| ᠰᠢᠨᠬᠤᠸᠠ ᠬᠤᠷᠢᠶᠠᠨ ᠤ ᠪᠡᠭᠡᠵᠢᠩ ᠤᠨ 2 | ᠰᠠᠷ᠎ᠠ ᠶᠢᠨ 1 ᠤ ᠴᠠᠭᠢᠯᠭᠠᠨ ᠮᠡᠳᠡᠭᠡ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ | 1 ᠰᠠᠷ᠎ᠠ ᠶᠢᠨ 31 ᠤ ᠦᠳᠡ ᠶᠢᠨ ᠬᠤᠶᠢᠨ᠎ᠠ | ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠬᠤ ᠲᠤᠬᠠᠢ ᠬᠤᠶᠠᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ | ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠦᠨ ᠭᠠᠷᠭᠠᠭᠰᠠᠨ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ | ᠪᠣᠳᠣᠯᠭ᠎ᠠ ᠳᠤ ᠰᠠᠭᠤᠷᠢᠯᠠᠵᠤ᠂ | ᠢᠷᠡᠭᠡᠳᠦᠢ ᠶᠢᠨ ᠬᠥᠭᠵᠢᠯᠲᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ | ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠮᠥᠨ᠃ ᠵᠦᠪᠭᠡᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠵᠦ᠂ ᠬᠥᠭᠵᠢᠯᠲᠡ ᠶᠢᠨ ᠠᠮᠤᠷ | ᠲᠦᠪᠰᠢᠨ ᠤ ᠴᠢᠨᠠᠷ ᠲᠣᠭᠲᠠᠭᠤᠨ ᠴᠢᠨᠠᠷ ᠢ | ᠴᠢᠩᠭᠠᠳᠬᠠᠵᠤ᠂ ᠰᠠᠶ᠋ᠢ ᠡᠯ᠎ᠡ ᠵᠦᠢᠯ ᠤᠨ | ᠤᠷᠢᠳᠴᠢᠯᠠᠨ ᠮᠡᠳᠡᠵᠤ ᠪᠤᠯᠬᠤ ᠪᠠ ᠤᠷᠢᠳᠴᠢᠯᠠᠨ | ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ | ᠪᠣᠷᠣᠭᠠᠨ᠂ ᠲᠤᠬᠰᠢᠨ ᠳᠠᠪᠠᠯᠭᠠᠨ ᠰᠢᠷᠦᠭᠦᠨ | ᠤᠷᠤᠰᠬᠠᠯ ᠤᠨ ᠳᠤᠮᠳᠠ ᠮᠠᠨ ᠤ ᠤᠯᠤᠰ ᠤᠨ | ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ | ᠬᠦᠴᠦᠨ᠂ ᠬᠥᠭᠵᠢᠯᠲᠡ ᠶᠢᠨ ᠬᠦᠴᠦᠨ᠂ | ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠠᠬᠢᠴᠠ ᠶᠢ | ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ | ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ | ᠪᠠᠲᠤᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ | ᠬᠠᠷᠠᠯᠲᠠ ᠶᠢ ᠢᠯᠠᠯᠲᠠ ᠲᠠᠢ ᠪᠠᠷ | ᠪᠡᠶᠡᠯᠡᠭᠦᠯᠵᠦ ᠴᠢᠳᠠᠨ᠎ᠠ ᠭᠡᠵᠦ | ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ | ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠨᠥᠬᠦᠳ ᠥᠪᠡᠷ ᠢᠶᠠᠨ ᠰᠤᠷᠤᠯᠴᠠᠬᠤ ᠶᠢᠨ ᠬᠠᠮᠲᠤ | ᠠᠵᠢᠯ ᠤᠨ ᠣᠶᠢᠯᠠᠭᠠᠯᠲᠠ ᠪᠠᠨ ᠰᠣᠯᠢᠯᠴᠠᠵᠤ᠂ | ᠶᠢᠨ ᠯᠢ᠂ ᠯᠢᠦ ᠭᠦᠸᠧ ᠵᠦᠩ᠂ ᠾᠧ ᠯᠢ ᠹᠧᠩ᠂ ᠵᠠᠩ | ᠭᠦᠸᠧ ᠴᠢᠩ᠂ ᠴᠧᠨ ᠵᠢᠢ ᠨᠢᠩ᠂ ᠬᠤᠸᠠᠩ ᠺᠦᠨ ᠮᠢᠩ | ᠨᠥᠬᠦᠷ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ ᠤᠨ | ᠠᠵᠢᠯ ᠲᠠᠢ ᠪᠠᠨ ᠤᠶᠠᠯᠳᠤᠭᠤᠯᠤᠨ ᠦᠭᠡ | ᠬᠡᠯᠡᠵᠦ᠂ ᠤᠯᠠᠨ ᠢᠶᠠᠷ ᠢᠶᠠᠨ ᠰᠠᠨᠠᠯ ᠢᠶᠠᠨ | ᠰᠣᠯᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ ᠴᠢᠬᠤᠯᠠ ᠶᠠᠷᠢᠶ᠎ᠠ | ᠲᠠᠯᠪᠢᠪᠠ᠃ ᠲᠡᠷᠡ᠂ ᠣᠶᠢᠷ᠎ᠠ ᠶᠢᠨ ᠵᠢᠯ ᠠᠴᠠ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠠᠵᠢᠯ ᠯᠠᠪᠳᠠᠭᠤᠨ ᠪᠠᠲᠤᠲᠠᠢ | ᠠᠬᠢᠵᠤ᠂ ᠨᠢᠭᠡ ᠪᠦᠯᠦᠭ ᠦᠷ᠎ᠡ ᠠᠰᠢᠭ ᠣᠯᠵᠤ᠂ | ᠦᠵᠡᠯ ᠰᠠᠨᠠᠭᠠᠨ ᠤ ᠬᠠᠮᠲᠤ ᠶᠢᠨ ᠲᠠᠨᠢᠯᠲᠠ | ᠲᠠᠰᠤᠷᠠᠯᠳᠠ ᠦᠭᠡᠢ ᠨᠢᠭᠲᠠᠷᠠᠵᠤ᠂ ᠠᠵᠢᠯ ᠤᠨ | ᠰᠠᠭᠤᠷᠢ ᠲᠠᠰᠤᠷᠠᠯᠳᠠ ᠦᠭᠡᠢ ᠪᠠᠬᠢᠵᠢᠵᠦ᠂ | ᠲᠦᠷᠦ ᠶᠢᠨ ᠪᠣᠳᠣᠯᠭ᠎ᠠ ᠳᠦᠷᠢᠮ ᠲᠠᠰᠤᠷᠠᠯᠳᠠ | ᠦᠭᠡᠢ ᠲᠡᠭᠦᠯᠳᠡᠷᠵᠢᠪᠡ᠂ ᠭᠡᠪᠡᠴᠦ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠦᠭᠦ | ᠲᠠᠯ᠎ᠠ ᠪᠠᠷ ᠪᠡᠶᠡᠯᠡᠭᠦᠯᠬᠦ ᠳᠤ ᠡᠭᠦᠷᠭᠡ | ᠬᠦᠨᠳᠦ ᠵᠠᠮ ᠬᠤᠯᠠ ᠪᠠᠶᠢᠨ᠎ᠠ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ | ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠬᠤ ᠶᠢ | ᠬᠦᠯᠢᠶᠡᠰᠦᠯᠡᠵᠦ ᠪᠠᠶᠢᠭ᠎ᠠ ᠭᠤᠣᠯ ᠵᠥᠷᠢᠴᠡᠯ | ᠪᠣᠯᠣᠨ ᠠᠰᠠᠭᠤᠳᠠᠯ ᠢ ᠬᠦᠴᠦᠯᠡᠨ ᠠᠷᠢᠯᠭᠠᠵᠤ᠂ | ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠦᠢᠯᠡᠳᠦᠯᠭᠡ ᠶᠢᠨ | ᠰᠢᠨ᠎ᠡ ᠶᠢ ᠡᠭᠦᠳᠭᠦ᠂ ᠳᠦᠷᠢᠮ ᠤᠨ ᠰᠢᠨ᠎ᠡ ᠶᠢ | ᠡᠭᠦᠳᠭᠦ ᠶᠢ ᠠᠬᠢᠭᠤᠯᠵᠤ᠂ ᠳᠠᠪᠠᠭᠤᠯᠢᠭ ᠢᠶᠠᠨ | ᠪᠠᠳᠠᠷᠠᠭᠤᠯᠵᠤ᠂ ᠳᠤᠲᠠᠭᠤᠳᠠᠯ ᠢᠶᠠᠨ | ᠨᠥᠬᠦᠪᠦᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ | ᠲᠥᠯᠥᠪᠵᠢᠭᠦᠯᠬᠦ ᠶᠢ ᠰᠠᠶᠢᠲᠤᠷ ᠬᠢᠵᠦ᠂ | ᠬᠡᠷᠡᠭᠴᠡᠭᠡ ᠪᠠᠷ ᠬᠠᠩᠭᠠᠯᠭ᠎ᠠ ᠶᠢ | ᠳᠠᠶᠢᠴᠢᠯᠠᠬᠤ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠭᠦ ᠨᠡᠩ ᠥᠨᠳᠥᠷ | ᠲᠦᠪᠰᠢᠨ ᠪᠦᠬᠦᠢ ᠬᠥᠳᠡᠯᠦᠩᠭᠦᠢ | ᠲᠡᠩᠴᠡᠭᠦᠷᠢ ᠶᠢ ᠪᠦᠷᠢᠯᠳᠦᠭᠦᠯᠵᠦ᠂ ᠤᠯᠤᠰ | ᠠᠷᠠᠳ ᠤᠨ ᠠᠵᠤ ᠠᠬᠤᠢ ᠶᠢᠨ ᠰᠠᠶᠢᠨ ᠰᠠᠶᠢᠬᠠᠨ | ᠣᠷᠴᠢᠯ ᠢ ᠪᠡᠶᠡᠯᠡᠭᠦᠯᠬᠦ ᠬᠡᠷᠡᠭᠲᠡᠢ᠃ | ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠶᠢᠨ ᠬᠥᠲᠥᠯᠪᠦᠷᠢ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠦᠷᠢᠨ ᠪᠦᠲᠦᠨ ᠳᠣᠲᠣᠭᠠᠳᠤ ᠬᠡᠷᠡᠭᠴᠡᠭᠡ ᠶᠢᠨ | ᠰᠢᠰᠲ᠋ᠧᠮ ᠢ ᠲᠦᠷᠭᠡᠬᠡᠨ ᠪᠦᠷᠢᠯᠳᠦᠭᠦᠯᠵᠦ᠂ | ᠣᠷᠣᠯᠭ᠎ᠠ ᠪᠠᠷ ᠲᠤᠯᠭᠠᠭᠤᠷᠢᠯᠠᠭᠰᠠᠨ | ᠬᠡᠷᠡᠭᠯᠡᠭᠡ ᠶᠢᠨ ᠬᠡᠷᠡᠭᠴᠡᠭᠡ᠂ ᠵᠦᠢ | ᠵᠣᠬᠢᠰᠲᠠᠢ ᠦᠷ᠎ᠡ ᠠᠰᠢᠭ ᠤᠨ ᠬᠠᠷᠢᠭᠤ ᠪᠦᠬᠦᠢ | ᠪᠡᠯᠡ ᠣᠷᠣᠭᠤᠯᠤᠯᠲᠠ ᠶᠢᠨ ᠬᠡᠷᠡᠭᠴᠡᠭᠡ᠂ ᠡᠬᠡ | ᠮᠥᠩᠭᠦ ᠪᠠ ᠥᠷᠢ ᠥᠭᠴᠡᠭᠡ ᠪᠠᠷ | ᠬᠢᠵᠠᠭᠠᠷᠯᠠᠭᠰᠠᠨ ᠮᠥᠩᠭᠦᠨ ᠭᠦᠢᠯᠭᠡᠭᠡᠨ ᠤ | ᠬᠡᠷᠡᠭᠴᠡᠭᠡ ᠶᠢ ᠬᠦᠴᠦᠯᠡᠨ ᠥᠷᠭᠡᠳᠬᠡᠬᠦ | ᠬᠡᠷᠡᠭᠲᠡᠢ᠃ ᠰᠠᠭᠤᠭᠠᠯᠢ ᠠᠷᠠᠳ ᠤᠨ | ᠬᠡᠷᠡᠭᠯᠡᠭᠡ ᠶᠢ ᠥᠷᠭᠡᠳᠬᠡᠬᠦ ᠤᠷᠳᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ | ᠰᠠᠭᠤᠭᠠᠯᠢ ᠠᠷᠠᠳ ᠢ ᠲᠣᠭᠲᠠᠭᠰᠠᠨ | ᠤᠷᠤᠯᠭ᠎ᠠ ᠲᠠᠢ ᠬᠡᠷᠡᠭᠯᠡᠭᠡ ᠬᠢᠵᠦ ᠲᠡᠶᠢᠯᠭᠦ᠂ | ᠰᠠᠨᠠᠭ᠎ᠠ ᠵᠣᠪᠠᠭ᠋ᠤ ᠦᠭᠡᠢ ᠪᠠᠷ | ᠵᠣᠷᠢᠭᠲᠠᠢ ᠪᠠᠷ ᠬᠡᠷᠡᠭᠯᠡᠭᠡ ᠬᠢᠬᠦ᠂ | ᠬᠡᠷᠡᠭᠯᠡᠭᠡ ᠶᠢᠨ ᠣᠷᠴᠢᠨ ᠨᠥᠬᠦᠴᠡᠯ ᠰᠢᠯᠢᠳᠡᠭ | ᠬᠦᠷᠲᠡᠮᠵᠢ ᠶᠢᠨ ᠲᠥᠷᠥᠭᠳᠡᠯ ᠴᠢᠩᠭ᠎ᠠ | ᠬᠡᠷᠡᠭᠯᠡᠭᠡ ᠬᠢᠬᠦ ᠬᠦᠰᠡᠯ ᠲᠠᠢ ᠪᠤᠯᠭᠠᠬᠤ | ᠬᠡᠷᠡᠭᠲᠡᠢ᠃ ᠪᠡᠯᠡ ᠣᠷᠣᠭᠤᠯᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠦᠨ | ᠥᠷᠭᠡᠳᠬᠡᠵᠦ᠂ ᠪᠦᠲᠦᠮᠵᠢᠲᠡᠢ ᠪᠡᠯᠡ | ᠣᠷᠣᠭᠤᠯᠤᠯᠲᠠ ᠶᠢᠨ ᠣᠷᠣᠨ ᠵᠠᠢ ᠶᠢ | ᠥᠷᠭᠡᠳᠬᠡᠨ᠂ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠵᠣᠬᠢᠰᠲᠠᠢ ᠪᠠᠷ | ᠤᠷᠢᠳᠴᠢᠯᠠᠨ ᠪᠠᠶᠢᠷᠢᠯᠠᠭᠤᠯᠵᠤ᠂ ᠳᠡᠭᠡᠳᠦ | ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠪᠡᠯᠡ | ᠣᠷᠣᠭᠤᠯᠤᠯᠲᠠ ᠶᠢ ᠥᠷᠭᠡᠳᠬᠡᠵᠦ᠂ ᠠᠷᠠᠳ ᠤᠨ | ᠪᠡᠯᠡ ᠣᠷᠣᠭᠤᠯᠤᠯᠲᠠ ᠶᠢᠨ ᠠᠮᠢᠳᠤᠯᠢᠭ | ᠬᠦᠴᠦᠨ ᠢ ᠦᠷᠭᠦᠯᠵᠢᠯᠡᠨ ᠬᠥᠭᠵᠢᠭᠡᠬᠦ | ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ | ᠳᠦᠷᠢᠮ ᠤᠨ ᠰᠢᠨ᠎ᠡ ᠶᠢ ᠡᠭᠦᠳᠭᠦ ᠶᠢ | ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠶᠢ | ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ᠂ | ᠬᠤᠷᠢᠭ᠎ᠠ ᠴᠡᠭ᠂ ᠪᠠᠭᠤᠷᠠᠢ ᠲᠠᠯ᠎ᠠ ᠶᠢ | ᠰᠢᠪᠲᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ | ᠥᠷᠢᠰᠦᠯᠳᠦᠬᠦ ᠬᠦᠴᠦᠨ ᠪᠠ ᠠᠮᠤᠷ ᠲᠦᠪᠰᠢᠨ | ᠴᠢᠨᠠᠷ ᠢ ᠴᠢᠩᠭᠠᠳᠬᠠᠵᠤ᠂ ᠪᠡᠶ᠎ᠡ ᠪᠠᠨ | ᠳᠠᠭᠠᠭᠠᠵᠤ ᠡᠵᠡᠮᠳᠡᠵᠦ ᠪᠤᠯᠬᠤ᠂ ᠴᠢᠨᠠᠷ | ᠰᠠᠶᠢᠲᠠᠢ ᠬᠠᠩᠭᠠᠯᠭ᠎ᠠ ᠪᠠᠷ ᠣᠲᠣ ᠶᠢᠨ | ᠬᠡᠷᠡᠭᠴᠡᠭᠡ ᠶᠢ ᠬᠠᠩᠭᠠᠵᠤ᠂ ᠰᠢᠨ᠎ᠡ | ᠬᠡᠷᠡᠭᠴᠡᠭᠡ ᠶᠢ ᠡᠭᠦᠳᠴᠦ ᠬᠥᠲᠥᠯᠥᠨ | ᠳᠠᠭᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ | ᠠᠯᠬᠤᠭ᠎ᠠ ᠪᠠᠨ ᠲᠦᠷᠭᠡᠳᠬᠡᠵᠦ᠂ ᠭᠠᠳᠠᠭᠠᠳᠤ | ᠤᠯᠤᠰ ᠤᠨ ︽ᠪᠣᠭᠤᠮᠢ︾ ᠪᠣᠯᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠰᠢᠨ᠎ᠡ ᠮᠠᠶ᠋ᠢᠭ ᠤᠨ ᠤᠯᠤᠰ ᠳᠠᠶᠠᠭᠠᠷ ᠤᠨ | ᠪᠠᠶᠢᠭᠤᠯᠤᠯ ᠢ ᠪᠦᠷᠢᠨᠰᠢᠭᠦᠯᠵᠦ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ | ᠴᠢᠩᠭᠠᠳᠬᠠᠨ᠂ ᠰᠢᠨ᠎ᠡ ᠶᠢ ᠡᠭᠦᠳᠭᠦ ᠡᠬᠢ | ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠵᠤ᠂ ᠮᠠᠨ ᠤ ᠤᠯᠤᠰ ᠢᠶᠠᠨ ᠴᠢᠬᠤᠯᠠ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠦᠷᠢᠶᠡᠨ ᠳᠤ ᠪᠦᠭᠦ ᠪᠥᠮᠪᠥᠷᠴᠡᠭ ᠤᠨ | ᠳᠠᠭᠠᠭᠤᠯᠤᠭᠴᠢ ᠪᠤᠯᠭᠠᠵᠤ᠂ ᠬᠤᠰᠢᠭᠤᠷᠠᠯ | ᠰᠣᠯᠪᠢᠴᠠᠭᠰᠠᠨ ᠬᠦᠷᠢᠶᠡᠨ ᠳᠠᠬᠢ ᠵᠠᠮ | ᠨᠡᠭᠡᠭᠡᠭᠴᠢ ᠪᠤᠯᠭᠠᠵᠤ᠂ ᠡᠷᠲᠡᠬᠡᠨ | ᠳᠡᠯᠡᠬᠡᠢ ᠶᠢᠨ ᠭᠤᠣᠯ ᠪᠤᠯᠬᠤ ᠰᠢᠨᠵᠢᠯᠡᠬᠦ | ᠤᠬᠠᠭᠠᠨ ᠤ ᠲᠥᠪ ᠪᠠ ᠰᠢᠨ᠎ᠡ ᠶᠢ ᠡᠭᠦᠳᠭᠦ | ᠥᠨᠳᠦᠷᠯᠢᠭ ᠪᠤᠯᠭᠠᠬᠤ ᠪᠠᠷ ᠴᠢᠷᠮᠠᠶᠢᠬᠤ | ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ | ᠪᠠᠶᠢᠯᠳᠤᠬᠤ ᠪᠣᠳᠣᠯᠭ᠎ᠠ᠂ | ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠰᠢᠨ᠎ᠡ ᠶᠢ ᠡᠭᠦᠳᠭᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢᠨ ᠪᠦᠲᠦᠮᠵᠢᠲᠡᠢ | ᠬᠤᠯᠪᠣᠯᠳᠤᠯ ᠢ ᠪᠡᠶᠡᠯᠡᠭᠦᠯᠵᠦ᠂ ᠰᠤᠷᠭᠠᠨ | ᠬᠥᠮᠦᠵᠢᠯ ᠢ ᠬᠥᠭᠵᠢᠭᠦᠯᠬᠦ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠭᠦ᠂ ᠴᠢᠳᠠᠪᠤᠷᠢᠲᠠᠨ ᠢ | ᠬᠥᠮᠥᠵᠢᠭᠦᠯᠬᠦ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠰᠠᠶᠢᠨ | ᠰᠠᠶᠢᠬᠠᠨ ᠣᠷᠴᠢᠯ ᠢ ᠪᠦᠷᠢᠯᠳᠦᠭᠦᠯᠬᠦ | ᠭᠡᠷᠡᠭᠲᠠᠢ︔ ᠤᠤᠭᠠᠯ ᠰᠢᠨ᠎ᠡ ᠶᠢ ᠡᠭᠦᠳᠭᠦ᠂ | ᠬᠤᠷᠠᠮᠠᠯ ᠰᠢᠨ᠎ᠡ ᠶᠢ ᠡᠭᠦᠳᠭᠦ᠂ ᠨᠡᠭᠡᠭᠡᠯᠲᠡ | ᠬᠢᠵᠦ ᠰᠢᠨ᠎ᠡ ᠶᠢ ᠡᠭᠦᠳᠭᠦ ᠶᠢ ᠨᠢᠭᠡ | ᠴᠣᠭᠴᠠᠵᠢᠭᠤᠯᠤᠨ ᠵᠢᠷᠤᠭᠯᠠᠨ ᠲᠥᠯᠥᠪᠯᠡᠬᠦ ᠶᠢ | ᠪᠠᠷᠢᠮᠲᠠᠯᠠᠵᠤ᠂ ᠪᠦᠲᠦᠮᠵᠢᠲᠡᠶ | ᠨᠡᠪᠲᠡᠷᠡᠯᠴᠡᠭᠦᠯᠬᠦ ᠶᠢ ᠪᠡᠶᠡᠯᠡᠭᠦᠯᠬᠦ | ᠭᠡᠷᠡᠭᠲᠠᠢ︔ ᠰᠢᠨ᠎ᠡ ᠶᠢ ᠡᠭᠦᠳᠭᠦ ᠬᠡᠯᠬᠢᠶ᠎ᠡ᠂ | ᠠᠵᠤ ᠦᠢᠯᠡᠰ ᠤᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢ ᠨᠢᠭᠡ | ᠴᠣᠭᠴᠠᠵᠢᠭᠤᠯᠤᠨ ᠪᠠᠶᠢᠷᠢᠯᠠᠭᠤᠯᠬᠤ ᠶᠢ | ᠪᠠᠷᠢᠮᠲᠠᠯᠠᠵᠤ᠂ ᠭᠦᠨᠵᠡᠭᠡᠢ | ᠠᠭᠤᠰᠤᠯᠴᠠᠬᠤ ᠶᠢ ᠠᠬᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ | ᠪᠠᠶᠢᠷᠢᠰᠢᠯ ᠨᠢ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢᠶᠠᠷ ᠰᠠᠭᠤᠷᠢ | ᠪᠤᠯᠭᠠᠵᠤ᠂ ᠠᠵᠤ ᠠᠬᠤᠢ ᠶᠢᠨ ᠣᠷᠴᠢᠯ ᠢ | ᠰᠢᠯᠤᠭᠤᠳᠬᠠᠬᠤ ᠳᠤ ᠡᠯ᠎ᠡ ᠠᠵᠤ ᠦᠢᠯᠡᠰ ᠤᠨ | ᠡᠮᠬᠢ ᠵᠢᠷᠤᠮ ᠲᠠᠢ ᠪᠠᠷ ᠴᠥᠷᠬᠡᠯᠡᠬᠦ᠂ ᠥᠨᠳᠥᠷ | ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ | ᠱᠠᠭᠠᠷᠳᠠᠨ᠎ᠠ᠃ ᠠᠵᠤ ᠠᠬᠤᠢ ᠶᠢ ᠬᠥᠭᠵᠢᠭᠦᠯᠬᠦ | ᠬᠦᠴᠦᠯᠡᠬᠦ ᠴᠡᠭ ᠢ ᠦᠷᠭᠦᠯᠵᠢᠯᠡᠨ ᠪᠣᠳᠠᠲᠤ | ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ | ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ | ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ | ᠰᠦᠯᠵᠢᠶᠡᠨ ᠤ ᠬᠦᠴᠦᠷᠬᠡᠭ ᠤᠯᠤᠰ᠂ | ᠲᠣᠭᠠᠴᠢᠯᠠᠭᠰᠠᠨ ᠳᠤᠮᠳᠠᠳᠤ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠵᠤ᠂ | ᠳᠡᠯᠡᠬᠡᠢ ᠳᠡᠭᠡᠷ᠎ᠡ ᠥᠷᠢᠰᠦᠯᠳᠦᠬᠦ | ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ | ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠵᠤ | ᠦᠢᠯᠡᠰ ᠤᠨ ᠬᠥᠭᠵᠢᠯᠲᠡ ᠶᠢᠨ ᠶᠡᠭᠡ | ᠬᠠᠨᠳᠤᠰᠢ ᠶᠢ ᠳᠠᠭᠠᠵᠤ᠂ ᠳᠤᠲᠠᠭᠤᠳᠠᠯ ᠲᠠᠢ | ᠠᠵᠤ ᠦᠢᠯᠡᠰ ᠤᠨ ᠬᠡᠯᠬᠢᠶ᠎ᠡ ᠶᠢ | ᠨᠥᠬᠦᠪᠦᠷᠢᠯᠡᠬᠦ᠂ ᠳᠠᠪᠠᠭᠤᠯᠢᠭᠲᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠤᠯᠠᠮᠵᠢᠯᠠᠯᠲᠤ ᠠᠵᠤ ᠦᠢᠯᠡᠰ ᠤᠨ | ᠬᠡᠯᠬᠢᠶ᠎ᠡ ᠶᠢ ᠳᠡᠭᠡᠭᠰᠢᠯᠡᠭᠦᠯᠭᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠬᠤ ᠶᠢ ᠠᠬᠢᠭᠤᠯᠵᠤ᠂ | ᠠᠵᠤ ᠦᠢᠯᠡᠰ ᠤᠨ ᠬᠥᠭᠵᠢᠯᠲᠡ ᠶᠢᠨ | ᠦᠷᠭᠦᠯᠵᠢᠯᠡᠬᠦ ᠴᠢᠨᠠᠷ ᠪᠠ ᠥᠷᠢᠰᠦᠯᠳᠦᠬᠦ | ᠬᠦᠴᠦᠨ ᠢ ᠴᠢᠩᠭᠠᠳᠬᠠᠬᠤ ᠬᠡᠷᠡᠭᠲᠡᠢ᠃ | ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ | ᠦᠢᠯᠡᠰ ᠤᠨ ᠤᠯᠤᠰ ᠤᠨ ᠳᠣᠲᠣᠭᠠᠳᠤ | ᠭᠠᠳᠠᠭᠠᠳᠤ ᠳᠤ ᠡᠮᠬᠢ ᠵᠢᠷᠤᠮ ᠲᠠᠢ ᠪᠠᠷ | ᠰᠢᠯᠵᠢᠭᠦ ᠶᠢ ᠠᠬᠢᠭᠤᠯᠵᠤ᠂ ᠠᠵᠤ | ᠠᠬᠤᠶᠢᠯᠠᠯ ᠤᠨ ᠪᠦᠭᠦ ᠪᠥᠮᠪᠥᠷᠴᠡᠭ ᠤᠨ ᠠᠵᠤ | ᠦᠢᠯᠡᠰ ᠤᠨ ᠠᠵᠢᠯ ᠤᠨ ᠬᠤᠪᠢᠶᠠᠷᠢᠯᠠᠯ ᠪᠠ | ᠬᠠᠮᠲᠤᠷᠠᠯᠴᠠᠭ᠎ᠠ ᠳᠤ ᠭᠦᠨᠵᠡᠭᠡᠢ | ᠣᠷᠤᠯᠴᠠᠬᠤ ᠶᠢ ᠳᠡᠮᠵᠢᠵᠦ᠂ ᠳᠣᠲᠣᠭᠠᠳᠤ | ᠭᠠᠳᠠᠭᠠᠳᠤ ᠶᠢᠨ ᠠᠵᠤ ᠦᠢᠯᠡᠰ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠪᠡᠶ᠎ᠡ ᠪᠠᠨ | ᠳᠠᠭᠠᠭᠠᠵᠤ ᠡᠵᠡᠮᠳᠡᠵᠦ ᠳᠡᠶᠢᠯᠭᠦ᠂ ᠠᠮᠤᠷ | ᠲᠦᠪᠰᠢᠨ ᠨᠠᠶᠢᠳᠠᠪᠤᠷᠢᠲᠠᠢ᠂ ᠥᠷᠢᠰᠦᠯᠳᠦᠬᠦ | ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠳᠠ ᠬᠥᠳᠡᠭᠡ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ | ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠤᠨ | ᠪᠦᠷᠬᠦᠴᠡ ᠶᠢ ᠳᠡᠭᠡᠭᠰᠢᠯᠡᠭᠦᠯᠭᠦ | ᠬᠡᠷᠡᠭᠲᠡᠢ᠃ ᠬᠥᠳᠡᠭᠡ ᠲᠣᠰᠬᠤᠨ ᠤ | ᠬᠡᠷᠡᠭᠯᠡᠭᠡ ᠶᠢᠨ ᠵᠠᠬ᠎ᠠ ᠳᠡᠯᠭᠡᠭᠦᠷ ᠪᠠ | ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ | ᠪᠤᠯᠬᠤ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ᠂ ᠰᠢᠶᠠᠨ ᠤ | ᠬᠤᠲᠠ ᠪᠠᠷ ᠴᠢᠬᠤᠯᠠ ᠠᠴᠢᠶᠠᠯᠠᠪᠤᠷᠢ | ᠪᠤᠯᠭᠠᠬᠰᠠᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠤᠲᠠ ᠬᠥᠳᠡᠭᠡ ᠶᠢᠨ ᠠᠭᠤᠰᠤᠯᠴᠠᠨ | ᠭᠦᠭᠵᠢᠭᠦ ᠶᠢ ᠠᠬᠢᠭᠤᠯᠵᠤ᠂ ᠬᠤᠲᠠ | ᠬᠥᠳᠡᠭᠡ ᠶᠢᠨ ᠠᠵᠤ ᠠᠬᠤᠢ ᠶᠢᠨ | ᠬᠠᠷᠢᠯᠴᠠᠭ᠎ᠠ ᠶᠢ ᠴᠢᠩᠭᠠᠳᠬᠠᠵᠤ᠂ ᠬᠤᠲᠠ | ᠬᠥᠳᠡᠭᠡ ᠶᠢᠨ ᠠᠵᠤ ᠠᠬᠤᠢ ᠶᠢᠨ ᠡᠷᠭᠢᠯᠲᠡ ᠶᠢ | ᠰᠢᠯᠤᠭᠤᠳᠬᠠᠬᠤ ᠬᠡᠷᠡᠭᠲᠡᠢ᠃ ᠡᠯ᠎ᠡ | ᠭᠠᠵᠠᠷ ᠤᠨ ᠬᠢᠨ ᠵᠢᠵᠢᠭ ᠣᠷᠴᠢᠯ ᠢ | ᠬᠡᠷᠡᠭᠵᠢᠭᠦᠯᠬᠦ ᠶᠢ ᠰᠡᠷᠭᠡᠶᠢᠯᠡᠵᠦ᠂ ᠣᠷᠣᠨ | ᠪᠦᠰᠡ ᠶᠢᠨ ᠪᠠᠬᠢᠯᠡᠯᠲᠡ ᠶᠢ ᠠᠷᠢᠯᠭᠠᠵᠤ᠂ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠦᠨᠡᠨ ᠬᠦ ᠪᠦᠷᠢᠯᠳᠦᠭᠦᠯᠬᠦ | ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢᠨ | ᠭᠦᠨᠵᠡᠭᠡᠢ ᠠᠭᠤᠰᠤᠯᠳᠤᠯ ᠢ ᠠᠬᠢᠭᠤᠯᠵᠤ᠂ | ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠯ ᠢ ᠰᠢᠯᠢᠳᠡᠭᠵᠢᠭᠦᠯᠦᠨ᠂ ᠡᠯ᠎ᠡ | ᠲᠦᠷᠦᠯ ᠤᠨ ᠡᠯᠧᠮᠧᠨ᠋ᠲ ᠤᠨ ᠵᠦᠢ | ᠵᠣᠬᠢᠰᠲᠠᠢ ᠪᠠᠷ ᠰᠢᠯᠵᠢᠭᠦ ᠪᠠ ᠥᠨᠳᠥᠷ | ᠪᠦᠲᠦᠮᠵᠢᠲᠡᠢ ᠪᠠᠷ ᠴᠤᠭᠯᠠᠷᠠᠬᠤ ᠶᠢ | ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢ ᠰᠢᠯᠤᠭᠤᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ | ᠨᠡᠭᠡᠭᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠶᠡᠭᠡ ᠣᠷᠴᠢᠯ ᠤᠨ | ᠬᠥᠳᠡᠯᠭᠡᠬᠦ ᠬᠦᠴᠦᠨ ᠪᠣᠯᠣᠨ ᠠᠮᠢᠵᠢᠷᠠᠯ ᠤᠨ | ᠬᠦᠴᠦᠨ ᠢ ᠴᠢᠩᠭᠠᠳᠬᠠᠬᠤ ᠬᠡᠷᠡᠭᠲᠡᠢ᠃ | ᠡᠯᠧᠮᠧᠨ᠋ᠲ ᠢ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠲᠦᠷᠭᠡᠳᠬᠡᠨ ᠪᠠᠶᠢᠭᠤᠯᠬᠤ ᠬᠡᠷᠡᠭᠲᠡᠢ᠃ | ᠥᠮᠴᠢᠯᠡᠬᠦ ᠡᠷᠬᠡ ᠶᠢ ᠬᠠᠮᠠᠭᠠᠯᠠᠬᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ | ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠠᠭᠤᠷᠢ ᠪᠤᠯᠬᠤ ᠳᠦᠷᠢᠮ ᠢ | ᠲᠡᠭᠦᠯᠳᠡᠷᠵᠢᠭᠦᠯᠵᠦ᠂ ᠭᠠᠭᠴᠠᠭᠠᠷ | ᠡᠵᠡᠮᠰᠢᠯ ᠢ ᠡᠰᠡᠷᠭᠦᠴᠡᠬᠦ ᠪᠠ ᠵᠦᠢ ᠵᠣᠬᠢᠰ | ᠦᠭᠡᠢ ᠥᠷᠢᠰᠦᠯᠳᠦᠭᠡᠨ ᠢ ᠡᠰᠡᠷᠭᠦᠴᠡᠬᠦ ᠶᠢ | ᠴᠢᠩᠭᠠᠳᠬᠠᠵᠤ᠂ ᠬᠥᠷᠥᠩᠭᠡ ᠶᠢᠨ | ᠡᠷᠡᠭᠦᠯ ᠢᠶᠠᠷ ᠭᠦᠭᠵᠢᠭᠦ ᠶᠢ ᠬᠠᠤᠯᠢ | ᠶᠣᠰᠣᠭᠠᠷ ᠵᠢᠷᠤᠮᠵᠢᠭᠤᠯᠬᠤ ᠪᠠ ᠬᠥᠲᠥᠯᠥᠨ | ᠵᠢᠯᠤᠭᠤᠳᠴᠤ᠂ ᠡᠯ᠎ᠡ ᠲᠦᠷᠦᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ | ᠣᠷᠣᠭᠤᠯᠵᠤ ᠦᠢᠯᠡᠰ ᠪᠣᠰᠬᠠᠬᠤ ᠳᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ | ᠥᠭᠴᠦ᠂ ᠡᠯ᠎ᠡ ᠲᠦᠷᠦᠯ ᠤᠨ ᠡᠵᠡᠩᠨᠡᠯᠲᠡ ᠶᠢᠨ | ᠭᠤᠣᠯ ᠴᠣᠭᠴᠠ ᠶᠢᠨ ᠠᠮᠢᠳᠤᠯᠢᠭ ᠬᠦᠴᠦᠨ ᠢ | ᠬᠥᠭᠵᠢᠭᠡᠬᠦ ᠬᠡᠷᠡᠭᠲᠡᠢ᠃ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠵᠠᠷᠴᠢᠮ᠂ ᠲᠣᠭᠲᠠᠭᠠᠯ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠠᠬᠢᠭᠤᠯᠵᠤ᠂ | ᠳᠡᠯᠡᠬᠡᠢ ᠶᠢᠨ ᠶᠡᠭᠡ ᠣᠷᠴᠢᠯ ᠳᠠᠬᠢ ᠦᠭᠡ | ᠭᠡᠯᠡᠭᠦ ᠡᠷᠬᠡ ᠪᠠᠨ ᠴᠢᠩᠭᠠᠳᠬᠠᠬᠤ | ᠬᠡᠷᠡᠭᠲᠡᠢ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ | ᠤᠯᠤᠰ ᠤᠨ ᠠᠵᠤ ᠠᠬᠤᠢ ᠠᠷᠠᠯᠵᠢᠶᠠᠨ ᠤ | ᠵᠠᠷᠴᠢᠮ ᠤᠨ ᠬᠡᠯᠡᠯᠴᠡᠭᠡᠷ ᠲᠤ ᠢᠳᠡᠪᠬᠢᠲᠡᠢ | ᠣᠷᠣᠯᠴᠠᠵᠤ᠂ ᠨᠡᠭᠡᠭᠡᠯᠲᠡᠲᠤ᠂ ᠣᠯᠠᠨ | ᠡᠰᠢᠵᠢᠭᠰᠡᠨ᠂ ᠲᠣᠭᠲᠠᠭᠤᠨ ᠳᠡᠯᠡᠬᠡᠢ ᠶᠢᠨ ᠠᠵᠤ | ᠠᠬᠤᠢ ᠶᠢᠨ ᠡᠮᠬᠢ ᠳᠢᠭᠯᠢᠮ ᠢ | ᠪᠦᠷᠢᠯᠳᠦᠭᠦᠯᠬᠦ ᠶᠢ ᠠᠬᠢᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ | ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠤᠭᠠᠯᠠᠨ ᠬᠥᠳᠡᠯᠦᠯᠴᠡᠵᠦ | ᠡᠷᠭᠢᠯᠳᠦᠬᠦ ᠶᠢ ᠪᠡᠶᠡᠯᠡᠭᠦᠯᠬᠦ ᠳᠤ | ᠨᠥᠬᠦᠴᠡᠯ ᠪᠦᠷᠢᠯᠳᠦᠭᠦᠯᠬᠦ ᠦᠭᠭᠦ ᠬᠡᠷᠡᠭᠲᠡᠢ | ᠭᠡᠵᠦ ᠴᠢᠬᠤᠯᠠᠴᠢᠯᠠᠪᠠ᠃ | | | | | | | | |