| 2 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠡᠯ᠎ᠡ | ᠵᠦᠢᠯ ᠤᠨ ᠬᠤᠷᠠᠯ ᠤᠨ ᠡᠳᠦᠷ ᠤᠨ ᠳᠠᠷᠠᠭᠠᠯᠠᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ | ᠠᠮᠵᠢᠯᠲᠠ ᠲᠠᠢ ᠪᠠᠷ ᠲᠡᠭᠦᠰᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠵᠢᠶᠠᠨ ᠭᠦᠸᠧ ᠬᠤᠷᠠᠯ ᠡᠷᠭᠢᠯᠡᠪᠡ | ᠃ | | | | | | ᠬᠤᠷᠠᠯ ᠳᠡᠭᠡᠷ᠎ᠡ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ ᠤᠨ ᠠᠵᠢᠯ ᠤᠨ ᠢᠯᠡᠳᠬᠡᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ | ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠰᠢᠢᠳᠪᠦᠷᠢ ︵ᠲᠥᠰᠥᠯ︶︾ ᠶᠢ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ | ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠪᠠᠶᠢᠭᠤᠯᠭ᠎ᠠ ᠶᠢᠨ ᠡᠯ᠎ᠡ ᠲᠠᠰᠤᠭ᠂ ᠡᠯ᠎ᠡ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠤᠯᠠᠮᠵᠢᠯᠠᠨ ᠰᠤᠷᠤᠯᠴᠠᠵᠤ᠂ | ᠠᠵᠢᠯ ᠤᠨ ᠲᠥᠯᠦᠪᠵᠢᠭᠦᠯᠭᠡ ᠶᠢ ᠭᠦᠢᠴᠡᠳ ᠨᠠᠶᠢᠳᠠᠪᠤᠷᠢᠵᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠭᠦᠢᠴᠡᠳ | ᠨᠠᠶᠢᠳᠠᠪᠤᠷᠢᠵᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠪᠠᠶᠢᠭᠤᠯᠭ᠎ᠠ ᠶᠢᠨ ᠡᠯ᠎ᠡ ᠶᠠᠮᠤᠨ ᠲᠠᠰᠤᠭ᠂ ᠡᠯ᠎ᠡ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠠᠭᠠᠨ | ᠰᠤᠷᠤᠯᠴᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ | ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠬᠢᠨᠠᠯᠲᠠ | ᠲᠠᠯᠪᠢᠵᠤ ᠪᠠᠲᠤᠯᠠᠬᠤ᠂ ᠬᠡᠷᠡᠭᠵᠢᠭᠦᠯᠬᠦ ᠶᠢ ᠠᠬᠢᠭᠤᠯᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ | ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠢᠯᠵᠢᠷᠡᠯ ᠦᠭᠡᠢ︾ ᠶᠢ ᠨᠢᠭᠡ ᠴᠣᠭᠴᠠᠵᠢᠭᠤᠯᠤᠨ | ᠭᠦᠨᠵᠡᠭᠡᠢ ᠠᠬᠢᠭᠤᠯᠵᠤ᠂ ᠬᠤᠷᠢᠭᠠᠲᠤ ᠣᠷᠣᠨ ᠦᠭᠡᠢ᠂ ᠪᠦᠬᠦᠨ ᠢ ᠪᠦᠷᠬᠦᠬᠦᠯᠬᠦ᠂ ᠥᠴᠥᠬᠡᠨ ᠴᠦ ᠠᠭᠤᠴᠢᠯᠠᠬᠤ ᠦᠭᠡᠢ᠂ | ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠢᠯᠵᠢᠷᠡᠯ ᠪᠠᠶᠢᠪᠠᠯ ᠵᠠᠪᠠᠯ ᠡᠰᠡᠷᠭᠦᠴᠡᠬᠦ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ | ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ | ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠢᠭᠡ ᠬᠡᠷᠡᠭ ᠢ ᠬᠢᠨᠠᠨ ᠪᠠᠶᠢᠴᠠᠭᠠᠵᠤ ᠪᠠᠶᠢᠴᠠᠭᠠᠬᠤ ᠪᠦᠷᠢ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ | ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠪᠠᠷᠢᠮᠲᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ | ᠬᠡᠷᠡᠭ ᠢᠶᠠᠷ ᠵᠠᠰᠠᠬᠤ ᠶᠢ ᠠᠬᠢᠭᠤᠯᠬᠤ᠂ ᠰᠢᠰᠲ᠋ᠧᠮ ᠲᠠᠢ ᠪᠠᠷ ᠵᠠᠰᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠶᠢ ᠵᠡᠷᠭᠡ ᠪᠠᠷ ᠰᠦᠪᠡᠭᠴᠢᠯᠡᠬᠦ ᠶᠢ ᠪᠠᠷᠢᠮᠲᠠᠯᠠᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠤᠳᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠵᠠᠰᠠᠬᠤ ᠲᠤᠰᠬᠠᠢ ᠠᠵᠢᠯᠯᠠᠭ᠎ᠠ ᠲᠠᠢ | ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ | ᠬᠤᠷᠠᠯ ᠨᠢ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ ᠵᠢᠪᠬᠤᠯᠠᠩᠲᠤ ᠤᠯᠠᠨ | ᠤᠯᠤᠰ ᠤᠨ ᠳᠠᠭᠤᠤ ᠶᠢᠨ ᠠᠶᠠᠰ ᠤᠨ ᠳᠤᠮᠳᠠ ᠠᠮᠵᠢᠯᠲᠠ ᠲᠠᠢ ᠪᠠᠷ ᠲᠡᠭᠦᠰᠪᠡ᠃ | | | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |