ ᠪᠠ ᠪᠣᠭᠤᠮᠲᠠ ᠰᠢᠪᠲᠤᠯᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠲᠦᠷᠦᠯ ᠵᠦᠢᠯ ᠢ ᠵᠠᠯᠭᠠᠬᠤ᠂ ᠴᠢᠳᠠᠪᠤᠷᠢᠲᠠᠨ ᠤ ᠳᠤᠲᠠᠭᠤᠳᠠᠯ ᠢ ᠨᠥᠬᠦᠪᠦᠷᠢᠯᠡᠬᠦ᠂ ᠬᠥᠮᠥᠨ ᠪᠦᠷᠢ ᠬᠡᠳᠦᠨ ᠡᠷᠤᠬᠡ ᠮᠠᠯᠴᠢᠨ ᠲᠠᠷᠢᠶᠠᠴᠢᠨ ᠢ ᠳᠠᠭᠠᠭᠠᠴᠢᠯᠠᠨ ᠬᠤᠯᠪᠣᠭᠰᠠᠨ ᠲᠣᠰᠬᠤᠨ ᠢ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ ᠰᠢᠰᠲ᠋ᠧᠮ ᠢ ᠨᠠᠷᠢᠨ ᠬᠢᠨᠠᠮᠠᠭᠠᠢ ᠰᠠᠶᠢᠲᠤᠷ ᠬᠢᠬᠦ ᠪᠠᠷ ᠳᠠᠮᠵᠢᠭᠤᠯᠵᠤ᠂ ᠲᠤᠬᠠᠢ ᠶᠢᠨ ᠭᠠᠵᠠᠷ  ᠲᠤᠨᠢ ᠲᠣᠰᠬᠤᠨ ᠳᠤ ᠬᠦᠷᠴᠦ ᠵᠢᠭᠠᠨ ᠵᠢᠯᠤᠭᠤᠳᠬᠤ᠂ ᠦᠢᠯᠡᠴᠢᠯᠡᠬᠦ ᠠᠵᠢᠯ ᠢ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠪᠠᠲᠤ ᠴᠢᠩᠭ᠎ᠠ ︽ᠲᠠᠶᠢᠴᠢᠨ ᠪᠠᠬᠢᠯᠡᠯᠲᠡ︾ ᠶᠢ ᠪᠠᠲᠤᠳᠬᠠᠪᠠ᠃   ᠨᠠᠮ ᠤᠨ ᠪᠠᠶᠢᠭᠤᠯᠤᠯᠲᠠ ᠬᠠᠮᠲᠤ ᠶᠢᠨ ᠬᠦᠴᠦᠨ ᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠳᠡᠭᠡᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡᠨ ᠬᠥᠯᠭᠡ ᠰᠢᠲᠠᠷ᠎ᠠ ᠮᠥᠨ᠂ ᠴᠠᠴᠠᠷ ᠲᠤ ᠰᠠᠭᠤᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠭᠦᠨ ᠰᠡᠳᠬᠢᠵᠦ ᠬᠤᠯᠠ ᠶᠢ ᠪᠣᠳᠣᠯᠬᠢᠯᠠᠬᠤ ᠴᠢᠬᠤᠯᠠᠲᠠᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠢᠳᠡᠨ ᠳᠤ ᠵᠢᠷᠤᠭᠯᠠᠭᠰᠠᠨ ᠰᠢᠨ᠎ᠡ ᠵᠢᠷᠤᠭ ᠲᠥᠰᠥᠪ ᠤᠨ ᠡᠮᠦᠨ᠎ᠡ᠂ ᠭᠠᠭᠴᠠ ᠬᠦ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠠᠰᠢᠭᠯᠠᠪᠠᠯ ᠡᠯ᠎ᠡ ᠭᠤᠣᠯ ᠴᠣᠭᠴᠠ ᠰᠠᠢᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠡᠮᠬᠢ ᠵᠢᠷᠤᠮ ᠲᠠᠢ ᠪᠠᠷ ᠣᠷᠣᠯᠴᠠᠵᠤ᠂ ᠬᠠᠮᠵᠢᠯᠴᠠᠨ ᠵᠠᠰᠠᠬᠤ ᠶᠢᠨ ᠦᠷ᠎ᠡ ᠠᠰᠢᠭ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢ ᠬᠠᠮᠲᠤᠪᠠᠷ ᠠᠬᠢᠭᠤᠯᠵᠤ ᠴᠢᠳᠠᠨ᠎ᠠ ᠃   ᠨᠠᠮ ᠤᠨ ᠲᠤᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠨᠠᠮᠢᠷᠠᠬᠤ ᠦᠶ᠎ᠡ ᠳᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠴᠤ ᠡᠭᠦᠨ ᠤ ᠳᠠᠭᠠᠤ ᠳᠤ ᠢᠯᠡᠷᠡᠬᠦ ᠪᠣᠯᠣᠨ᠎ᠠ᠃ ᠡᠳᠦᠭᠡ᠂ ᠲᠠ ᠬᠤᠸᠠᠳᠧ  ᠶᠢᠨ ᠡᠨᠡᠬᠦ ᠬᠠᠯᠠᠭᠤᠨ ᠬᠥᠷᠥᠰᠥᠨ ᠳᠤ ᠶᠠᠪᠤᠬᠤ ᠳᠤ᠂ ᠬᠠᠮᠤᠭ ᠤᠯᠠᠨ ᠶᠠᠷᠢᠶᠠᠨ ᠤ ᠰᠡᠳᠦᠪ ᠨᠢ ︽ᠬᠥᠭᠵᠢᠯᠲᠡ︾ ᠪᠠᠶᠢᠵᠤ᠂ ᠬᠠᠮᠤᠭ ᠤᠯᠠᠨ ᠨᠢ ︽ᠪᠣᠳᠠᠲᠠᠢ ᠠᠵᠢᠯᠯᠠᠬᠤ︾ ᠶᠢ ᠣᠯᠵᠤ ᠬᠠᠷᠠᠵᠠᠢ ᠃ ᠬᠤᠸᠠᠳᠧ ᠰᠢᠶᠠᠨ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠣᠯ ᠵᠢᠷᠭᠠᠯ ᠢ ᠡᠷᠢᠯᠬᠢᠯᠡᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠬᠥᠭᠵᠢᠯᠲᠡ ᠶᠢ ᠠᠬᠢᠭᠤᠯᠬᠤ ᠡᠨᠡᠬᠦ ᠣᠯᠳᠠᠰᠢ ᠦᠭᠡᠢ ᠲᠡᠦᠬᠡ ᠶᠢᠨ ᠠᠵᠠ ᠲᠣᠬᠢᠶᠠᠯ ᠢ ᠠᠮᠵᠢᠵᠤ᠂ ᠠᠵᠤ ᠦᠢᠯᠡᠰ ᠢ ᠪᠦᠬᠦ ᠲᠠᠯ᠎ᠠ ᠪᠠᠷ ᠲᠡᠰ ᠳᠡᠪᠰᠢᠭᠦᠯᠬᠦ᠂ ᠨᠡᠶᠢᠭᠡᠮ ᠢ ᠪᠦᠬᠦ ᠲᠠᠯ᠎ᠠ ᠪᠠᠷ ᠳᠠᠪᠰᠢᠭᠤᠯᠬᠤ᠂ ᠲᠣᠰᠬᠤᠨ ᠤ ᠠᠷᠠᠳ ᠢ ᠪᠦᠬᠦ ᠲᠠᠯ᠎ᠠ ᠪᠠᠷ ᠬᠥᠭᠵᠢᠭᠦᠯᠬᠦ ᠳᠡᠭᠡᠷ᠎ᠡ ᠬᠦᠴᠦ ᠪᠠᠨ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠳᠡ ᠬᠦᠴᠦ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ    
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2