| | | | 1 ᠰᠠᠷ᠎ᠠ ᠶᠢᠨ 10 ᠤ ᠡᠳᠦᠷ᠂ ᠳ᠋ᠢᠶᠣᠣ ᠴᠦᠨ ᠬᠠᠢ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠢᠯᠡᠳᠬᠡᠯ ᠬᠢᠪᠡ ᠃ | ᠾᠧ ᠵᠢᠩ ᠵᠢᠩ ᠰᠡᠭᠦᠳᠡᠷᠯᠡᠪᠡ | ᠲᠥᠯᠥᠭᠡᠯᠡᠭᠴᠢᠳ ᠠ᠋ ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠰᠢᠶᠠᠨ ᠤ | ᠵᠠᠰᠠᠭ ᠤᠨ ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠳᠡᠮᠵᠢᠯᠭᠡ ᠶᠢᠨ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ | ᠫᠢᠩ ᠤ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ | ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠷᠠᠯᠲᠠ ᠡᠭᠦᠷᠭᠡ ᠪᠠᠨ ᠨᠡᠯᠢᠶᠡᠳ | ᠰᠠᠶᠢᠨ ᠪᠡᠶᠡᠯᠡᠭᠦᠯᠪᠡ ᠃ ᠵᠢᠱᠢᠯᠲᠡ ᠪᠠᠷ 2022 ᠣᠨ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ 3.0% ᠬᠦᠷᠴᠦ᠂ ᠪᠥᠬᠦ ᠬᠤᠲᠠ ᠶᠢᠨ ᠳᠣᠯᠣᠳᠤᠭᠠᠷ ᠲᠤ ᠣᠷᠣᠨ᠎ᠠ | ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 6. | 0% ᠪᠠᠶᠢᠵᠤ᠂ ᠪᠥᠬᠦ ᠬᠤᠲᠠ ᠶᠢᠨ ᠳᠣᠯᠣᠳᠤᠭᠠᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 9.1︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠬᠤᠶᠠᠳᠤᠭᠠᠷ ᠲᠤ ᠣᠷᠤᠪᠠ︔ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 6.7% ᠪᠣᠯᠪᠠ︔ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ 6.0% ᠪᠣᠯᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 10.0% ᠪᠠᠶᠢᠵᠤ᠂ ᠪᠥᠬᠦ ᠬᠤᠲᠠ ᠳᠤ ᠬᠤᠶᠠᠳᠤᠭᠠᠷ ᠲᠤ | ᠣᠷᠣᠪᠠ︔ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠵᠤ᠂ | ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠴᠡᠢ᠃ | ᠥᠩᠭᠡᠷᠡᠭᠰᠡᠨ ᠨᠢᠭᠡ ᠵᠢᠯ ᠳᠤ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠬᠥᠭᠵᠢᠯᠲᠡ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠠᠪᠤᠳᠠᠯ ᠢ ᠢᠮᠠᠭᠲᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ | ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠵᠤ᠂ ᠪᠥᠬᠦ ᠵᠢᠯ ᠳᠤ ᠡᠯ᠎ᠡ ᠲᠥᠷᠥᠯ ᠤᠨ ᠪᠡᠯᠡ ᠮᠥᠩᠭᠦ ᠶᠢ 2.14 | ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ 73 ᠲᠥᠷᠥᠯ ᠵᠦᠢᠯ ᠢ ᠬᠡᠷᠡᠭᠵᠢᠭᠦᠯᠪᠡ᠃ ᠪᠡᠭᠡᠵᠢᠩ ᠥᠪᠥᠷ | ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ᠂ ᠲᠥᠪ ᠤᠨ ᠣᠷᠣᠨ ᠲᠤᠭ᠎ᠠ ᠶᠢᠨ | ᠠᠯᠪᠠᠨ ᠭᠡᠷ ᠤᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ | ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠡᠯ᠎ᠡ ᠲᠥᠷᠥᠯ ᠤᠨ ᠬᠠᠪᠰᠤᠷᠤᠨ ᠲᠡᠳᠬᠦᠬᠦ ᠠᠵᠢᠯ ᠢ ᠪᠥᠬᠦ | ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ | ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠲᠡᠳᠬᠦᠨ ᠳᠡᠮᠵᠢᠬᠦ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠬᠤᠲᠠ ᠶᠢᠨ ︽ᠲᠠᠪᠤ ᠶᠢ ᠨᠥᠬᠦᠪᠦᠷᠢᠯᠡᠬᠦ︾ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢ | ᠲᠤᠭ᠎ᠠ ᠶᠣᠰᠣᠭᠠᠷ ᠭᠦᠢᠴᠡᠳ ᠣᠯᠭᠤᠵᠤ᠂ ᠲᠠᠷᠢᠶᠠᠯᠠᠩ ᠤᠨ ᠳᠠᠭᠠᠳᠬᠠᠯ ᠢ ᠴᠠᠭ ᠲᠤᠬᠠᠢ ᠳᠤᠨᠢ ᠪᠡᠶᠡᠯᠡᠭᠦᠯᠵᠦ᠂ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠬᠡᠷᠡᠭᠴᠡᠭᠡ ᠠᠴᠠ ᠪᠣᠯᠵᠤ ᠥᠷᠭᠡᠳᠬᠡᠨ᠂ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠳᠡᠮᠵᠢᠯᠭᠡ ᠬᠦᠴᠦᠲᠡᠢ ᠪᠣᠯᠵᠤ᠂ ᠲᠡᠵᠢᠭᠡᠨ ᠦᠷᠡᠵᠢᠭᠦᠯᠬᠦ ᠦᠢᠯᠡᠰ ᠢᠯᠡᠳᠲᠡ | ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠤᠮᠳᠠᠴᠢ ᠣᠷᠣᠯᠭ᠎ᠠ 14362 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.88% ᠪᠠᠷ ᠨᠡᠮᠡᠭᠳᠡᠪᠡ᠃ ᠬᠤᠷᠢᠭ᠎ᠠ | ᠱᠤᠭᠤᠮ ᠤᠨ ᠡᠭᠦᠷᠭᠡ ᠶᠢ ᠪᠠᠲᠤ ᠠᠳᠬᠤᠵᠤ᠂ 60 ᠡᠷᠦᠬᠡ116 ᠬᠥᠮᠥᠨ ᠢ ᠢᠯᠭᠠᠨ ᠲᠠᠨᠢᠬᠤ ᠶᠠᠪᠤᠳᠠᠯ ᠢ ᠴᠠᠭ | ᠲᠤᠬᠠᠢ ᠳᠤᠨᠢ ᠬᠢᠨᠠᠨ ᠬᠡᠮᠵᠢᠯᠲᠡ ᠳᠤ ᠣᠷᠣᠭᠤᠯᠬᠤ ᠶᠢᠨ ᠬᠠᠮᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ | ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ | ᠰᠠᠬᠢᠪᠠ ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠳᠠᠩᠰᠠᠯᠠᠯᠲᠠ ᠪᠠ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠳᠡᠩᠰᠡᠯᠡᠨ ᠲᠡᠮᠳᠡᠭᠯᠡᠭᠦᠯᠦᠭᠰᠡᠨ ᠶᠠᠳᠠᠭᠤ ᠶᠢ ᠲᠡᠳᠬᠦᠬᠦ ᠡᠳ᠋ | ᠬᠥᠷᠥᠩᠭᠡ 15.03 ᠳ᠋ᠦᠩᠰᠢᠭᠤᠷ ᠲᠥᠭᠦᠷᠢᠭ ᠲᠤ ᠬᠥᠷᠪᠡ᠃ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ 1 ᠨᠢᠭᠲᠠᠯᠠᠨ | ᠪᠤᠳᠤᠬᠤ ᠺᠣᠮᠫᠠᠨᠢ᠂ 3 ᠳᠠᠩᠰᠠᠯᠠᠬᠤ ᠺᠣᠮᠫᠠᠨᠢ ᠶᠢ ᠤᠷᠢᠨ ᠬᠡᠷᠡᠭᠯᠡᠪᠡ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ 1 ᠪᠠᠶᠢᠭᠤᠯᠵᠤ᠂ ᠠᠵᠤ ᠦᠢᠯᠡᠰ ᠤᠨ ᠵᠠᠮ ᠪᠠ ᠲᠣᠰᠬᠤᠨ ᠳᠤ | ᠨᠡᠪᠲᠡᠷᠡᠬᠦ ᠵᠠᠰᠠᠮᠠᠯ ᠵᠠᠮ ᠢ 31 ᠺᠢᠯᠣᠮᠧᠲᠷ ᠪᠦᠲᠦᠭᠡᠨ ᠪᠠᠶᠢᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ᠂ | ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ 5 ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠪᠠ᠃ ︽ᠭᠤᠷᠪᠠ ᠶᠢ | ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠭᠰᠠᠨ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 20 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠤᠭ | ᠨᠣᠪᠰᠢ ᠶᠢ ᠴᠡᠪᠡᠷᠯᠡᠵᠦ᠂ 519 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠤᠷᠳᠤ | ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ | ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ | ᠬᠡᠷᠡᠭᠵᠢᠭᠦᠯᠵᠦ ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠢ | ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ | ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠪᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ ᠃ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠵᠢᠴᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ︽ᠶᠡᠷᠦᠩᠬᠡᠶᠢᠯᠡᠭᠰᠡᠨ ᠨᠢᠭᠡ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠯᠠᠭᠠᠨ ᠤ ᠵᠠᠭᠪᠤᠷ ᠢ ᠬᠡᠷᠡᠭᠵᠢᠭᠦᠯᠦᠨ᠂ ᠭᠦᠢᠴᠡᠳᠬᠡᠬᠦ | ᠴᠠᠭ ᠤᠨ ᠬᠢᠵᠠᠭᠠᠷ᠂ ᠭᠤᠶᠤᠴᠢᠯᠠᠬᠤ ᠮᠠᠲ᠋ᠧᠷᠢᠶᠠᠯ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠦᠬᠦᠯᠢ ᠴᠣᠭᠴᠠ ᠪᠠᠷ | ᠨᠢ ᠲᠠᠪᠤᠨ ᠤ ᠨᠢᠭᠡ ᠬᠤᠪᠢ ᠪᠠᠷ ᠪᠠᠭᠠᠰᠬᠠᠪᠠ᠃ ︽ᠥᠪᠥᠷ ᠮᠣᠩᠭᠤᠯ ᠤᠨ ᠮᠥᠩᠬᠡ ᠰᠤᠪᠠᠭ · ᠳᠥᠷᠪᠡ ᠶᠢ | ᠭᠦᠢᠴᠡᠳᠬᠡᠬᠦ︾ ᠤᠨ ︽ᠪᠣᠯᠵᠣᠬᠤ + ᠬᠤᠶᠢᠰᠢᠯᠠᠭᠤᠯᠬᠤ︾ ᠵᠡᠷᠭᠡ ᠦᠢᠯᠡᠴᠢᠯᠡᠭᠡ ᠶᠢ ᠭᠦᠨᠵᠡᠭᠡᠶᠢᠷᠡᠭᠦᠯᠵᠦ᠂ 24 | ᠴᠠᠭ ᠤᠨ ᠥᠪᠡᠰᠦᠪᠡᠨ ᠦᠢᠯᠡᠴᠢᠯᠡᠬᠦ ᠲᠢᠩᠬᠢᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠥᠨᠳᠥᠷ | ᠳᠠᠪᠲᠠᠮᠵᠢ ᠪᠠᠷ ᠭᠦᠢᠴᠡᠳᠬᠡᠬᠦ ᠵᠦᠢᠯᠡᠰ ᠢ 24 ᠴᠠᠭ ᠢᠶᠠᠷ ᠲᠠᠰᠤᠯᠳᠠᠭᠤᠯᠬᠤ ᠦᠭᠡᠢ ᠦᠢᠯᠡᠴᠢᠯᠡᠬᠦ ᠶᠢ ᠪᠡᠶᠡᠯᠡᠭᠦᠯᠪᠡ᠃ | ᠠᠷᠠᠳ ᠤᠨ ᠰᠠᠨᠠᠭ᠎ᠠ ᠶᠢ ᠰᠢᠯᠤᠭᠤᠳᠬᠠᠬᠤ᠂ ᠠᠷᠠᠳ ᠤᠨ ᠲᠥᠭᠡᠷᠢᠭᠳᠡᠯ ᠢ ᠠᠷᠢᠯᠭᠠᠬᠤ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠶᠢ ᠪᠠᠷᠢᠮᠲᠠᠯᠠᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ | ᠲᠤᠰᠬᠠᠭᠰᠠᠨ 5255 ᠠᠰᠠᠭᠤᠳᠠᠯ ᠢ ᠴᠢᠨᠠᠷ ᠰᠠᠶᠢᠲᠠᠢ ᠰᠢᠢᠳᠪᠦᠷᠢᠯᠡᠪᠡ ᠃ ︽ᠦᠨᠡᠮᠯᠡᠯ ᠠᠪᠬᠤ ᠳᠤ ᠬᠦᠴᠢᠷᠲᠡᠢ︾ | ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 45 ᠵᠢᠵᠢᠭ ᠲᠣᠭᠤᠷᠢᠭ ᠤᠨ 2027 ᠡᠷᠦᠬᠡ ᠣᠯᠠᠨ | ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠵᠦ ᠥᠭᠪᠡ᠃ ᠠᠵᠤ ᠠᠬᠤᠶᠢᠯᠠᠯ ᠤᠨ ᠡᠨᠧᠷᠭᠢ | ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠡᠩ ᠤᠨ ᠦᠢᠯᠡᠳᠪᠦᠷᠢ ᠬᠤᠳᠠᠯᠳᠤᠭᠠᠨ ᠤ ᠴᠠᠬᠢᠯᠭᠠᠨ ᠬᠡᠷᠡᠭᠯᠡᠬᠦ | ᠦᠨ᠎ᠡ ᠠᠳᠠᠯᠢ ᠬᠤᠭᠤᠴᠠᠭᠠᠨ ᠤ ᠬᠢ ᠠᠴᠠ 9.1 ᠮᠢᠨᠦ᠋ᠲ/ᠺᠢᠯᠣᠸᠠᠲ ᠴᠠᠭ ᠪᠠᠭᠤᠷᠠᠪᠠ᠃ ᠭᠠᠶᠢᠯᠢ ᠶᠢ ᠪᠤᠴᠠᠭᠠᠬᠤ | ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠦᠬᠦ ᠵᠢᠯ ᠳᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ 0.53 ᠳ᠋ᠦᠩᠰᠢᠭᠤᠷ ᠲᠥᠭᠦᠷᠢᠭ | ᠪᠠᠭᠤᠷᠠᠭᠤᠯᠪᠠ ᠃ ︽ᠪᠠᠲᠤᠯᠠᠭᠠᠲᠤ ᠵᠢᠭᠡᠯᠡᠯᠭᠡ ᠶᠢ ᠳᠡᠮᠵᠢᠬᠦ︾᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠲᠡ 1456 ᠳᠤᠮᠳᠠ | ᠵᠢᠵᠢᠭ ᠪᠢᠴᠢᠯ ᠠᠵᠤ ᠠᠬᠤᠶᠢᠯᠠᠯ ᠳᠤ 4.81 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠪᠠ᠃ ᠡᠳ᠋ ᠤᠨ | ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ | ᠪᠦᠬᠦ ᠵᠢᠯ ᠳᠤ 5.22 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ ᠃ ᠠᠵᠤ ᠦᠢᠯᠡᠰ ᠤᠨ | ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠣᠷᠣᠭᠠᠨ ᠤ ᠪᠣᠬᠢᠷᠳᠤᠯ ᠢ ᠰᠠᠯᠭᠠᠬᠤ᠂ ᠳᠤᠮᠳᠠ ᠵᠡᠷᠭᠡ ᠶᠢᠨ ᠤᠰᠤᠨ ᠬᠤᠭᠤᠯᠠᠢ ᠶᠢᠨ | ᠲᠣᠣᠷ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠵᠠᠮ ᠢ 11.3 ᠺᠢᠯᠣᠮᠧᠲᠷ | ᠪᠦᠲᠦᠭᠡᠨ ᠪᠠᠶᠢᠭᠤᠯᠤᠨ᠎ᠠ᠃ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠠᠰᠠᠷᠠᠭᠴᠢ ᠮᠠᠶ᠋ᠢᠭ︾ ᠤᠨ ︽ | ᠳᠠᠭᠠᠵᠤ ᠣᠷᠣᠬᠤ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠵᠦ᠂ ᠲᠥᠪ ᠤᠨ ᠲᠥᠰᠥᠪ ᠤᠨ ᠳᠣᠲᠣᠷᠠᠬᠢ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠴᠢᠷᠮᠠᠶᠢᠨ | ᠣᠯᠵᠤ᠂ 0.97 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ ︔ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 10 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 11.48 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 36 | ᠲᠥᠷᠥᠯ ᠵᠦᠢᠯ ᠤᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 251.26 ᠳ᠋ᠦᠩᠰᠢᠭᠤᠷ | ᠲᠥᠭᠦᠷᠢᠭ ᠲᠤ ᠬᠦᠷᠴᠦ᠂ 7.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠪᠡ ᠃ ︽ᠬᠤᠸᠠᠳᠧ ᠰᠢᠶᠠᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2020 - 2035︶︾ ᠶᠢ | ᠨᠠᠶᠢᠷᠠᠭᠤᠯᠤᠨ ᠵᠣᠬᠢᠶᠠᠵᠤ ᠳᠠᠭᠤᠰᠬᠠᠪᠠ ᠃ 616.16 ᠮᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ | ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠪᠡ ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠵᠦ ᠂ 645 ᠢᠵᠢ ᠬᠡᠮᠵᠢᠯᠲᠡ ᠶᠢᠨ | ᠲᠥᠬᠦᠭᠡᠷᠦᠮᠵᠢ ᠶᠢ ᠤᠭᠰᠠᠷᠠᠪᠠ ᠃ ︽ᠬᠤᠶᠠᠷ ᠥᠨᠳᠥᠷ︾ ᠤ ᠲᠥᠷᠥᠯ ᠵᠦᠢᠯ ᠤᠨ ᠳᠣᠣᠷ᠎ᠠ ᠬᠢᠷᠢ ᠲᠦᠪᠰᠢᠨ ᠤ | ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠰᠢᠨ ᠳ᠋ᠡ ᠳ᠋ᠢ᠂ ᠳ᠋ᠠ | ᠲᠠᠩ ᠯᠦᠩ ᠳ᠋ᠧ ᠵᠡᠷᠭᠡ 9 ᠰᠠᠭᠤᠷᠢ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠰᠢᠭᠰᠢᠭᠳᠡᠭᠦᠯᠪᠡ᠃ | ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 28 ᠵᠦᠢᠯ ᠤᠨ | ᠠᠰᠠᠭᠤᠳᠠᠯ ᠲᠠᠢ ᠵᠦᠢᠯᠡᠰ ᠢ ᠰᠢᠢᠳᠪᠦᠷᠢᠯᠡᠵᠦ᠂ 15.53 ᠮᠦ ᠭᠠᠵᠠᠷ ᠰᠢᠷᠣᠢ ᠶᠢ ᠰᠢᠩᠭᠡᠬᠡᠨ ᠠᠮᠢᠯᠠᠭᠤᠯᠵᠤ᠂ 244 | ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠲᠤᠰᠢᠶᠠᠵᠤ᠂ ᠡᠬᠢ ᠪᠠᠶᠠᠯᠢᠭ ᠢ | ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ | ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ 15 ᠲᠦᠮᠡᠨ ᠮᠦ ᠬᠡᠷᠡᠭᠵᠢᠭᠦᠯᠵᠦ᠂ 7.14 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 65 ᠲᠦᠮᠡᠨ ᠮᠦ ᠠᠮᠤ ᠪᠤᠳᠠᠭᠠᠨ ᠤ ᠲᠠᠷᠢᠮᠠᠯ ᠤᠨ | ᠲᠠᠯᠠᠪᠠᠶ ᠶᠢ ᠪᠦᠲᠦᠭᠡᠨ ᠪᠠᠶᠢᠭᠤᠯᠵᠤ᠂ ᠤᠨᠠᠯᠲᠠ ᠨᠢ 1.24 ᠳ᠋ᠦᠩᠰᠢᠭᠤᠷ ᠵᠢᠩ ᠳᠤ ᠬᠥᠷᠪᠡ᠃ ᠬᠠᠭᠤᠷᠠᠢ ᠪᠠᠷ | ᠳᠠᠷᠢᠬᠤ ᠣᠷᠭᠠᠨᠢᠭ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠬᠠᠭᠤᠷᠠᠢ ᠪᠠᠷ ᠳᠠᠷᠢᠬᠤ ᠣᠷᠭᠠᠨᠢᠭ ᠪᠤᠭᠤᠳᠠᠢ᠂ | ᠨᠣᠬᠠᠢ ᠶᠢᠨ ᠬᠤᠰᠢᠭᠤ ᠶᠢ 3.62 ᠲᠦᠮᠡᠨ ᠮᠦ ᠲᠠᠷᠢᠪᠠ ᠃ ᠠᠷᠤ ᠭᠠᠵᠠᠷ ᠤᠨ ᠬᠠᠨᠹᠧᠩ ᠤᠨ ᠣᠷᠭᠠᠨᠢᠭ | ᠲᠡᠭᠡᠷᠮ᠎ᠡ ᠶᠢᠨ ᠭᠤᠯᠢᠷ ᠨᠢ ︽ᠤᠯᠠᠭᠠᠨᠴᠠᠪ ᠤᠨ ᠪᠠᠶᠢᠭᠠᠯᠢᠭ ᠠᠮᠲᠠ︾ ᠶᠢᠨ ᠨᠠᠷᠠᠲᠤ ᠲᠡᠮᠳᠡᠭᠲᠦ ᠶᠢᠨ ᠡᠷᠬᠡ | ᠣᠯᠭᠤᠯᠲᠠ ᠶᠢ ᠭᠥᠷᠳᠡᠪᠡ᠃ ᠠᠯᠠᠰᠢᠨ ᠬᠤᠨᠢᠨ ᠤ ᠠᠵᠤ ᠦᠢᠯᠡᠰ ᠢ ᠬᠥᠭᠵᠢᠭᠦᠯᠵᠦ᠂ ᠠᠯᠠᠰᠢᠨ ᠬᠤᠨᠢ ︵ᠦᠬᠡᠷ︶ | ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ ᠬᠦᠷᠢᠶᠡᠯᠡᠩ ᠢ 10 ᠪᠠᠶᠢᠭᠤᠯᠵᠤ᠂ ᠪᠠᠷᠢᠮᠵᠢᠶᠠᠵᠢᠭᠤᠯᠤᠭᠰᠠᠨ | ᠡᠭᠦᠯᠳᠡᠷ ᠤᠨ ᠬᠤᠨᠢ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ 1 ᠪᠠᠶᠢᠭᠤᠯᠵᠤ᠂ ᠲᠥᠪᠯᠡᠷᠡᠭᠦᠯᠦᠨ | ᠲᠡᠵᠢᠭᠡᠨ ᠦᠷᠡᠵᠢᠭᠦᠯᠬᠦ᠂ ᠬᠥᠮᠥᠨ ᠮᠠᠯ ᠢ ᠰᠠᠯᠭᠠᠬᠤ ᠦᠷ᠎ᠡ ᠪᠦᠲᠦᠮᠵᠢ ᠶᠢ ᠲᠣᠪᠣᠶᠢᠮ᠎ᠠ ᠪᠣᠯᠭᠠᠪᠠ᠃ ᠪᠥᠬᠦ ᠵᠢᠯ ᠤᠨ | ᠠᠯᠠᠰᠢᠨ ᠬᠤᠨᠢᠨ ᠤ ᠲᠤᠭ᠎ᠠ 52.5 ᠲᠦᠮᠡ ᠳᠤ ᠬᠦᠷᠴᠦ᠂ ᠭᠠᠷᠭᠠᠯᠲᠠ ᠶᠢᠨ ᠲᠤᠭ᠎ᠠ 65 ᠲᠦᠮᠡ ᠳᠤ ᠬᠦᠷᠴᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ︽ᠪᠦᠯᠬᠦᠮ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ | ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 6 | ᠵᠦᠢᠯᠡᠰ ᠢ ᠬᠡᠷᠡᠭᠵᠢᠭᠦᠯᠪᠡ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠢ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠷᠰᠢᠯᠲᠠ ᠵᠢᠨᠰᠦ᠋ᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠬᠤᠷᠠᠯ ᠢ ᠡᠷᠬᠢᠯᠡᠵᠦ᠂ ᠲᠠᠷᠢᠶᠠᠯᠠᠩ ᠤᠨ ᠣᠨᠴᠠ | ᠭᠠᠷᠤᠯᠲᠠ ᠶᠢᠨ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠪᠠ᠃ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠣᠯᠪᠠ᠃ ᠬᠠᠶᠢᠯᠤᠰᠢ ᠶᠢᠨ ᠠᠵᠤ ᠦᠢᠯᠡᠰ ᠤᠨ ᠰᠡᠭᠦᠯ ᠤᠨ ᠬᠡᠢ᠂ ᠬᠠᠶᠠᠭᠳᠠᠮᠠᠯ ᠰᠢᠭᠠᠷᠤ ᠶᠢ ︽ᠰᠢᠪᠬᠠᠨ | ᠴᠡᠪᠡᠷᠰᠢᠭᠦᠯᠬᠦ︾ ᠶᠢ ᠠᠬᠢᠭᠤᠯᠵᠤ᠂ ᠳ᠋ᠠ ᠲᠠᠩ ᠯᠦᠩ ᠳ᠋ᠧ᠂ ᠮᠧᠩ ᠳ᠋ᠡ ᠲᠢᠲ᠋ᠠᠨ ᠤ ᠦᠢᠯᠡᠰ ᠤᠨ 41.8 ᠰᠠᠶ᠎ᠠ | ᠸᠠᠲ ᠤᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠲᠢᠶᠠᠨ ᠴᠧᠩ᠂ ᠵᠥᠩ ᠲᠠᠢ᠂ ᠴᠤᠸᠠᠨ ᠱᠦᠨ ᠵᠡᠷᠭᠡ 112.4 ᠰᠠᠶ᠎ᠠ ᠸᠠᠲ ᠤᠨ | ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ᠂ ᠵᠢᠯ ᠤᠨ ᠴᠠᠬᠢᠯᠭᠠᠨ ᠭᠠᠷᠭᠠᠬᠤ | ᠬᠡᠮᠵᠢᠶ᠎ᠡ ᠶᠢ 15 ᠳ᠋ᠦᠩᠰᠢᠭᠤᠷ ᠺᠢᠯᠣᠸᠠᠲ ᠴᠠᠭ ᠲᠤ ᠬᠦᠷᠦᠭᠦᠯᠵᠦ᠂ ᠡᠨᠧᠷᠭᠢ ᠶᠢᠨ ᠬᠤᠷᠣᠭᠳᠠᠯ ᠢ 46.1 ᠲᠦᠮᠡᠨ | ᠲᠣᠨ ᠪᠠᠷᠢᠮᠵᠢᠶᠠᠲᠤ ᠨᠡᠭᠦᠷᠡᠰᠦ ᠪᠠᠷ ᠪᠠᠭᠤᠷᠠᠭᠤᠯᠪᠠ᠃ ᠾᠧᠩ ᠺᠧ ᠨᠢᠭᠡᠳᠦᠭᠡᠷ ᠬᠤᠭᠤᠴᠠᠭᠠᠨ ᠤ ᠵᠢᠯ ᠳᠤ 3 ᠲᠦᠮᠡᠨ | ᠲᠣᠨ ᠯᠢᠲ᠋ᠢ ᠶᠢᠨ ᠴᠠᠬᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠪᠢᠯᠢᠭ ᠲᠤᠶᠢᠯ ᠤᠨ ᠰᠢᠨ᠎ᠡ ᠮᠠᠲ᠋ᠧᠷᠢᠶᠠᠯ ᠤᠨ | ᠲᠥᠷᠥᠯ ᠵᠦᠢᠯ ᠠᠰᠢᠭᠯᠠᠯᠲᠠ ᠳᠤ ᠣᠷᠣᠵᠤ᠂ ᠲᠢᠶᠠᠨ ᠴᠧᠩ ᠤᠨ 3.95 ᠰᠠᠶ᠎ᠠ ᠸᠠᠲ ᠤᠨ ᠲᠠᠷᠬᠠᠯᠲᠠ ᠶᠢᠨ | ᠬᠡᠯᠪᠡᠷᠢ ᠶᠢᠨ ᠬᠡᠷᠡᠯ ᠴᠡᠨᠡᠭ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠢ ᠯᠢ ᠶᠢᠨ 6 ᠰᠠᠶ᠎ᠠ ᠸᠠᠲ ᠤᠨ | ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ ᠭᠤᠷᠪᠠᠨ ᠬᠠᠪᠴᠢᠯ ᠤᠨ | 50 ᠲᠦᠮᠡᠨ ᠺᠢᠯᠣᠸᠠᠲ ᠤᠨ ᠡᠬᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ | ᠪᠣᠬᠢᠷᠳᠤᠯ ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ | ᠦᠵᠡᠭᠦᠯᠬᠦ ᠲᠥᠷᠥᠯ ᠵᠦᠢᠯ ᠪᠠ ᠮᠧᠩ ᠨᠧᠩ ᠤᠨ 100 ᠲᠦᠮᠡᠨ ᠺᠢᠯᠣᠸᠠᠲ ᠤᠨ ᠥᠩᠭᠡ ᠦᠵᠡᠮᠵᠢ ᠶᠢᠨ | ᠨᠥᠭᠡᠴᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠨᠢᠭᠡ ᠲᠡᠮᠦᠷ ᠢᠶᠠᠷ | ᠭᠤᠣᠯᠯᠠᠭᠤᠯᠤᠭᠰᠠᠨ︾ ᠨᠢ ᠶᠠᠭ ᠪᠣᠬᠢᠷᠳᠤᠯ ᠦᠭᠡᠢ ᠡᠨᠧᠷᠭᠢ ᠶᠢᠨ ᠳᠦᠷᠢᠮ ᠢ ᠥᠷᠭᠡᠳᠬᠡᠬᠦ᠂ ᠬᠠᠶᠢᠯᠤᠰᠢ ᠶᠢᠨ | ᠬᠡᠯᠬᠢᠶᠡᠵᠢᠯ ᠢ ᠤᠷᠲᠤᠳᠬᠠᠬᠤ ᠳᠠᠰᠢ ᠬᠡᠯᠪᠡᠷᠢ ᠪᠠᠨ ᠬᠤᠪᠢᠷᠠᠭᠤᠯᠵᠤ ᠪᠠᠶᠢᠨ᠎ᠠ᠃ | ᠬᠤᠪᠴᠠᠰᠤ ᠬᠤᠨᠠᠷ ᠤᠨ ᠠᠵᠤ ᠦᠢᠯᠡᠰ ᠤᠨ ᠬᠥᠭᠵᠢᠯ ᠮᠠᠨᠳᠤᠯ ᠢ ᠭᠦᠨᠵᠡᠭᠡᠶᠢᠷᠡᠭᠦᠯᠦᠨ︽ᠲᠤᠰᠬᠠᠢ ᠨᠠᠷᠢᠯᠢᠭ | ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠶᠢ ᠵᠣᠷᠢᠭᠵᠢᠭᠤᠯᠵᠤ᠂ ᠲᠣᠭᠲᠠᠭᠠᠯ ᠳᠤ | ᠣᠷᠣᠭᠰᠠᠨ 6 ᠬᠤᠪᠴᠠᠰᠤᠨ ᠤ ᠠᠵᠤ ᠠᠬᠤᠶᠢᠯᠠᠯ ᠳᠤ 43.83 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ | ᠨᠥᠬᠦᠪᠦᠷᠢ ᠥᠭᠴᠦ ᠱᠠᠩᠨᠠᠪᠠ᠃ ᠬᠤᠪᠴᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠵᠢᠭ | ᠠᠵᠤ ᠠᠬᠤᠶᠢᠯᠠᠯ ᠤᠨ ᠦᠢᠯᠡᠰ ᠪᠣᠰᠬᠠᠬᠤ ᠰᠠᠭᠤᠷᠢᠨ ᠪᠣᠯ ᠪᠦᠬᠦ ᠬᠤᠳᠠ ᠶᠢᠨ ᠴᠤᠷ ᠤᠨ ᠭᠠᠭᠴᠠ 2022 ᠣᠨ ᠤ | ᠤᠯᠤᠰ ᠤᠨ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠪᠣᠰᠬᠠᠬᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠰᠠᠭᠤᠷᠢᠨ ᠪᠣᠯᠣᠨ᠎ᠠ᠃ ᠪᠥᠬᠦ ᠵᠢᠯ ᠤᠨ ᠬᠤᠪᠴᠠᠰᠤ ᠬᠤᠨᠠᠷ ᠤᠨ ᠭᠠᠷᠤᠯᠲᠠ ᠪᠠᠷᠤᠭ 1100 ᠲᠦᠮᠡᠨ | ᠵᠠᠬ᠎ᠠ ᠪᠠᠶᠢᠵᠤ᠂ ᠦᠢᠯᠡᠳᠬᠦᠨ ᠤ ᠥᠷᠲᠡᠭ ᠨᠢ ᠪᠠᠷᠤᠭ 8.8 ᠳ᠋ᠦᠩᠰᠢᠭᠤᠷ ᠲᠥᠭᠦᠷᠢᠭ ᠲᠤ ᠬᠦᠷᠴᠦ᠂ 2.5 | ᠲᠦᠮᠡ ᠰᠢᠬᠠᠮ ᠬᠥᠮᠥᠨ ᠤ ᠠᠵᠢᠯ ᠣᠯᠭᠤᠯᠲᠠ ᠶᠢ ᠨᠥᠯᠥᠭᠡᠯᠡᠨ ᠳᠠᠶᠢᠴᠢᠯᠠᠪᠠ᠃ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ ᠲᠢᠶᠠᠨ | ᠴᠧᠩ ᠤᠨ ᠡᠬᠡ ᠬᠠᠭᠤᠷᠠᠢ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠡᠮᠦᠷ ᠵᠠᠮ ᠤᠨ ᠲᠤᠰᠬᠠᠢ ᠱᠤᠭᠤᠮ ᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 3500 ᠲᠣᠨ ᠲᠡᠮᠦᠷ ᠬᠠᠶᠢᠯᠤᠰᠢ ᠶᠢᠨ ᠦᠢᠯᠡᠳᠬᠦᠨ ᠢ | ᠬᠦᠷᠭᠡᠵᠦ᠂ 2600 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠪᠦᠬᠦᠢ ᠲᠡᠮᠦᠷ ᠵᠠᠮ ᠤᠨ ᠬᠠᠶᠢᠯᠤᠰᠢ ᠶᠢᠨ | ᠦᠢᠯᠡᠳᠬᠦᠨ ᠢ ᠬᠦᠷᠭᠡᠪᠡ᠃ ᠵᠢᠢ ᠲᠤᠩ ᠲᠡᠮᠦᠷ ᠵᠠᠮ ᠤᠨ ᠬᠤᠸᠠᠳᠧ ᠶᠢᠨ ᠬᠡᠰᠡᠭ ᠤᠨ ᠠᠩᠬᠠᠳᠠᠭᠴᠢ | ᠴᠠᠬᠢᠯᠭᠠᠨᠵᠢᠭᠤᠯᠤᠭᠰᠠᠨ ᠲᠡᠮᠦᠷ ᠵᠠᠮ ᠤᠨ ᠴᠢᠷᠦᠯᠲᠡ ᠶᠢᠨ ᠱᠤᠭᠤᠮ ᠢ ᠠᠮᠵᠢᠯᠲᠠ ᠲᠠᠢ ᠴᠠᠬᠢᠯᠭᠠᠨᠵᠢᠭᠤᠯᠵᠤ᠂ ᠪᠠᠢ | ᠠᠨ ᠤ ᠥᠨᠳᠥᠷ ᠬᠤᠷᠳᠤᠴᠠᠲᠤ ᠬᠤᠸᠠᠳᠧ ᠶᠢᠨ ᠬᠡᠰᠡᠭ ᠤᠨ ᠪᠠᠷᠢᠯᠭ᠎ᠠ ᠶᠢᠨ ᠠᠵᠢᠯ ᠳᠠᠭᠤᠰᠴᠤ᠂ ᠴᠢᠨᠠᠷ ᠰᠠᠶᠢᠲᠠᠢ | ᠬᠥᠭᠵᠢᠯᠲᠡ ᠶᠢᠨ︽ᠲᠦᠷᠭᠡᠨ ᠤ ᠵᠠᠮ︾ ᠢ ᠳᠡᠪᠢᠰᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠳᠤ ᠲᠦᠰᠢᠭᠯᠡᠨ᠂ ᠰᠢᠶᠠᠨ ᠤ ᠳᠣᠲᠣᠷᠠᠬᠢ 11 ᠲᠦᠷᠭᠡᠨ ᠬᠦᠷᠭᠡᠯᠲᠡ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠶᠠᠨ ᠤ ᠱᠠᠲᠤᠨ ᠤ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ | ᠭᠦᠢᠯᠭᠡᠭᠡᠨ ᠤ ᠳᠠᠮᠵᠢᠭᠤᠯᠬᠤ ᠦᠷᠳᠡᠭᠡ ᠶᠢ 1 ᠪᠠᠶᠢᠭᠤᠯᠵᠤ᠂ ᠲᠣᠰᠬᠤᠨ ᠤ ᠱᠠᠲᠤᠨ ᠤ ᠡᠳ᠋ ᠪᠠᠷᠠᠭᠠᠨ ᠤ | ᠭᠦᠢᠯᠭᠡᠭᠡᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠴᠡᠭ ᠢ 51 ᠪᠠᠶᠢᠭᠤᠯᠵᠤ᠂ ᠬᠥᠳᠡᠭᠡ ᠲᠣᠰᠬᠤᠨ ᠤ | ᠲᠦᠷᠭᠡᠨ ᠬᠦᠷᠭᠡᠯᠲᠡ ᠶᠢᠨ ᠦᠨ᠎ᠡ ᠶᠢ 82% ᠢᠶᠠᠷ ᠪᠠᠭᠤᠷᠠᠭᠤᠯᠵᠤ᠂ ᠪᠣᠭᠤᠳᠠᠯ ᠪᠠᠭᠯᠠᠭ᠎ᠠ ᠶᠢᠨ ᠡᠳ᠋ ᠪᠠᠷᠠᠭ᠎ᠠ ᠶᠢᠨ | ᠪᠦᠬᠦ ᠶᠠᠪᠤᠴᠠ ᠶᠢ ᠮᠡᠳᠡᠭᠡ ᠵᠠᠩᠭᠢᠵᠢᠭᠤᠯᠤᠨ ᠮᠥᠷᠳᠡᠵᠦ ᠪᠣᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠲᠦᠷᠭᠡᠨ | ᠬᠦᠷᠭᠡᠯᠲᠡ ᠶᠢᠨ ᠬᠤᠷᠢᠶᠠᠵᠤ ᠲᠠᠷᠬᠠᠭᠠᠭᠰᠠᠨ ᠬᠡᠮᠵᠢᠶ᠎ᠡ 12.32 ᠲᠦᠮᠡᠨ ᠬᠤᠪᠢ ᠳᠤ ᠬᠦᠷᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠬᠦᠴᠦᠯᠡᠨ | ᠳᠡᠭᠡᠭᠰᠢᠯᠡᠭᠦᠯᠪᠡ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠤᠰᠤ ᠬᠠᠩᠭᠠᠬᠤ᠂ ᠢᠯᠴᠢ ᠬᠠᠩᠭᠠᠬᠤ | ᠬᠤᠭᠤᠯᠠᠢ ᠶᠢᠨ ᠲᠣᠣᠷ ᠢ 63.8 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠡᠮᠦᠨ᠎ᠡ ᠦᠶᠡᠷ ᠢ | ᠰᠡᠷᠭᠡᠶᠢᠯᠡᠬᠦ ᠭᠤᠤ ᠭᠤᠣᠯ ᠢ ᠶᠡᠷᠦᠩᠬᠡᠶᠢᠯᠡᠨ ᠵᠠᠰᠠᠬᠤ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠤᠰᠤᠨ ᠤ | ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠭᠤᠴᠢᠨ ᠪᠠ ᠬᠠᠭᠤᠴᠢᠨ | ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ ᠰᠢᠶᠠᠨ ᠹᠧᠩ | ᠵᠡᠭᠡᠯᠢ ᠶᠢᠨ ᠵᠠᠮ ᠤᠨ ᠳ᠋ᠧᠩ ᠢ ᠤᠭᠰᠠᠷᠠᠬᠤ ᠪᠠ ᠾᠦᠢ ᠮᠢᠨ ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ ᠳᠠᠭᠤᠰᠬᠠᠭᠠᠳ ᠰᠢᠯᠭᠠᠨ ᠠᠪᠴᠤ᠂ 5G ᠶᠢᠨ | ᠳᠣᠬᠢᠶ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠵᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠪᠡᠶᠡᠯᠡᠭᠦᠯᠪᠡ᠃ ᠣᠶᠤᠨᠲᠤ ᠤᠰᠤᠨ ᠤ ᠶᠠᠪᠤᠳᠠᠯ᠂ ᠣᠶᠤᠨᠲᠤ ᠬᠦᠷᠢᠶᠡᠯᠡᠩ | ᠲᠣᠭᠤᠷᠢᠭ᠂ ᠣᠶᠤᠨᠲᠤ ᠨᠡᠶᠢᠭᠡᠮ ᠲᠣᠭᠤᠷᠢᠭ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠶᠤᠨᠲᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠤᠯᠤᠰ ᠤᠨ ᠢᠳᠡᠭᠡᠨ ᠤ ᠠᠶᠦᠯᠭᠦᠢ ᠶᠢᠨ ᠵᠢᠱᠢᠶ᠎ᠡ | ᠦᠵᠡᠭᠦᠯᠬᠦ ᠬᠤᠳᠠ ᠪᠣᠯᠣᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠳᠠ ᠶᠢ ᠡᠭᠦᠳᠦᠨ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ ︽ᠳᠥᠷᠪᠡᠨ ᠳᠠᠷᠤᠭ᠎ᠠ ᠶᠢᠨ ᠳᠦᠷᠢᠮ + | ᠥᠮᠴᠢᠲᠡᠨ ᠤ ᠵᠥᠪᠯᠡᠯ︾ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠵᠢᠵᠢᠭ | ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠪᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠪᠠᠯᠭᠠᠰᠤ ᠶᠢ ᠴᠢᠷᠮᠠᠶᠢᠨ ᠪᠠᠶᠢᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠪᠠ | ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠭᠦᠨᠵᠡᠭᠡᠶᠢᠷᠡᠨ ᠠᠬᠢᠪᠠ ᠃ | ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠳᠤᠯ᠂ ᠵᠠᠮ ᠤᠨ ᠬᠤᠭ ᠲᠣᠭᠤᠰᠣ᠂ ᠬᠤᠭ ᠰᠢᠷᠣᠢ ᠶᠢᠨ | ᠲᠡᠭᠡᠭᠡᠪᠦᠷᠢ ᠵᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ | 734 ᠡᠷᠦᠬᠡ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠵᠦ᠂ ᠪᠡᠭᠡᠵᠢᠩ ᠤᠨ ᠡᠪᠦᠯ ᠤᠨ | ᠣᠯᠧᠮᠫᠢᠺ ᠤᠨ ᠴᠤᠭᠯᠠᠭᠠᠨ ᠪᠠ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠤ ᠬᠤᠳᠠ ᠶᠢᠨ ᠠᠭᠠᠷ ᠤᠨ | ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ ᠃ ᠲᠠᠷᠢᠶᠠᠯᠠᠩ ᠤᠨ ᠲᠠᠷᠢᠮᠠᠯ ᠤᠨ | ᠪᠦᠲᠦᠴᠡ ᠳᠤ ᠲᠣᠬᠢᠷᠠᠭᠤᠯᠤᠯᠲᠠ ᠬᠢᠵᠦ᠂ ᠤᠰᠤ ᠶᠡᠭᠡ ᠬᠤᠷᠣᠭᠳᠠᠭᠤᠯᠬᠤ ᠢᠳᠡᠰᠢᠨ ᠨᠣᠭᠤᠭ᠎ᠠ ᠶᠢᠨ ᠲᠠᠷᠢᠮᠠᠯ ᠤᠨ | ᠲᠠᠯᠠᠪᠠᠶ ᠶᠢ 1.05 ᠲᠦᠮᠡᠨ ᠮᠦ ᠪᠠᠭᠠᠰᠬᠠᠪᠠ᠃ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ᠂ ᠰᠢᠨ ᠷᠦᠩ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | 300 ᠮᠦ ᠲᠠᠷᠢᠶᠠᠨ ᠭᠠᠵᠠᠷ ᠢ ᠡᠷᠭᠢᠯᠲᠡ ᠳᠤ ᠣᠷᠤᠭᠤᠯᠪᠠ ᠃ ᠲᠣᠭᠲᠠᠭᠠᠯ ᠠᠴᠠ ᠵᠥᠷᠢᠴᠡᠨ ᠤᠰᠤ ᠵᠠᠯᠠᠬᠤ᠂ | ᠭᠤᠣᠯ ᠤᠨ ᠵᠠᠮ ᠠᠴᠠ ᠡᠯᠡᠰᠦ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠢᠦ ᠵᠢᠶᠠ ᠹᠠᠩ ᠭᠤᠣᠯ ᠤᠨ ᠭᠤᠣᠯ ᠤᠨ ᠵᠠᠮ ᠢ ᠵᠠᠰᠠᠬᠤ ᠢᠨᠵᠧᠨᠧᠷᠢᠩ ᠢ 8.3 ᠺᠢᠯᠣᠮᠧᠲᠷ | ᠪᠡᠶᠡᠯᠡᠭᠦᠯᠵᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ | ᠳᠡᠪᠰᠢᠭᠦᠯᠦᠨ ᠥᠭᠡᠷᠡᠴᠢᠯᠡᠵᠦ᠂ ᠳᠤᠮᠳᠠᠬᠢ ᠤᠰᠤᠨ ᠤ ᠴᠢᠨᠠᠷ ᠢ ᠤᠯᠤᠰ ᠤᠨ ᠨᠢᠭᠡᠳᠦᠭᠡᠷ ᠳᠡᠰ ᠤᠨ A | ᠪᠠᠷᠢᠮᠵᠢᠶ᠎ᠠ ᠳᠤ ᠬᠦᠷᠭᠡᠪᠡ᠃ ᠲᠠᠷᠢᠶᠠᠯᠠᠩ ᠤᠨ ︽ᠣᠯᠠᠨ ᠡᠬᠢᠲᠦ ᠪᠣᠬᠢᠷᠳᠤᠯ︾ ᠢ ᠰᠡᠷᠭᠡᠶᠢᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠬᠢᠮᠢ ᠶᠢᠨ ᠪᠣᠷᠳᠣᠭᠤᠷ ᠤᠨ ᠬᠡᠷᠡᠭᠯᠡᠯᠲᠡ ᠶᠢᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 0.78% ᠪᠠᠭᠤᠷᠠᠵᠤ᠂ ᠦᠯᠡᠳᠡᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ | 84% ᠳᠤ ᠬᠥᠷᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠵᠤ ᠬᠥᠮᠥᠨ ᠤ ᠬᠦᠴᠦ ᠪᠠᠷ | ᠣᠶᠢᠵᠢᠭᠤᠯᠬᠤ᠂ ᠬᠠᠷᠭᠠᠨ᠎ᠠ ᠶᠢ ᠲᠡᠭᠰᠢᠯᠡᠨ ᠲᠠᠷᠢᠶ᠎ᠠ ᠶᠢ ᠰᠠᠶᠢᠵᠢᠷᠠᠭᠤᠯᠬᠤ ᠵᠡᠷᠭᠡ 6.3 ᠲᠦᠮᠡᠨ ᠮᠦ ᠶᠢᠨ ᠳᠦᠷᠦᠯ | ᠵᠦᠢᠯ ᠢ ᠬᠡᠷᠡᠭᠵᠢᠭᠦᠯᠵᠦ᠂ 1245 ᠮᠦ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ | ᠵᠢᠷᠤᠭ ᠵᠢᠷᠤᠭᠠᠰᠤ ᠶᠢ ᠡᠪᠳᠡᠭᠰᠡᠨ ᠠᠰᠠᠭᠤᠳᠠᠯ ᠢ ᠪᠦᠬᠦᠨ ᠢ ᠬᠦᠴᠦᠨ ᠦᠭᠡᠢ ᠪᠣᠯᠭᠠᠪᠠ ᠃ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ ᠪᠦᠬᠦᠨ ᠢ ᠰᠢᠢᠳᠪᠦᠷᠢᠯᠡᠵᠦ | ᠳᠠᠭᠤᠰᠬᠠᠪᠠ᠃ | ᠥᠩᠭᠡᠷᠡᠭᠰᠡᠨ ᠨᠢᠭᠡ ᠵᠢᠯ ᠳᠤ ᠂ ᠪᠢᠳᠡ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ | ᠡᠷᠡᠮᠡᠯᠵᠡᠯ ᠢ ᠴᠢᠷᠮᠠᠶᠢᠨ ᠬᠠᠩᠭᠠᠪᠠ | ᠨᠡᠶᠢᠭᠡᠮ ᠤᠨ ᠦᠢᠯᠡᠰ ᠲᠦᠷᠭᠡᠨ ᠬᠥᠭᠵᠢᠪᠡ ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ | ᠶᠢ ᠦᠢᠯᠡᠳᠦᠯᠭᠡᠵᠢᠭᠦᠯᠵᠦ᠂ ᠪᠥᠬᠦ ᠰᠢᠶᠠᠨ ᠤ ᠬᠦᠴᠦᠨ ᠢ ᠳᠠᠶᠢᠴᠢᠯᠠᠨ᠂ ᠪᠥᠬᠦ ᠰᠢᠶᠠᠨ ᠤ ᠣᠶᠤᠨ ᠤᠬᠠᠭᠠᠨ ᠢ | ᠲᠥᠪᠯᠡᠷᠡᠭᠦᠯᠵᠦ᠂ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠵᠤ᠂ ᠠᠷᠠᠳ ᠣᠯᠠᠨ ᠤ | ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ | ᠬᠢᠵᠢᠭ ᠤᠨ ᠠᠵᠤ ᠠᠬᠤᠢ ᠨᠡᠶᠢᠭᠡᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠨᠠᠮ ᠤᠨ ᠬᠤᠷᠢᠶ᠎ᠠ ᠪᠣᠯᠣᠨ ᠬᠤᠳᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠬᠥᠬᠡᠬᠤᠲᠠ᠂ ᠱᠠᠩᠬᠠᠢ ᠬᠤᠳᠠ᠂ ᠵᠢᠨᠢᠩ ᠲᠣᠭᠤᠷᠢᠭ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ 230 | ᠭᠠᠷᠤᠢ ᠬᠥᠮᠥᠨ ᠤᠳᠠᠭ᠎ᠠ ᠡᠰᠡᠷᠭᠦᠴᠡᠨ ᠪᠠᠶᠢᠯᠳᠤᠬᠤ ᠶᠢ ᠳᠡᠮᠵᠢᠪᠡ ︔ ᠬᠥᠬᠡᠬᠤᠲᠠ᠂ ᠵᠢᠨᠢᠩ ᠲᠣᠭᠤᠷᠢᠭ᠂ ᠹᠧᠩᠵᠧᠨ | ᠬᠤᠲᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ ᠭᠠᠵᠠᠷ ᠢ ᠬᠠᠪᠰᠤᠷᠤᠨ 2000 ᠭᠠᠷᠤᠢ | ᠲᠤᠰᠠᠭᠠᠷᠯᠠᠭᠴᠢ ᠶᠢ ᠭᠥᠯᠢᠶᠡᠨ ᠠᠪᠤᠪᠠ ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ | ᠬᠠᠮᠠᠭᠠᠯᠠᠯ ᠤᠨ ᠲᠠᠰᠤᠭ ᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠵᠤ᠂ ᠰᠢᠶᠠᠨ ᠤ ᠡᠮᠨᠡᠯᠭᠡ ᠶᠢᠨ | ᠬᠤᠷᠢᠶ᠎ᠠ ᠶᠢᠨ ᠨᠠᠮ ᠤᠨ ᠡᠭᠦᠷ ᠤᠨ ᠱᠦᠵᠢ ᠪᠠ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢ | ᠤᠷᠢᠨ ᠬᠡᠷᠡᠭᠯᠡᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠪᠠ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠲᠤ ᠡᠪᠡᠳᠴᠢᠨ ᠤ ᠦᠷᠦᠭᠡ ᠶᠢᠨ ᠲᠦᠰᠦᠯ ᠤᠨ ᠦᠨᠳᠦᠰᠦᠨ ᠬᠡᠰᠡᠭ ᠤᠨ ᠪᠠᠶᠢᠭᠤᠯᠤᠯᠲᠠ ᠶᠢ | ᠪᠡᠶᠡᠯᠡᠭᠦᠯᠵᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠭᠤᠷᠪᠠᠳᠤᠭᠠᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠬᠤᠲᠠ ᠶᠢᠨ ᠲᠠᠰ ᠤᠨ ᠵᠢᠱᠢᠶ᠎ᠡ | ᠦᠵᠡᠭᠦᠯᠬᠦ ᠴᠡᠴᠡᠷᠯᠢᠭ ᠢᠶᠠᠷ ᠦᠨᠡᠯᠡᠨ ᠲᠣᠭᠲᠠᠭᠠᠵᠤ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠪᠦᠲᠦᠭᠡᠨ | ᠪᠠᠶᠢᠭᠤᠯᠵᠤ ᠳᠠᠭᠤᠰᠬᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢ | 100% ᠳᠤ ᠬᠦᠷᠪᠡ︔ ᠨᠢᠭᠡᠳᠦᠭᠡᠷ ᠳᠤᠮᠳᠠᠳᠤ ᠰᠤᠷᠭᠠᠭᠤᠯᠢ ᠬᠢᠭᠡᠳ ᠥᠪᠥᠷ ᠮᠣᠩᠭᠤᠯ ᠤᠨ ᠤᠷᠠᠯᠢᠭ ᠤᠨ | ᠳᠡᠭᠡᠳᠦ ᠰᠤᠷᠭᠠᠭᠤᠯᠢ᠂ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ ᠰᠤᠷᠭᠠᠨ | ᠬᠥᠮᠦᠵᠢᠯ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠳ᠋ᠧ ᠱᠠᠨ᠂ ᠯᠢᠦ ᡁᠢ ᠵᠢᠶᠠᠨ᠂ ᠯᠢᠦ ᠱᠢ ᠴᠢᠩ ᠭᠤᠷᠪᠠᠨ | ᠰᠤᠷᠭᠠᠭᠤᠯᠢ ᠶᠢ ᠬᠠᠰᠤᠵᠤ ᠨᠡᠶᠢᠯᠡᠭᠦᠯᠦᠨ᠂ 37 ᠪᠠᠭᠰᠢ ᠡᠯᠰᠡᠪᠡ ᠃ 9 ᠰᠤᠷᠭᠠᠭᠤᠯᠢ ᠶᠢᠨ ᠭᠠᠯ ᠤᠨᠲᠠᠷᠠᠭᠠᠬᠤ | ᠢᠨᠵᠧᠨᠧᠷᠢᠩ ᠢ ᠥᠭᠡᠷᠡᠴᠢᠯᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ | ᠴᠡᠭᠴᠡᠯᠡᠨ ᠵᠢᠷᠤᠮᠵᠢᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠪᠠ᠃ ᠮᠣᠷᠠᠯ ᠤᠨ ᠰᠣᠶᠣᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ | ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ ᠲᠢᠩᠬᠢᠮ ᠢ ᠡᠬᠢᠯᠡᠨ ᠪᠠᠶᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠴᠡᠴᠡᠷᠯᠢᠭ ᠪᠠ ᠭᠠᠨ ᡁᠢ ᠮᠧᠶ ᠭᠤᠣᠯ ᠰᠡᠳᠦᠪᠲᠦ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠡᠭᠦᠨ ᠵᠠᠮ ᠤᠨ ᠬᠤᠶᠠᠷ ᠬᠥᠮᠥᠨ ᠤ ᠡᠯᠭᠦᠴᠡᠭᠡ ︽ᠵᠣᠯ ᠵᠢᠷᠭᠠᠯ ᠤᠨ | ᠢᠨᠢᠶᠡᠳᠦ ᠶᠢᠨ ᠲᠠᠭᠤᠨ︾ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠶᠠᠷ ᠬᠥᠮᠥᠨ ᠤ | ᠡᠯᠭᠦᠴᠡᠭᠡ ᠶᠢᠨ ᠤᠷᠠᠯᠢᠭ ᠤᠨ ᠪᠠᠶᠠᠷ ᠤᠨ ᠮᠥᠩᠭᠦᠨ ᠮᠧᠳᠡᠯ ᠤᠨ ᠱᠠᠩᠨᠠᠯ ᠢ ᠬᠦᠷᠲᠡᠵᠦ᠂ ᠬᠤᠸᠠᠳᠧ ᠶᠢ | ᠬᠥᠭᠵᠢᠭᠦᠯᠦᠨ ᠮᠠᠨᠳᠤᠭᠤᠯᠬᠤ ᠵᠠᠮ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠳᠡᠭᠡᠭᠰᠢᠯᠡᠪᠡ ᠃ ᠠᠳᠠᠯ ᠦᠢᠯᠡᠰ ᠴᠣᠭᠴᠠᠯᠠᠬᠤ | ᠠᠵᠢᠯ ᠣᠯᠭᠤᠯᠲᠠ ᠦᠷᠭᠦᠯᠵᠢᠯᠡᠨ ᠰᠠᠶᠢᠵᠢᠷᠠᠵᠤ᠂ ᠬᠤᠲᠠ ᠪᠠᠯᠭᠠᠰᠤᠨ ᠤ 1339 ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ 718 ᠬᠥᠮᠥᠨ ᠳᠤ᠂ | ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ 480 ᠲᠦᠮᠡᠨ ᠲᠥᠭᠦᠷᠢᠭ ᠲᠠᠯᠪᠢᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ | ᠨᠡᠶᠢᠭᠡᠮ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ | ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 1.46 ᠳ᠋ᠦᠩᠰᠢᠭᠤᠷ ᠲᠥᠭᠦᠷᠢᠭ ᠲᠠᠷᠬᠠᠭᠠᠪᠠ᠃ ᠡᠮ ᠡᠮᠨᠡᠯᠭᠡ᠂ | ᠠᠵᠢᠯ ᠠᠯᠳᠠᠯᠲᠠ ᠵᠡᠷᠭᠡ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠬᠤ ᠶᠣᠰᠣᠲᠠᠢ ᠶᠢ ᠨᠢ ᠴᠥᠮ | ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠨᠤᠷᠮ᠎ᠠ 98% ᠳᠤ ᠬᠦᠷᠪᠡ ᠃ ᠠᠷᠠᠳ ᠤᠨ ᠠᠮᠢᠳᠤᠷᠠᠯ ᠤᠨ ᠪᠣᠳᠠᠲᠠᠢ ᠵᠦᠢᠯᠡᠰ ᠢ ᠯᠠᠪᠳᠠᠭᠤᠨ ᠢᠶᠠᠷ ᠲᠦᠯᠬᠢᠨ | ᠠᠬᠢᠭᠤᠯᠪᠠ ᠃ ᠪᠠᠶᠠᠨᠲᠠᠯ᠎ᠠ ᠰᠢᠶᠠᠩ ᠳᠤ ᠡᠩ ᠲᠡᠷᠢᠭᠦᠨ ᠳᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠶᠢᠭᠤᠯᠬᠤ ᠲᠤᠷᠰᠢᠯᠲᠠ ᠬᠢᠵᠦ᠂ ᠬᠥᠳᠡᠭᠡ ᠲᠣᠰᠬᠤᠨ ᠤ ︽10 | ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾ ᠶᠢ ᠡᠬᠢᠯᠡᠭᠦᠯᠪᠡ᠃ | ᠠᠮᠤᠷ ᠲᠦᠪᠰᠢᠨ ᠲᠣᠭᠲᠠᠭᠤᠨ ᠬᠠᠯᠬᠠᠪᠴᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ ᠃ | ᠠᠶᠦᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ | ᠠᠴᠠ ᠠᠪᠤᠷᠠᠬᠤ ᠵᠡᠷᠭᠡ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠤᠭᠰᠠᠨ | ᠲᠤᠭ᠎ᠠ ᠪᠠ ᠠᠳᠡᠭᠰᠡᠨ ᠬᠥᠮᠥᠨ ᠤ ᠲᠤᠭ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾ ᠶᠢ ᠪᠡᠶᠡᠯᠡᠭᠦᠯᠵᠦ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ | ᠲᠣᠬᠢᠲᠠᠢ ᠠᠷᠢᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠲᠤᠤᠷᠴᠢᠯᠠᠭᠰᠠᠨ ᠵᠠᠰᠠᠯᠲᠠ ᠳᠤ ᠪᠣᠳᠠᠲᠤ ᠦᠷ᠎ᠡ | ᠪᠦᠲᠦᠮᠵᠢ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ | ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢ ᠪᠠᠲᠤ ᠪᠠᠬᠢ ᠪᠣᠶ ᠪᠣᠯᠭᠠᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠨᠢᠭᠡᠴᠡ ᠶᠢ 1 | ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ | ᠬᠠᠮᠲᠤ ᠪᠠᠷ ᠪᠠᠶᠢᠭᠤᠯᠬᠤ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ᠂ ᠠᠮᠤ ᠪᠤᠳᠠᠭ᠎ᠠ ᠬᠠᠩᠭᠠᠨ | ᠪᠣᠷᠣᠯᠠᠭᠤᠯᠬᠤ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ | ᠰᠢᠶᠠᠨ ᠤ ᠣᠶᠢᠯᠠᠯᠭ᠎ᠠ ᠶᠢᠨ ᠳᠠᠩᠰᠠ ᠡᠪᠬᠡᠮᠡᠯ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ᠂ | ᠡᠮᠡᠭᠲᠡᠶᠢᠴᠦᠳ ᠬᠡᠦᠬᠡᠳ᠂ ᠵᠡᠮᠳᠡᠭᠴᠦᠳ ᠢ ᠬᠠᠪᠰᠤᠷᠴᠤ ᠵᠡᠮᠳᠡᠭᠴᠦᠳ ᠢ ᠬᠠᠪᠰᠤᠷᠬᠤ᠂ ᠤᠯᠠᠨ ᠲᠦᠮᠡᠨ ᠤ | ᠪᠦᠯᠬᠦᠮ ᠤᠨ ᠦᠢᠯᠡᠰ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠭᠡᠳ ᠰᠢᠨ᠎ᠡ ᠠᠮᠵᠢᠯᠲᠠ ᠪᠦᠲᠦᠮᠵᠢ ᠣᠯᠪᠠ᠃ | | ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠪᠠ | ᠢᠮᠠᠭᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃︽ᠨᠠᠮ ᠤᠨ | ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ︿ᠡᠴᠦᠰ ᠤᠨ ᠨᠢᠭᠡ ᠺᠢᠯᠣᠮᠧᠲᠷ﹀ | ᠤᠨ ᠶᠡᠭᠡ ᠰᠤᠷᠤᠯᠴᠠᠯᠭ᠎ᠠ ᠶᠢ ᠨᠡᠪᠲᠡᠷᠡᠭᠦᠯᠬᠦ᠂ ᠶᠡᠭᠡ ᠡᠬᠢᠯᠡᠯᠲᠡ ᠲᠠᠢ ᠪᠣᠯᠭᠠᠬᠤ᠂ ᠶᠡᠭᠡ ᠴᠡᠭᠴᠡᠯᠡᠯᠲᠡ ᠲᠠᠢ ᠪᠣᠯᠭᠠᠬᠤ | ︾ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠪᠥᠬᠦ ᠬᠤᠲᠠ ᠶᠢᠨ ᠰᠣᠨᠢᠨ ᠮᠡᠳᠡᠭᠡᠨ ᠤ | ᠤᠬᠠᠭᠤᠯᠭ᠎ᠠ ᠶᠢᠨ ᠲᠡᠷᠢᠭᠦᠨ ᠤ ᠬᠠᠮᠲᠤ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ᠲᠤᠭ᠎ᠠ ᠪᠦᠷᠢᠳᠬᠡᠯ ᠤᠨ | ᠲᠣᠪᠴᠢᠶ᠎ᠠ ᠨᠢ ᠪᠥᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠲᠡᠷᠢᠭᠦᠨ ᠤ ᠬᠠᠮᠲᠤ ᠶᠢ ᠬᠦᠷᠲᠡᠵᠦ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ | ᠲᠡᠷᠢᠭᠦᠨ ᠤ ᠬᠠᠮᠲᠤ ᠶᠢ ᠬᠦᠷᠲᠡᠵᠦ᠂ ᠴᠠᠩ ᠹᠧᠩ ᠨᠡᠶᠢᠭᠡᠮ ᠲᠣᠭᠤᠷᠢᠭ ᠨᠢ 2022 ᠣᠨ ᠤ ᠪᠥᠬᠦ ᠤᠯᠤᠰ ᠤᠨ | ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢᠶᠠᠷ | ᠨᠡᠷᠡᠶᠢᠳᠦᠭᠳᠡᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠥᠬᠦ ᠤᠯᠤᠰ ᠤᠨ ᠣᠯᠠᠨ ᠲᠦᠮᠡᠨ ᠤ | ᠪᠡᠶ᠎ᠡ ᠶᠢᠨ ᠲᠠᠮᠢᠷ ᠤᠨ ᠠᠵᠢᠯ ᠦᠨᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨᠠᠬᠢᠭᠤᠯᠪᠠ ᠃ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠬᠤ ᠪᠠᠷ ᠴᠥᠬᠦᠷᠡᠰᠢ ᠦᠭᠡᠢ ᠴᠢᠷᠮᠠᠶᠢᠪᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠴᠢᠩᠭᠠᠳᠬᠠᠨ᠂ ᠬᠢᠨᠠᠨ ᠪᠤᠳᠤᠬᠤ ᠬᠢᠨᠠᠯᠲᠠ ᠶᠢᠨ ᠡᠷᠴᠢᠮ ᠢ | ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ | ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠶᠢ 100% ᠳᠤ ᠬᠦᠷᠭᠡᠪᠡ᠃ | ᠲᠥᠯᠥᠭᠡᠯᠡᠭᠴᠢᠳ ᠠ᠋ ︕ 2022 ᠣᠨ ᠢ ᠡᠷᠭᠢᠴᠡᠭᠦᠯᠬᠦᠶ᠎ᠡ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ | ᠵᠢᠱᠢᠯᠲᠡ ᠠᠴᠠ ᠨᠡᠩ ᠪᠤᠳᠤᠯᠢᠶᠠᠨᠲᠠᠢ᠂ ᠲᠤᠯᠭᠠᠷᠠᠵᠤ ