ᠠᠷᠠᠳ ᠣᠯᠠᠨ ᠤ ᠠᠮᠢᠳᠤᠷᠠᠯ ᠢ ᠤᠯᠠᠮ ᠠᠴᠠ ᠤᠯᠠᠮ ᠬᠦᠰᠡᠯ ᠡᠷᠡᠮᠡᠯᠵᠡᠯ ᠲᠠᠢ ᠪᠣᠯᠭᠠᠵᠠᠢ
ᠨᠡᠶᠢᠲᠡᠯᠡᠭᠰᠡᠨ ᠴᠠᠭ᠄
2023/2/9
   ︽ᠨᠠᠮ ᠤᠨ ᠲᠥᠷᠥ ᠶᠢᠨ ᠪᠣᠳᠣᠯᠭ᠎ᠠ ᠡᠶᠢᠮᠦ ᠰᠠᠶᠢᠨ᠂ ᠰᠠᠶᠢᠨ ᠠᠵᠢᠯᠯᠠᠳᠠᠭ ᠯᠠ ᠶᠤᠮ ᠪᠣᠯ ᠠᠮᠢᠳᠤᠷᠠᠯ ᠯᠠᠪᠲᠠᠢ ᠨᠡᠩ ᠰᠠᠶᠢᠨ ᠪᠣᠯᠬᠤ ᠶᠤᠮ︾᠃ ᠣᠶᠢᠷ᠎ᠠ ᠳᠤ᠂ ᠰᠤᠷᠪᠤᠯᠵᠢᠯᠠᠭᠴᠢ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠡᠯ ᠳ᠋ᠣᠣ ᠭᠧᠦ ᠲᠣᠰᠬᠤᠨ ᠳᠤ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠶᠠᠨ ᠯᠢ ᠲᠠᠢ ᠠᠭᠤᠯᠵᠠᠬᠤ ᠳᠤ᠂ ᠲᠡᠷᠡ ᠴᠢᠷᠠᠢ ᠳᠦᠭᠦᠷᠡᠩ ᠢᠨᠢᠶᠡᠮᠰᠦᠭᠯᠡᠯ ᠲᠠᠢ ᠤᠭᠲᠤᠪᠠ᠃ 4 ᠵᠢᠯ ᠤᠨ ᠲᠤᠷᠰᠢ᠂ ᠲᠡᠷᠡ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠢ ᠳᠠᠭᠠᠭᠠᠴᠢᠯᠠᠬᠤ ᠪᠠᠷ ᠳᠠᠮᠵᠢᠭᠤᠯᠵᠤ᠂ ᠵᠢᠯ ᠪᠦᠷᠢ 300 ᠭᠠᠷᠤᠢ ᠡᠮ᠎ᠡ ᠬᠤᠨᠢ ᠲᠡᠵᠢᠭᠡᠵᠦ᠂ 270 ᠭᠠᠷᠤᠢ ᠬᠤᠷᠠᠭ᠎ᠠ ᠭᠠᠷᠪᠠ᠂ ᠶᠠᠨ ᠯᠢ ᠵᠢᠯ ᠪᠦᠷᠢ 10 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠠᠯᠢ ᠬᠡᠳᠦᠶᠢᠨ ᠴᠢᠨᠡᠭᠡᠯᠢᠭᠵᠢᠯ ᠤᠨ ᠵᠠᠮ ᠢᠶᠠᠷ ᠵᠠᠮᠨᠠᠭᠰᠠᠨ ᠪᠠᠶᠢᠨ᠎ᠠ᠃

0001.png

   ᠶᠠᠨ ᠯᠢ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠪᠣᠯ ᠳᠠᠷᠤᠢ ᠬᠤᠸᠠᠳᠧ ᠰᠢᠶᠠᠨ ᠤ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠶᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠦᠨᠡᠨ

ᠪᠣᠳᠠᠲᠠᠢ ᠵᠢᠷᠤᠭᠯᠠᠯ ᠪᠣᠯᠣᠨ᠎ᠠ᠃

   ᠬᠥᠳᠡᠭᠡ ᠲᠣᠰᠬᠤᠨ ᠪᠣᠯ ᠬᠦᠰᠡᠯ ᠡᠷᠡᠮᠡᠯᠵᠡᠯ ᠢᠶᠠᠷ ᠪᠢᠯᠬᠠᠭᠰᠠᠨ ᠬᠡᠭᠡᠷ᠎ᠡ ᠲᠠᠯ᠎ᠠ ᠮᠥᠨ᠃ ᠲᠠᠷᠢᠶᠠᠯᠠᠩ ᠬᠦᠴᠦᠷᠬᠡᠭ

ᠪᠠᠶᠢᠬᠤ ᠡᠰᠡᠬᠦ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ ᠪᠠᠶᠢᠬᠤ ᠡᠰᠡᠬᠦ᠂ ᠲᠠᠷᠢᠶᠠᠴᠢᠳ ᠪᠠᠶᠠᠨ ᠴᠢᠨᠡᠭᠡᠯᠢᠭ

ᠪᠠᠶᠢᠬᠤ ᠡᠰᠡᠬᠦ ᠨᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠶᠠᠰᠤ ᠴᠢᠨᠠᠷ ᠢ ᠨᠥᠯᠥᠭᠡᠯᠡᠵᠦ ᠪᠠᠶᠢᠨ᠎ᠠ᠃ 

ᠣᠶᠢᠷ᠎ᠠ ᠶᠢᠨ ᠵᠢᠯ ᠳᠤ᠂ ᠬᠤᠸᠠᠳᠧ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ

ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ  ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ 21 ᠠᠵᠢᠯᠯᠠᠬᠤ

ᠳᠤᠭᠤᠶᠢᠯᠠᠩ ᠤᠨ ᠲᠤᠰᠬᠠᠢ ᠠᠩᠭᠢ ᠶᠢ ᠲᠦᠯᠬᠢᠨ ᠠᠬᠢᠭᠤᠯᠬᠤ᠂ 27 ᠠᠵᠢᠯ ᠲᠥᠷᠥᠯ ᠤᠨ ᠰᠠᠯᠠᠭ᠎ᠠ ᠮᠥᠴᠢᠷ

ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠂ 106 ᠨᠢᠭᠡᠴᠡ ᠲᠣᠰᠬᠤᠨ ᠢ ᠳᠠᠭᠠᠭᠠᠴᠢᠯᠠᠨ ᠬᠤᠣᠰᠯᠠᠵᠤ

ᠬᠠᠪᠰᠤᠷᠤᠨ ᠲᠡᠳᠬᠦᠬᠦ᠂ 279 ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ 86 ᠨᠢᠭᠡᠳᠦᠭᠡᠷ ᠱᠦᠵᠢ

ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠢ ᠪᠠᠷᠢᠮᠲᠠᠯᠠᠪᠠ᠃ ᠠᠵᠢᠯᠲᠠᠨ ᠢ ᠪᠣᠳᠠᠲᠠᠶᠢᠵᠢᠭᠤᠯᠬᠤ᠂

ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯ ᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ

ᠪᠣᠳᠠᠲᠠᠶᠢᠵᠢᠭᠤᠯᠬᠤ ᠶᠢ ᠪᠠᠲᠤᠯᠠᠵᠤ᠂ ᠤᠳᠤᠷᠢᠳᠬᠤ ᠪᠠᠶᠢᠭᠤᠯᠤᠮᠵᠢ᠂ ᠠᠵᠢᠯ ᠤᠨ ᠰᠢᠰᠲ᠋ᠧᠮ᠂ ᠬᠥᠭᠵᠢᠯᠲᠡ ᠶᠢᠨ

ᠲᠥᠯᠦᠪᠵᠢᠭᠦᠯᠭᠡ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ᠂ ᠬᠢᠨᠠᠨ ᠰᠢᠯᠭᠠᠬᠤ ᠲᠣᠭᠲᠠᠴᠠ ᠵᠡᠷᠭᠡ ᠶᠢ ᠪᠦᠲᠦᠮᠵᠢᠲᠡᠢ

ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠ ᠬᠥᠳᠡᠭᠡ ᠲᠣᠰᠬᠤᠨ ᠤ ᠪᠦᠬᠦ

ᠲᠠᠯ᠎ᠠ ᠶᠢᠨ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ

ᠥᠭᠡᠳᠡ ᠲᠠᠢ ᠪᠣᠯᠭᠠᠪᠠ᠃

0002.png

   ᠠᠵᠢᠯ ᠣᠯᠭᠤᠯᠲᠠ ᠶᠢᠨ ᠪᠣᠯᠪᠠᠰᠤᠷᠠᠭᠤᠯᠤᠯ ᠢᠶᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ ᠣᠷᠣᠯᠭ᠎ᠠ ᠶᠢᠨ

ᠨᠡᠮᠡᠭᠳᠡᠯ ᠢ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠠᠩ ᠢᠲᠠ ᠬᠦᠴᠦᠨ ᠲᠠᠢ ᠪᠣᠯᠭᠠᠪᠠ᠃ ᠨᠢᠭᠡ ᠬᠥᠮᠥᠨ

ᠠᠵᠢᠯ ᠣᠯᠪᠠᠯ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠨ᠎ᠠ᠃ ᠶᠠᠳᠠᠭᠤ ᠠᠴᠠ ᠠᠩᠭᠢᠵᠢᠷᠠᠭᠰᠠᠨ ᠤᠯᠠᠨ

ᠲᠦᠮᠡᠨ ᠤ ᠠᠵᠢᠯ ᠣᠯᠭᠤᠯᠲᠠ ᠶᠢᠨ︽ᠪᠤᠳᠠᠭᠠᠨ ᠠᠶᠠᠭ᠎ᠠ︾ ᠶᠢ ᠪᠠᠲᠤᠯᠠᠬᠤ ᠶᠢᠨ ᠲᠥᠯᠥᠭᠡ᠂ ᠬᠤᠸᠠᠳᠧ ᠰᠢᠶᠠᠨ ᠤ ᠬᠢᠨ

ᠢᠮᠠᠭᠲᠠ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠶᠢ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ

ᠣᠯᠭᠤᠯᠲᠠ ᠶᠢ ᠪᠠᠲᠤᠯᠠᠬᠤ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠠᠵᠢᠯ ᠤᠨ

ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠵᠤ᠂

ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠴᠢᠨᠡᠭᠡᠯᠢᠭᠵᠢᠯ ᠤᠨ ᠵᠠᠮ ᠢ ᠬᠠᠮᠠᠭᠠᠯᠠᠵᠤ ᠥᠭᠴᠡᠢ᠃ 

︽ᠬᠤᠪᠴᠠᠰᠤ ᠬᠤᠨᠠᠷ ᠤᠨ ᠬᠤᠣᠰ ᠴᠣᠭᠴᠠᠯᠠᠯᠲᠠ ᠶᠢᠨ ᠬᠦᠷᠢᠶᠡᠯᠡᠩ︾ ︽ᠯᠢᠶᠠᠨ ᠳ᠋ᠧ ᠡᠮᠴᠢᠯᠡᠭᠡ ᠰᠤᠪᠢᠯᠠᠯᠲᠠ︾

ᠪᠠ ︽ ᠴᠢ ᠬᠠᠩ ᠭᠠᠷ ᠤᠷᠠᠯᠠᠯ ᠤᠨ ᠪᠦᠲᠦᠭᠡᠭᠳᠡᠬᠦᠨ︾ ᠵᠡᠷᠭᠡ 3 ᠠᠵᠢᠯ ᠲᠥᠷᠥᠯ ᠤᠨ ᠰᠢᠰᠲ᠋ᠧᠮ ᠢᠶᠠᠷ

ᠬᠥᠳᠡᠯᠮᠦᠷᠢ ᠶᠢ ᠬᠠᠪᠰᠤᠷᠤᠨ ᠲᠡᠳᠬᠦᠵᠦ ᠪᠣᠳᠠᠲᠠᠢ ᠶᠢ ᠡᠷᠬᠢᠮᠯᠡᠬᠦ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ

ᠪᠠᠶᠢᠭᠤᠯᠬᠤ ᠪᠠᠷ ᠳᠠᠮᠵᠢᠭᠤᠯᠤᠨ᠂︽ᠭᠤᠣᠯᠳᠠᠯᠭ᠎ᠠ ᠶᠢ ᠳᠣᠪᠤᠶᠢᠯᠭᠠᠵᠤ᠂ ᠲᠡᠩᠴᠡᠭᠦᠷᠢᠲᠡᠢ ᠠᠬᠢᠭᠤᠯᠬᠤ︾ ᠵᠠᠷᠴᠢᠮ

ᠶᠣᠰᠣᠭᠠᠷ᠂ ᠦᠢᠯᠡᠳᠦᠯᠭᠡ ᠪᠠ ᠣᠨᠣᠯ ᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠠᠪᠴᠤ

᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ᠂ ᠲᠤᠬᠠᠢ ᠶᠢᠨ ᠭᠠᠵᠠᠷ ᠲᠤᠨᠢ ᠬᠠᠨᠳᠤᠯᠭᠠᠲᠤ ᠴᠢᠨᠠᠷᠲᠠᠢ

ᠪᠣᠯᠪᠠᠰᠤᠷᠠᠭᠤᠯᠤᠯ ᠢ ᠬᠥᠳᠡᠭᠡ ᠪᠠᠭᠤᠯᠭᠠᠬᠤ᠂ ᠠᠵᠢᠯ ᠤᠨ ᠪᠠᠶᠢᠷᠢ  ᠶᠢ ᠡᠷᠦᠬᠡ ᠳᠤ ᠬᠦᠷᠭᠡᠬᠦ ᠵᠡᠷᠭᠡ ᠣᠨᠴᠠᠯᠢᠭᠲᠤ

ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠭᠡᠷ ᠠᠬᠤᠢ ᠶᠢᠨ ᠦᠢᠯᠡᠴᠢᠯᠡᠭᠡ᠂ ᠬᠥᠳᠡᠭᠡ ᠲᠣᠰᠬᠤᠨ ᠤ

ᠬᠡᠷᠡᠭᠯᠡᠭᠡᠨ ᠤ ᠮᠡᠷᠭᠡᠵᠢᠯ᠂ ᠲᠡᠵᠢᠭᠡᠨ ᠦᠷᠡᠵᠢᠭᠦᠯᠬᠦ ᠦᠢᠯᠡᠰ᠂ ᠬᠤᠪᠴᠠᠰᠤ ᠣᠶᠣᠳᠠᠯ ᠤᠨ ᠠᠵᠢᠯᠴᠢᠨ᠂

ᠪᠠᠷᠢᠯᠭ᠎ᠠ ᠶᠢᠨ ᠠᠵᠢᠯᠴᠢᠨ᠂ ᠴᠠᠬᠢᠯᠭᠠᠨ ᠤ ᠠᠵᠢᠯᠴᠢᠨ᠂ ᠭᠠᠩᠨᠠᠭᠤᠷᠴᠢᠨ᠂ ᠦᠢᠯᠡᠰ ᠪᠣᠰᠬᠠᠬᠤ ᠪᠣᠯᠪᠠᠰᠤᠷᠠᠯ

ᠵᠡᠷᠭᠡ ᠳᠤ ᠬᠤᠯᠪᠣᠭᠳᠠᠭᠰᠠᠨ 179 ᠲᠠᠯᠠᠪᠤᠷ ᠤᠳᠠᠭ᠎ᠠ ᠶᠢ ᠨᠡᠶᠢᠲᠡ ᠥᠷᠨᠢᠭᠦᠯᠪᠡ᠃ ᠥᠪᠡᠷ ᠤᠨ ᠭᠠᠷ ᠢᠶᠠᠷ ᠢᠶᠠᠨ

ᠬᠡᠷᠡᠭᠯᠡᠭᠡᠨ ᠤ ᠮᠡᠷᠭᠡᠵᠢᠯ ᠢᠶᠠᠨ ᠲᠠᠷᠢᠶᠠᠨ ᠭᠠᠵᠠᠷ ᠲᠤ ᠬᠦᠷᠭᠡᠵᠦ᠂ ᠲᠡᠷᠡᠴᠢᠯᠡᠨ ᠣᠷᠣᠨ ᠪᠦᠰᠡ ᠶᠢᠨ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠳᠠᠪᠠᠭᠤᠯᠢᠭ ᠲᠤ ᠴᠢᠭᠯᠡᠭᠦᠯᠦᠨ᠂ ᠬᠤᠨᠢ ᠲᠡᠮᠡᠭᠡᠨ ᠨᠣᠯᠤᠥᠷ ᠤᠨ ᠬᠦᠢᠲᠡᠨ ᠢ

ᠰᠡᠷᠭᠡᠶᠢᠯᠡᠬᠦ ᠬᠤᠪᠴᠠᠰᠤᠨ ᠤ ᠠᠵᠤ ᠦᠢᠯᠡᠰ ᠲᠤ ᠲᠦᠰᠢᠭᠯᠡᠨ᠂ ᠠᠯᠠᠰᠢᠨ ᠬᠤᠨᠢ ︵ᠠᠯᠠᠰᠢᠨ ᠦᠬᠡᠷ︶ ᠶᠢ ᠡᠷᠦᠬᠡ

ᠬᠤᠪᠢᠶᠠᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠬᠦᠢᠲᠡᠨ

ᠰᠡᠷᠢᠭᠦᠨ ᠢᠳᠡᠰᠢᠨ ᠨᠣᠭᠤᠭ᠎ᠠ ᠳᠠᠷᠢᠬᠤ᠂ ᠬᠠᠶᠢᠯᠤᠰᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ

ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠲᠤ ᠲᠦᠰᠢᠭᠯᠡᠵᠦ᠂ 1623 ᠬᠥᠮᠥᠨ ᠤ ᠲᠠᠩᠰᠠ ᠡᠪᠬᠡᠮᠡᠯ

ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠ ᠠᠵᠢᠯ ᠣᠯᠬᠤ ᠨᠥᠬᠦᠴᠡᠯ ᠳᠤ ᠨᠡᠶᠢᠴᠡᠬᠦ

ᠣᠨᠳᠣᠣ ᠭᠠᠵᠠᠷ ᠲᠤ ᠨᠡᠭᠦᠯᠭᠡᠨ ᠲᠥᠪᠬᠢᠨᠡᠭᠦᠯᠬᠦ ᠴᠡᠭ ᠤᠨ 1270 ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠵᠦ

᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠦᠨᠳᠦᠰᠦᠨ ᠵᠦᠢᠯ ᠢ ᠪᠠᠲᠤᠯᠠᠬᠤ᠂

ᠪᠣᠯᠪᠠᠰᠤᠷᠠᠭᠤᠯᠤᠯ ᠤᠨ ᠳᠠᠷᠠᠭ᠎ᠠ ᠠᠵᠢᠯ ᠣᠯᠭᠤᠬᠤ᠂ ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠦᠷᠢ

ᠣᠯᠭᠤᠵᠤ ᠬᠠᠪᠰᠤᠷᠤᠨ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 2583 ᠬᠥᠮᠥᠨ ᠳᠤ ᠠᠵᠢᠯ

ᠣᠯᠭᠤᠬᠤ ᠶᠢ ᠪᠡᠶᠡᠯᠡᠭᠦᠯᠪᠡ᠃

   ᠬᠥᠳᠡᠭᠡ ᠲᠣᠰᠬᠤᠨ ᠤ ᠣᠨᠴᠠ ᠭᠠᠷᠤᠯᠲᠠ ᠶᠢᠨ︽ᠲᠦᠷᠦᠯ ᠲᠡᠮᠳᠡᠭ ᠤᠨ ᠳᠠᠶᠢᠨ︾ ᠢ ᠡᠬᠢᠯᠡᠭᠦᠯᠵᠦ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠵᠠᠮ ᠳᠤ ᠣᠷᠤᠭᠤᠯᠪᠡ᠃ ᠶᠠᠳᠠᠭᠤ ᠠᠴᠠ ᠠᠩᠭᠢᠵᠢᠷᠠᠭᠤᠯᠬᠤ

 ᠨᠢ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ ᠪᠣᠯᠣᠨ᠎ᠠ᠃ ᠬᠤᠸᠠᠳᠧ

ᠰᠢᠶᠠᠨ ᠤ ᠬᠢᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠦᠨᠳᠦᠰᠦᠨ

ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠶᠠᠨ ᠤ ᠲᠦᠷᠭᠡᠨ ᠬᠥᠭᠵᠢᠯᠲᠡ ᠶᠢ

ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂︽ᠳᠥᠷᠪᠡ ᠶᠢ ᠰᠠᠯᠭᠠᠬᠤ ᠦᠭᠡᠢ︾ ᠶᠢ ᠥᠨᠳᠥᠷ

ᠦᠷ᠎ᠡ ᠪᠦᠲᠦᠮᠵᠢᠲᠡᠢ ᠪᠠᠷ ᠨᠠᠶᠢᠳᠠᠪᠤᠷᠢᠵᠢᠭᠤᠯᠵᠤ᠂ ᠪᠦᠬᠦ ᠰᠢᠶᠠᠨ ᠳᠤ ᠡᠩ ᠲᠡᠷᠢᠭᠦᠨ ᠳᠤ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠢ ᠵᠣᠯᠭᠠᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂

ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠨᠢᠭᠡᠴᠡ ᠶᠢᠨ ᠰᠢᠯᠢᠳᠡᠭ ᠢ ᠰᠣᠩᠭᠤᠵᠤ ᠪᠦᠷᠢᠨ ᠲᠣᠬᠢᠷᠠᠭᠤᠯᠵᠠᠢ᠃ 

ᠪᠥᠬᠦ ᠵᠢᠯ ᠳᠤ ᠡᠯ᠎ᠡ ᠲᠥᠷᠥᠯ ᠤᠨ ᠪᠡᠯᠡ ᠮᠥᠩᠭᠦ ᠶᠢ 2.14 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂

73 ᠲᠥᠷᠥᠯ ᠵᠦᠢᠯ ᠢ ᠬᠡᠷᠡᠭᠵᠢᠭᠦᠯᠪᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ

ᠬᠠᠪᠰᠤᠷᠤᠨ ᠲᠡᠳᠬᠦᠬᠦ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠢᠭ᠋ ᠲᠣᠭᠲᠠᠭᠠᠨ ᠬᠠᠪᠰᠤᠷᠤᠨ

ᠲᠡᠳᠬᠦᠬᠦ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠡᠯ᠎ᠡ

ᠲᠥᠷᠥᠯ ᠤᠨ ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ︽

ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ

ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠠᠵᠤ

ᠦᠢᠯᠡᠰ ᠢᠶᠠᠷ ᠲᠡᠳᠬᠦᠨ ᠳᠡᠮᠵᠢᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ

ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂

60 ᠡᠷᠦᠬᠡ 116 ᠬᠥᠮᠥᠨ ᠢ ᠢᠯᠭᠠᠨ ᠲᠠᠨᠢᠬᠤ ᠠᠵᠢᠯ ᠢ ᠴᠠᠭ ᠲᠤᠬᠠᠢ ᠳᠤᠨᠢ ᠬᠢᠨᠠᠨ ᠬᠡᠮᠵᠢᠯᠲᠡ ᠳᠤ

ᠣᠷᠣᠭᠤᠯᠬᠤ ᠶᠢᠨ ᠬᠠᠮᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠤᠴᠢᠲᠠᠢ ᠪᠠᠷ

ᠨᠠᠶᠢᠳᠠᠪᠤᠷᠢᠵᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠵᠢᠱᠢᠶ᠎ᠡ

ᠦᠵᠡᠭᠦᠯᠬᠦ ᠣᠷᠣᠨ ᠢ 1 ᠪᠠᠶᠢᠭᠤᠯᠵᠤ᠂ ᠠᠵᠤ ᠦᠢᠯᠡᠰ ᠤᠨ ᠵᠠᠮ ᠪᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ

31 ᠺᠢᠯᠣᠮᠧᠲᠷ ᠪᠦᠲᠦᠭᠡᠨ ᠪᠠᠶᠢᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠠᠯᠠᠰᠢᠨ ᠬᠤᠨᠢᠨ ᠤ ᠰᠠᠶᠢᠨ

ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ 5 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ

ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠪᠠ᠃15 ᠲᠦᠮᠡᠨ ᠮᠦ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ

ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠬᠡᠷᠡᠭᠵᠢᠭᠦᠯᠵᠦ᠂ 7.14 ᠲᠦᠮᠡᠨ ᠮᠦ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 65 ᠲᠦᠮᠡᠨ ᠮᠦ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ

ᠳᠠᠷᠢᠵᠤ᠂ ᠤᠨᠠᠯᠲᠠ ᠨᠢ 1.24 ᠳ᠋ᠦᠩᠰᠢᠭᠤᠷ ᠵᠢᠩ ᠳᠤ ᠬᠥᠷᠪᠡ᠃ ᠬᠠᠭᠤᠷᠠᠢ ᠪᠠᠷ ᠳᠠᠷᠢᠬᠤ ᠣᠷᠭᠠᠨᠢᠭ

ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠬᠠᠭᠤᠷᠠᠢ ᠪᠠᠷ ᠳᠠᠷᠢᠬᠤ ᠣᠷᠭᠠᠨᠢᠭ ᠪᠤᠭᠤᠳᠠᠢ᠂ ᠨᠣᠬᠠᠢ ᠶᠢᠨ ᠬᠤᠰᠢᠭᠤ ᠶᠢ

3.62 ᠲᠦᠮᠡᠨ ᠮᠦ ᠲᠠᠷᠢᠪᠠ᠃ ᠠᠷᠤ ᠭᠠᠵᠠᠷ ᠤᠨ ᠬᠠᠨᠹᠧᠩ ᠤᠨ ᠣᠷᠭᠠᠨᠢᠭ ᠲᠡᠭᠡᠷᠮ᠎ᠡ ᠶᠢᠨ ᠭᠤᠯᠢᠷ ᠨᠢ ︽

ᠤᠯᠠᠭᠠᠨᠴᠠᠪ︾ ᠤᠨ ᠨᠠᠷᠠᠲᠤ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠪᠡ᠃ ᠠᠯᠠᠰᠢᠨ ᠬᠤᠨᠢᠨ ᠤ ᠠᠵᠤ

ᠦᠢᠯᠡᠰ ᠢ ᠬᠥᠭᠵᠢᠭᠦᠯᠵᠦ᠂ ᠠᠯᠠᠰᠢᠨ ᠬᠤᠨᠢ ︵ᠦᠬᠡᠷ︶ ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ

ᠬᠦᠷᠢᠶᠡᠯᠡᠩ ᠢ 10 ᠪᠠᠶᠢᠭᠤᠯᠵᠤ᠂ ᠪᠠᠷᠢᠮᠵᠢᠶᠠᠵᠢᠭᠤᠯᠤᠭᠰᠠᠨ ᠡᠭᠦᠯᠳᠡᠷ ᠤᠨ ᠬᠤᠨᠢ ᠶᠢ ᠦᠷᠡᠵᠢᠭᠦᠯᠦᠨ ᠪᠣᠶᠢᠵᠢᠭᠤᠯᠬᠤ

ᠰᠠᠭᠤᠷᠢᠨ ᠭᠠᠵᠠᠷ ᠢ 1 ᠪᠠᠶᠢᠭᠤᠯᠵᠤ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ᠂ ᠬᠥᠮᠥᠨ ᠮᠠᠯ ᠢ ᠰᠠᠯᠭᠠᠬᠤ ᠦᠷ᠎ᠡ

ᠪᠦᠲᠦᠮᠵᠢ ᠶᠢ ᠲᠣᠪᠣᠶᠢᠮ᠎ᠠ ᠪᠣᠯᠭᠠᠪᠠ ᠃ ᠪᠥᠬᠦ ᠵᠢᠯ ᠤᠨ ᠠᠯᠠᠰᠢᠨ ᠬᠤᠨᠢᠨ ᠤ ᠲᠤᠭ᠎ᠠ 52.5 ᠲᠦᠮᠡ ᠳᠤ ᠬᠦᠷᠴᠦ᠂

ᠭᠠᠷᠭᠠᠯᠲᠠ ᠶᠢᠨ ᠲᠤᠭ᠎ᠠ 65 ᠲᠦᠮᠡ ᠳᠤ ᠬᠦᠷᠴᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ

︽ᠪᠦᠯᠬᠦᠮ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ

ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠰᠢᠨᠵᠢᠯᠡᠬᠦ

ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 6 ᠵᠦᠢᠯᠡᠰ ᠢ ᠬᠡᠷᠡᠭᠵᠢᠭᠦᠯᠪᠡ᠃ ᠲᠠᠷᠢᠶᠠᠯᠠᠩ ᠤᠨ ᠪᠦᠲᠦᠭᠡᠭᠳᠡᠬᠦᠨ ᠤ

ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ

ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ

ᠲᠤᠷᠰᠢᠯᠲᠠ ᠵᠢᠨ‌‍ᠰᠦ᠋ᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠳᠪᠦᠷᠢᠯᠡᠯ ᠪᠣᠷᠤᠯᠠᠭᠤᠯᠭ᠎ᠠ ᠶᠢ

ᠵᠣᠯᠭᠠᠭᠤᠯᠬᠤ ᠬᠤᠷᠠᠯ ᠢ ᠡᠷᠬᠢᠯᠡᠵᠦ᠂ ᠲᠠᠷᠢᠶᠠᠯᠠᠩ ᠤᠨ ᠣᠨᠴᠠ ᠭᠠᠷᠤᠯᠲᠠ ᠶᠢᠨ ᠵᠢᠯ ᠤᠨ ᠪᠣᠷᠤᠯᠠᠭᠤᠯᠭ᠎ᠠ ᠶᠢᠨ

ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠪᠠ᠃

   ᠠᠷᠠᠳ ᠲᠤ ᠠᠰᠢᠭ ᠬᠦᠷᠲᠡᠭᠡᠬᠦ ︽ᠰᠠᠶᠢᠨ ᠲᠦᠷᠦ ᠶᠢᠨ ᠪᠣᠳᠣᠯᠭ᠎ᠠ︾ ᠶᠢ ᠬᠡᠷᠡᠭᠵᠢᠭᠦᠯᠵᠦ᠂ ᠠᠷᠠᠳ ᠤᠨ

ᠠᠮᠢᠳᠤᠷᠠᠯ ᠤᠨ ︽ᠰᠢᠨ᠎ᠡ ᠠᠵᠠ ᠵᠢᠷᠭᠠᠯ︾ ᠢ ᠨᠡᠮᠡᠭᠳᠡᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ

ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ

ᠬᠠᠮᠠᠭᠠᠯᠠᠯ ᠤᠨ ᠲᠠᠰᠤᠭ ᠢ ᠲᠣᠬᠢᠷᠠᠭᠤᠯᠤᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠵᠤ᠂ ᠰᠢᠶᠠᠨ ᠤ

ᠡᠮᠨᠡᠯᠭᠡ ᠶᠢᠨ ᠬᠤᠷᠢᠶ᠎ᠠ ᠶᠢᠨ ᠨᠠᠮ ᠤᠨ ᠡᠭᠦᠷ ᠤᠨ ᠱᠦᠵᠢ ᠪᠠ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ

ᠳᠠᠷᠤᠭ᠎ᠠ ᠶᠢ ᠤᠷᠢᠨ ᠬᠡᠷᠡᠭᠯᠡᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠣᠷᠣᠨ

ᠰᠠᠭᠤᠴᠠ ᠶᠢᠨ ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠪᠠ ᠬᠢᠲᠠᠳ ᠮᠣᠩᠭᠤᠯ ᠤᠨ ᠡᠮᠨᠡᠯᠭᠡ ᠶᠢᠨ

ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠣᠷᠣᠨ ᠰᠠᠭᠤᠴᠠ ᠶᠢᠨ ᠭᠤᠣᠯ ᠴᠣᠭᠴᠠ ᠵᠢᠨ‌‍ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠭᠤᠷᠪᠠᠳᠤᠭᠠᠷ᠂ ᠳᠥᠷᠪᠡᠳᠦᠭᠡᠷ

