ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠨᠠᠷ ᠱᠢ ᠵᠢᠶᠠ ᠵᠤᠸᠠᠩ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/2/27
   2 ᠰᠠᠷ᠎ᠠ ᠶᠢᠨ 24 ᠤ ᠡᠳᠦᠷ᠂ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠨᠠᠷ ᠱᠢ ᠵᠢᠶᠠ ᠵᠤᠸᠠᠩ ᠣᠷᠣᠨ ᠳᠤ ᠬᠦᠷᠴᠦ ᠬᠤᠪᠴᠠᠰᠤ ᠬᠤᠨᠠᠷ ᠦᠶᠯᠡᠳᠬᠦ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠶᠧ ᠪᠣᠯᠤᠨ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠰᠢᠶᠠᠨ ᠤ ᠬᠤᠪᠴᠠᠰᠤ ᠬᠤᠨᠠᠷ ᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠬᠤᠪᠴᠠᠰᠤᠨ ᠤ ᠠᠵᠤ ᠠᠬᠤᠶᠢᠯᠠᠯ ᠤᠨ ᠲᠥᠯᠥᠭᠡᠯᠡᠭᠴᠢ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃   ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠰᠢᠨ ᠵᠢᠢ ᠬᠤᠳᠠ ᠶᠢᠨ ᠶᠡᠷᠦᠩᠬᠡᠶᠢᠯᠡᠭᠰᠡᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠪᠣᠯᠣᠨ ᠡᠷᠡᠭᠲᠡᠢ ᠶᠢᠨ ᠬᠤᠪᠴᠠᠰᠤ᠂ ᠡᠮᠡᠭᠲᠡᠢ ᠶᠢᠨ ᠬᠤᠪᠴᠠᠰᠤ᠂ ᠪᠤᠯᠠᠭᠠᠨ ᠠᠷᠠᠰᠤ᠂ ᠠᠷᠠᠰᠤ ᠰᠢᠷᠢ ᠪᠣᠯᠪᠠᠰᠤᠷᠠᠭᠤᠯᠬᠤ ᠬᠡᠰᠡᠭ ᠲᠣᠯᠣᠭᠠᠶᠢᠯᠠᠭᠴᠢ ᠠᠵᠤ ᠠᠬᠤᠶᠢᠯᠠᠯ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠵᠤ᠂ ᠡᠨᠡ ᠬᠤᠭᠤᠴᠠᠭᠠᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠵᠤ᠂ ᠠᠵᠤ ᠦᠢᠯᠡᠰ ᠤᠨ ᠠᠭᠤᠰᠤᠯᠴᠠᠯ᠂ ᠡᠬᠢ ᠪᠠᠶᠠᠯᠢᠭ ᠤᠨ ᠨᠡᠪᠲᠡᠷᠡᠯᠴᠡᠭᠡ ᠵᠡᠷᠭᠡ ᠲᠠᠯ᠎ᠠ ᠪᠠᠷ ᠰᠠᠨᠠᠯ ᠨᠢᠭᠡᠲᠡᠢ ᠪᠣᠯᠵᠠᠢ᠃   ᠳᠠᠷᠠᠭᠠᠪᠠᠷ ᠨᠢ ᠰᠢᠨ ᠵᠢᠢ ᠶᠢᠨ ᠠᠷᠠᠰᠤ ᠰᠢᠷᠢ ᠶᠢᠨ ᠬᠤᠳᠠ ᠪᠣᠯᠣᠨ ᠠᠷᠠᠰᠤ ᠰᠢᠷᠢ ᠶᠢᠨ ᠮᠦᠽᠧᠢ ᠶᠢ ᠲᠣᠭᠤᠷᠢᠨ ᠦᠵᠡᠵᠦ᠂ ᠰᠢᠨ ᠵᠢᠢ ᠶᠢᠨ ᠠᠷᠠᠰᠤ ᠰᠢᠷᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠪᠣᠯᠣᠨ ᠴᠠᠭ ᠦᠶ᠎ᠡ ᠲᠠᠢ ᠵᠡᠷᠭᠡᠪᠡᠷ ᠤᠷᠤᠭᠰᠢᠯᠠᠭᠰᠠᠨ ᠬᠥᠭᠵᠢᠯᠲᠡ ᠶᠢᠨ ᠰᠡᠳᠬᠢᠴᠡ ᠶᠢ ᠨᠠᠷᠢᠨ ᠣᠶᠢᠯᠠᠭᠠᠭᠰᠠᠨ ᠤ ᠲᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠢᠨ ᠵᠢᠢ ᠬᠤᠳᠠ ᠶᠢᠨ ᠠᠷᠠᠰᠤ ᠰᠢᠷᠢ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠡᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ ᠃   ᠰᠢᠨ ᠵᠢᠢ ᠬᠤᠲᠠ ᠶᠢᠨ ᠠᠷᠠᠰᠤ ᠰᠢᠷᠢ ᠶᠢᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠴᠢᠨ ᠱᠢ ᠺᠧ ᠢᠯᠡᠷᠬᠡᠶᠢᠯᠡᠬᠦ ᠳᠡᠭᠡᠨ᠂ ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠰᠠᠭᠤᠷᠢ ᠨᠢ ᠰᠢᠯᠢᠳᠡᠭ ᠰᠠᠶᠢᠨ᠂ ᠵᠠᠬ᠎ᠠ ᠳᠡᠯᠭᠡᠭᠦᠷ ᠤᠨ ᠬᠤᠪᠢᠳᠠᠴᠠ ᠨᠢ ᠲᠣᠭᠲᠠᠭᠤᠨ ᠪᠠᠶᠢᠵᠤ᠂ ᠳᠥᠴᠢᠨ ᠵᠢᠯ ᠤᠨ ᠬᠥᠭᠵᠢᠯᠲᠡ ᠶᠢᠨ ᠶᠠᠪᠤᠴᠠ ᠨᠢ ᠬᠡᠳᠦᠶᠢᠪᠡᠷ ᠬᠤᠪᠢᠷᠠᠯᠲᠠ ᠶᠡᠬᠡᠲᠡᠢ ᠪᠣᠯᠪᠠᠴᠤ ᠪᠠᠷᠢᠮᠲᠠᠯᠠᠭᠰᠠᠨ ᠨᠢ ᠳᠠᠷᠤᠢ ᠢᠯᠠᠯᠲᠠ ᠣᠯᠣᠭᠰᠠᠨ ᠶᠠᠪᠤᠳᠠᠯ ᠮᠥᠨ ᠭᠡᠵᠡᠢ᠃ ᠬᠤᠶᠢᠰᠢᠳᠠ ᠶᠢᠨ ᠬᠥᠭᠵᠢᠯᠲᠡ ᠶᠢᠨ ᠵᠠᠮ ᠳᠡᠭᠡᠷ᠎ᠡ᠂ ᠵᠠᠰᠠᠭ ᠤᠨ ᠣᠷᠳᠣᠨ  ᠠᠴᠠ ᠬᠥᠲᠥᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠤᠶᠤ ᠲᠡᠳᠬᠦᠨ ᠳᠡᠮᠵᠢᠵᠦ᠂ ᠳᠠᠶᠢᠴᠢᠯᠠᠬᠤ᠂ ᠨᠥᠯᠥᠭᠡᠯᠡᠬᠦ ᠦᠢᠯᠡᠳᠦᠯ ᠳᠤ ᠬᠦᠷᠦᠭᠦᠯᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠤᠳ ᠤᠨ ᠬᠢᠯᠢ ᠶᠢᠨ ᠳᠣᠲᠣᠨ᠎ᠠ ᠭᠠᠳᠠᠨᠠᠬᠢ ᠬᠤᠳᠠᠯᠳᠤᠭᠠᠨ ᠤ ᠦᠵᠡᠰᠬᠦᠯᠡᠩ ᠪᠠ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠳᠤ ᠣᠷᠤᠯᠴᠠᠬᠤ ᠶᠢ ᠵᠣᠷᠢᠭᠵᠢᠭᠤᠯᠵᠤ᠂ ᠬᠠᠷᠠᠭ᠎ᠠ ᠪᠠᠨ ᠲᠠᠰᠤᠷᠠᠯᠳᠠ ᠦᠬ᠋ᠡᠢ ᠥᠷᠭᠡᠳᠬᠡᠵᠦ᠂ ᠵᠠᠬ᠎ᠠ ᠳᠡᠯᠭᠡᠭᠦᠷ ᠤᠨ ᠬᠤᠪᠢ ᠶᠢ ᠡᠵᠡᠯᠡᠬᠦ ᠬᠡᠷᠡᠭᠲᠡᠢ︔ ᠬᠤᠳᠠᠯᠳᠤᠭᠠᠴᠢᠳ ᠤᠨ ᠡᠪᠯᠡᠯ ᠤᠨ ᠭᠤᠣᠯᠯᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠵᠤ᠂ ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠢ ᠨᠡᠩ ᠴᠢᠩᠭ᠎ᠠ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠲᠠᠢ ᠪᠣᠯᠭᠠᠬᠤ ᠬᠡᠷᠡᠭᠲᠡᠢ᠃   ᠴᠠᠩ ᠳ᠋ᠠ ᠸᠧᠢ ᠢᠯᠡᠷᠬᠡᠶᠢᠯᠡᠬᠦ ᠳᠡᠭᠡᠨ᠂ ᠰᠢᠨ ᠵᠢᠢ ᠬᠤᠲᠠ ᠳᠤ ᠬᠦᠷᠴᠦ ᠪᠠᠶᠢᠴᠠᠭᠠᠨ ᠰᠤᠷᠤᠯᠴᠠᠬᠤ ᠪᠠᠷ ᠳᠡᠮᠵᠢᠨ ᠂ ᠪᠢᠳᠡ ᠬᠤᠸᠠᠳᠧ ᠰᠢᠶᠠᠨ ᠤ ᠠᠵᠤ ᠦᠢᠯᠡᠰ ᠤᠨ ᠰᠣᠶᠣᠯ ᠢ ᠠᠭᠤᠳᠠᠯᠬᠤ᠂ ᠤᠬᠠᠭᠤᠯᠤᠨ ᠳᠡᠯᠭᠡᠷᠡᠭᠦᠯᠬᠦ᠂ ᠰᠢᠨ᠎ᠡ ᠶᠢ ᠡᠭᠦᠳᠬᠦ ᠥᠭᠡᠷᠡᠴᠢᠯᠡᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠵᠥᠷᠢᠶ᠎ᠡ ᠶᠢ ᠣᠯᠵᠤ ᠬᠠᠷᠠᠪᠠ᠂ ᠡᠨᠡ ᠪᠣᠯ ᠪᠠᠰᠠ ᠴᠤ ᠬᠤᠶᠢᠰᠢᠳᠠ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠬᠢᠨ ᠴᠥᠮ ᠥᠭᠡᠷᠡᠴᠢᠯᠡᠨ ᠰᠠᠶᠢᠵᠢᠷᠠᠭᠤᠯᠬᠤ ᠶᠢ ᠴᠢᠬᠤᠯᠠᠴᠢᠯᠠᠬᠤ ᠴᠢᠬᠤᠯᠠ ᠵᠠᠩᠭᠢᠯᠠᠭ᠎ᠠ ᠮᠥᠨ᠂ ᠠᠵᠤ ᠠᠬᠤᠶᠢᠯᠠᠯ ᠤᠳ ᠤᠳᠤ ᠶᠢᠨ ᠪᠠᠶᠢᠳᠠᠯ ᠳᠠᠭᠠᠨ ᠰᠡᠳᠬᠢᠯ ᠬᠠᠩᠬᠤ ᠨᠢ ᠮᠥᠨ ᠴᠦ ᠬᠥᠭᠵᠢᠯᠲᠡ ᠶᠢ ᠬᠢᠵᠠᠭᠠᠷᠯᠠᠬᠤ ᠴᠢᠬᠤᠯᠠ ᠬᠦᠴᠦᠨ ᠵᠦᠢᠯ ᠪᠣᠯᠬᠤ ᠲᠤᠯᠠ ᠪᠦᠬᠦ ᠰᠢᠶᠠᠨ ᠤ ᠡᠯ᠎ᠡ ᠡᠲᠡᠭᠡᠳ ᠤᠨ ᠠᠵᠤ ᠠᠬᠤᠶᠢᠯᠠᠯ ᠤᠳ ᠡᠷᠬᠡᠪᠰᠢ ᠪᠠᠬᠢᠵᠢᠭᠦᠯᠦᠨ ᠬᠥᠭᠵᠢᠭᠦᠯᠬᠦ ᠶᠢᠨ ᠵᠡᠷᠭᠡᠴᠡᠭᠡᠪᠡᠷ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠵᠢᠮ᠎ᠡ ᠶᠣᠰᠣᠨ ᠤ ᠲᠤᠬᠠᠢ ᠲᠠᠨᠢᠯᠲᠠ ᠪᠣᠯᠣᠨ ᠡᠵᠡᠮᠳᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2