ᠬᠡᠦᠬᠡᠳ ᠤᠨ ᠴᠡᠴᠡᠷᠯᠢᠭ ᠢ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠢᠶᠠᠷ ᠦᠨᠡᠯᠡᠨ ᠲᠤᠭᠲᠠᠭᠠᠭᠳᠠᠵᠤ

᠂ ᠲᠠᠪᠤᠳᠤᠭᠠᠷ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠵᠤ ᠳᠠᠭᠤᠰᠬᠠᠨ᠂ ᠲᠦᠭᠡᠮᠡᠯ ᠬᠠᠷᠠᠭᠠᠯᠵᠠᠯ ᠤᠨ

ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠪᠡ᠃ ᠨᠢᠭᠡᠳᠦᠭᠡᠷ

ᠳᠤᠮᠳᠠᠳᠤ ᠰᠤᠷᠭᠠᠭᠤᠯᠢ ᠬᠢᠭᠡᠳ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠵᠢᠨᠢᠩ ᠨᠢᠭᠡᠳᠦᠭᠡᠷ

ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠦᠷ᠎ᠡ ᠪᠦᠲᠦᠮᠵᠢ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ

ᠵᠣᠬᠢᠰᠲᠠᠢ ᠲᠣᠬᠢᠷᠠᠭᠤᠯᠵᠤ᠂ ᠳ᠋ᠧ ᠱᠠᠨ᠂ ᠯᠢᠦ ᡁᠢ ᠵᠢᠶᠠᠨ᠂ ᠵᠢᠷᠠᠨ ᠴᠢᠩ ᠭᠤᠷᠪᠠᠨ ᠰᠤᠷᠭᠠᠭᠤᠯᠢ ᠶᠢ ᠬᠠᠰᠤᠵᠤ

ᠨᠡᠶᠢᠯᠡᠭᠦᠯᠦᠨ᠂ 37 ᠪᠠᠭᠰᠢ ᠡᠯᠰᠡᠪᠡ᠃ 9 ᠰᠤᠷᠭᠠᠭᠤᠯᠢ ᠶᠢᠨ ᠭᠠᠯ ᠤᠨᠲᠠᠷᠠᠭᠠᠬᠤ ᠢᠨᠵᠧᠨᠧᠷᠢᠩ ᠢ ᠥᠭᠡᠷᠡᠴᠢᠯᠡᠵᠦ᠂

ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠢᠷᠤᠮᠵᠢᠭᠤᠯᠵᠤ᠂ ᠠᠮᠤᠷ

ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ 

ᠬᠤᠲᠠ ᠪᠠᠯᠭᠠᠰᠤᠨ ᠤ 1339 ᠬᠥᠮᠥᠨ ᠳᠤ ᠰᠢᠨ᠎ᠡ ᠪᠠᠷ ᠠᠵᠢᠯ ᠣᠯᠭᠤᠵᠤ᠂ 718 ᠬᠥᠮᠥᠨ ᠳᠤ ᠠᠮᠢᠳᠤᠯᠢᠭ ᠢᠶᠠᠷ

ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠵᠤ᠂ 480 ᠲᠦᠮᠡᠨ ᠲᠥᠭᠦᠷᠢᠭ ᠤᠨ ᠠᠳᠠᠯ

ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ

ᠠᠯᠳᠠᠯᠲᠠ ᠶᠢᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠠᠪᠤᠷᠠᠨ ᠲᠤᠰᠠᠯᠠᠬᠤ

ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ

ᠮᠥᠩᠭᠦ ᠶᠢ 1.46 ᠳ᠋ᠦᠩᠰᠢᠭᠤᠷ ᠲᠥᠭᠦᠷᠢᠭ ᠲᠠᠷᠬᠠᠭᠠᠪᠠ᠃ ᠡᠮ ᠡᠮᠨᠡᠯᠭᠡ᠂ ᠠᠵᠢᠯ ᠠᠯᠳᠠᠯᠲᠠ ᠵᠡᠷᠭᠡ ᠨᠡᠶᠢᠭᠡᠮ ᠤᠨ

ᠳᠠᠭᠠᠳᠬᠠᠯ ᠤᠨ ᠳᠠᠭᠠᠳᠬᠠᠯ ᠳᠤ ᠣᠷᠣᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ

ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 98% ᠳᠤ ᠬᠦᠷᠪᠡ᠃ 

ᠠᠷᠠᠳ ᠤᠨ ᠠᠮᠢᠳᠤᠷᠠᠯ ᠤᠨ ᠪᠣᠳᠠᠲᠠᠢ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠪᠠᠶᠠᠨᠲᠠᠯ᠎ᠠ ᠰᠢᠶᠠᠩ ᠳᠤ

ᠡᠩ ᠲᠡᠷᠢᠭᠦᠨ ᠳᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ

ᠪᠠᠶᠢᠭᠤᠯᠬᠤ ᠲᠤᠷᠰᠢᠯᠲᠠ ᠬᠢᠵᠦ᠂ ᠬᠥᠳᠡᠭᠡ ᠲᠣᠰᠬᠤᠨ ᠤ ︽10 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠬᠦᠷᠢᠶ᠎ᠡ︾ ᠶᠢ ᠡᠬᠢᠯᠡᠭᠦᠯᠪᠡ᠃

   ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠰᠢᠨ

ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ

ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ

ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠣᠯᠣᠨ᠎ᠠ᠃ 2021 ᠣᠨ ᠠᠴᠠ ᠡᠬᠢᠯᠡᠨ᠂ 

ᠬᠤᠸᠠᠳᠧ ᠰᠢᠶᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠦᠲᠦᠮᠵᠢᠲᠡᠢ

ᠠᠬᠢᠭᠤᠯᠵᠤ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠭᠦᠨᠵᠡᠭᠡᠢ ᠰᠠᠶᠢᠲᠤᠷ ᠠᠳᠬᠤᠵᠤ᠂ ᠬᠥᠳᠡᠭᠡ

ᠲᠣᠰᠬᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ

ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ

ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ

ᠬᠥᠳᠡᠭᠡ ᠲᠣᠰᠬᠤᠨ ᠢ ᠵᠠᠯᠭᠠᠯᠳᠤᠭᠤᠯᠤᠨ ᠴᠣᠭᠴᠠᠯᠠᠪᠠ᠃ ︽ ᠬᠤᠸᠠᠳᠧ ᠰᠢᠶᠠᠨ ᠤ ᠬᠥᠮᠥᠰ ᠤᠨ ᠣᠷᠣᠰᠢᠨ ᠰᠠᠭᠤᠬᠤ

ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾

 ᠢ ᠦᠨᠳᠦᠰᠦᠯᠡᠵᠦ᠂ ᠬᠥᠳᠡᠭᠡ ᠲᠣᠰᠬᠤᠨ ᠤ ᠬᠤᠭ ᠨᠣᠪᠰᠢ ᠶᠢ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ᠂ ᠡᠭᠦᠷᠭᠡ᠂

ᠪᠠᠷᠢᠮᠵᠢᠶ᠎ᠠ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠤᠯᠠᠮ ᠴᠢᠨᠠᠭᠰᠢᠳᠠ ᠲᠣᠳᠣᠷᠬᠠᠶᠢᠯᠠᠪᠠ᠃ ᠰᠢᠶᠠᠨ ᠤ

ᠡᠳ᠋ ᠤᠨ ᠵᠠᠰᠠᠭ ᠠᠴᠠ ᠤᠷᠢᠳ ᠬᠤᠵᠢᠳ 1642 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠡᠯ᠎ᠡ

ᠰᠢᠶᠠᠩ ᠪᠠᠯᠭᠠᠰᠤᠨ ᠳᠤ ᠢᠵᠢ ᠪᠦᠷᠢᠳᠦᠭᠦᠯᠦᠭᠰᠡᠨ ᠬᠤᠭ ᠨᠣᠪᠰᠢ ᠵᠥᠭᠡᠭᠡᠪᠦᠷᠢᠯᠡᠬᠦ 12 ᠲᠡᠷᠭᠡ᠂ 236 ᠲᠣᠮᠣ

ᠬᠡᠯᠪᠡᠷᠢ ᠶᠢᠨ ᠬᠤᠭ ᠨᠣᠪᠰᠢ ᠶᠢᠨ ᠠᠪᠳᠠᠷ᠎ᠠ ᠬᠤᠳᠠᠯᠳᠤᠨ ᠠᠪᠴᠤ᠂ ᠵᠡᠷᠭᠡᠯᠡᠳᠡᠭᠡ 3 ᠲᠣᠰᠬᠤᠨ ᠪᠦᠷᠢ ᠳᠤ 1

ᠳᠥᠭᠦᠮᠬᠡᠨ ᠬᠤᠭ ᠨᠣᠪᠰᠢ ᠪᠤᠯᠠᠬᠤ ᠲᠠᠯᠠᠪᠠᠢ ᠪᠠᠶᠢᠭᠤᠯᠵᠠᠢ᠃ ︽ᠳᠣᠯᠤᠭ᠎ᠠ ᠶᠢ ᠴᠡᠪᠡᠷᠯᠡᠵᠦ ᠨᠢᠭᠡ ᠶᠢ ᠨᠤᠷᠠᠭᠠᠬᠤ︾ ︵

ᠠᠶᠢᠯ ᠲᠣᠰᠬᠤᠨ ᠤ ᠲᠦᠯᠡᠰᠢ ᠶᠢᠨ ᠣᠪᠣᠭ᠎ᠠ᠂ ᠡᠪᠡᠰᠦᠨ ᠣᠪᠣᠭ᠎ᠠ ᠶᠢ ᠴᠡᠪᠡᠷᠯᠡᠨ ᠵᠠᠰᠠᠬᠤ᠂ ᠮᠠᠯ ᠤᠨ ᠪᠠᠭᠠᠰᠤ

ᠰᠢᠭᠡᠰᠦᠨ ᠤ ᠣᠪᠣᠭ᠎ᠠ ᠶᠢ ᠴᠡᠪᠡᠷᠯᠡᠨ ᠵᠠᠰᠠᠬᠤ᠂ ᠬᠠᠶᠠᠭᠳᠠᠮᠠᠯ ᠬᠠᠭᠤᠴᠢᠨ ᠪᠠᠭᠠᠨ᠎ᠠ ᠨᠢᠷᠤᠭᠤ ᠶᠢ ᠴᠡᠪᠡᠷᠯᠡᠨ ᠵᠠᠰᠠᠬᠤ᠂

ᠠᠶᠢᠯ ᠲᠣᠰᠬᠤᠨ ᠤ ᠬᠤᠭ ᠨᠣᠪᠰᠢ ᠶᠢᠨ ᠣᠪᠣᠭ᠎ᠠ ᠶᠢ ᠴᠡᠪᠡᠷᠯᠡᠨ ᠵᠠᠰᠠᠬᠤ᠂ ᠬᠦᠷᠢᠶ᠎ᠡ ᠬᠠᠰᠢᠶ᠎ᠠ ᠶᠢᠨ ᠣᠷᠴᠢᠨ

ᠲᠣᠭᠤᠷᠢᠨ ᠤ ᠠᠷᠢᠭᠤᠨ ᠴᠡᠪᠡᠷ ᠢ ᠴᠡᠪᠡᠷᠯᠡᠨ ᠵᠠᠰᠠᠬᠤ᠂ ᠠᠶᠢᠯ ᠲᠣᠰᠬᠤᠨ ᠤ ᠳᠣᠲᠣᠷᠠᠬᠢ ᠴᠠᠭᠠᠨ ᠥᠩᠭᠡ ᠶᠢᠨ

ᠬᠤᠭ ᠨᠣᠪᠰᠢ ᠶᠢ ᠴᠡᠪᠡᠷᠯᠡᠨ ᠵᠠᠰᠠᠬᠤ᠂ ᠰᠢᠶᠠᠩ ᠪᠠᠯᠭᠠᠰᠤ᠂ ᠠᠶᠢᠯ ᠲᠣᠰᠬᠤᠨ ᠤ ᠵᠠᠮ ᠳᠠᠭᠠᠤ ᠶᠢᠨ ᠬᠤᠶᠠᠷ

ᠬᠠᠵᠠᠭᠤ ᠳᠤ ᠨᠡᠪᠲᠡᠷᠡᠬᠦ ᠬᠤᠭ ᠨᠣᠪᠰᠢ ᠶᠢ ᠴᠡᠪᠡᠷᠯᠡᠨ ᠵᠠᠰᠠᠬᠤ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ

ᠨᠤᠷᠠᠭᠠᠬᠤ︶ ᠪᠠᠷ ᠭᠤᠣᠯᠳᠠᠯᠭ᠎ᠠ ᠪᠣᠯᠭᠠᠭᠰᠠᠨ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ

ᠭᠤᠣᠯᠳᠠᠯᠭ᠎ᠠ ᠲᠠᠢ ᠶᠠᠪᠤᠭᠳᠠᠭᠤᠯᠪᠠ᠃ ᠣᠳᠣᠬᠠᠨ ᠪᠣᠯᠲᠠᠯ᠎ᠠ᠂ ᠪᠦᠬᠦ ᠰᠢᠶᠠᠨ ᠤ 6 ᠰᠢᠶᠠᠩ ᠪᠠᠯᠭᠠᠰᠤ ᠶᠢᠨ 86

ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ 20 ᠭᠠᠷᠤᠢ ᠲᠦᠮᠡᠨ

ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ ᠲᠣᠰᠬᠤᠨ ᠤ ᠳᠣᠲᠣᠷᠠᠬᠢ ᠭᠤᠤ ᠰᠤᠪᠠᠭ ᠢ 75 ᠺᠢᠯᠤᠮᠧᠲᠷ 

ᠴᠡᠪᠡᠷᠯᠡᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠳᠤᠯ ᠵᠡᠷᠭᠡ ᠲᠠᠷᠢᠶᠠᠯᠠᠩ ᠤᠨ

ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 143900 ᠲᠣᠨ ᠴᠡᠪᠡᠷᠯᠡᠵᠦ᠂ ᠲᠠᠷᠢᠶᠠᠴᠢᠨ ᠤᠯᠠᠨ ᠲᠦᠮᠡᠨ ᠢ

ᠳᠠᠶᠢᠴᠢᠯᠠᠨ 36910 ᠬᠥᠮᠥᠨ ᠤᠳᠠᠭ᠎ᠠ ᠬᠦᠴᠦ ᠬᠥᠳᠡᠯᠮᠦᠷᠢ ᠣᠷᠣᠭᠤᠯᠵᠤ᠂ ᠲᠣᠰᠬᠤᠨ ᠳᠤ ᠬᠦᠷᠴᠦ ᠡᠷᠦᠬᠡ ᠳᠤ

ᠬᠦᠷᠴᠦ 528 ᠤᠳᠠᠭ᠎ᠠ ᠤᠬᠠᠭᠤᠯᠭ᠎ᠠ ᠬᠥᠮᠦᠵᠢᠯ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠢ 32210 ᠬᠤᠪᠢ

ᠲᠠᠷᠬᠠᠭᠠᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ 519 ᠡᠷᠦᠬᠡ ᠶᠢᠨ ᠵᠣᠷᠯᠣᠩ ᠤᠨ

ᠥᠭᠡᠷᠡᠴᠢᠯᠡᠯᠲᠡ ᠶᠢ ᠪᠡᠶᠡᠯᠡᠭᠦᠯᠵᠡᠢ᠃ ᠲᠡᠷᠡᠴᠢᠯᠡᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ

ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ

ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ

ᠤᠯᠠᠮ ᠨᠢᠭᠡ ᠠᠯᠬᠤᠮ ᠰᠠᠶᠢᠵᠢᠷᠠᠭᠤᠯᠪᠠ᠃

   ᠠᠭᠤᠯᠠ ᠤᠰᠤ ᠶᠢ ᠪᠠᠷᠠᠯᠠᠬᠤᠶ᠎ᠠ ᠨᠤᠲᠤᠭ ᠢᠶᠠᠨ ᠳᠤᠷᠠᠰᠤᠨ ᠰᠠᠨᠠᠭᠠᠯᠵᠠᠵᠤ᠂ ᠦᠵᠡᠰᠭᠦᠯᠡᠩᠲᠦ ᠬᠤᠸᠠᠳᠧ 

ᠵᠢᠷᠤᠭ ᠲᠤ ᠣᠷᠤᠵᠤ ᠢᠷᠡᠮᠦᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠬᠥᠳᠡᠭᠡ ᠲᠣᠰᠬᠤᠨ

ᠨᠢᠭᠡᠪᠦᠷᠢ ᠪᠠ ᠨᠤᠲᠤᠭ ᠤᠨ ᠠᠬ᠎ᠠ ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ

ᠬᠠᠷᠠᠭᠤᠯᠵᠠᠢ᠃ ᠰᠠᠯᠬᠢᠨ ᠤ ᠠᠶ᠎ᠠ ᠪᠠᠷ ᠰᠠᠷᠠᠨ ᠤ ᠠᠶ᠎ᠠ ᠶᠢ ᠬᠥᠭᠡᠭᠡᠬᠦ ᠳᠤ ᠵᠣᠭᠰᠣᠬᠤ ᠶᠢᠨ ᠠᠷᠭ᠎ᠠ ᠦᠭᠡᠢ᠂

ᠠᠲᠠᠷᠰᠢᠭᠰᠠᠨ ᠭᠠᠵᠠᠷ ᠲᠤ ᠬᠠᠪᠤᠷ ᠤᠨ ᠠᠭᠤᠯᠠ ᠪᠤᠢ᠃ ᠡᠪᠦᠯ ᠤᠨ ᠤᠯᠠᠷᠢᠯ ᠤᠨ ᠬᠤᠸᠠᠳᠧ ᠳᠤ ᠰᠢᠨ᠎ᠡ ︽ᠬᠦᠰᠡᠯ

ᠡᠷᠡᠮᠡᠯᠵᠡᠯ︾  ᠢ ᠪᠣᠶᠢᠵᠢᠭᠤᠯᠵᠤ᠂ ᠲᠦᠮᠡᠨ ᠭᠠᠵᠠᠷ ᠤᠨ ᠪᠠᠷᠰ ᠢ ᠮᠡᠲᠦ ᠰᠦᠷ ᠵᠢᠪᠬᠤᠭ᠎ᠠ ᠲᠠᠢ ᠪᠠᠷ ᠦᠷᠭᠦᠯᠵᠢᠯᠡᠨ

ᠲᠡᠮᠡᠴᠡᠵᠦ᠂︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ

ᠲᠣᠰᠬᠤᠨ ᠤ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ︾ ᠤᠨ ᠠᠮᠢᠳᠤᠯᠢᠭ ᠵᠢᠷᠤᠭ

ᠳᠦᠷᠰᠦ ᠶᠢ ᠴᠢᠷᠮᠠᠶᠢᠨ ᠴᠣᠭᠴᠠᠯᠠᠵᠤ᠂ ᠬᠦᠰᠡᠯ ᠡᠷᠡᠮᠡᠯᠵᠡᠯ ᠤᠨ ᠬᠡᠭᠡᠷ᠎ᠡ ᠲᠠᠯ᠎ᠠ ᠳᠤ ᠬᠤᠷᠢᠶᠠᠯᠲᠠ ᠶᠢᠨ ᠰᠢᠵᠢᠷ ᠠᠯᠳᠠᠨ

ᠥᠩᠭᠡ ᠶᠢ ᠵᠢᠷᠤᠭᠯᠠᠵᠤ ᠥᠭᠴᠡᠢ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2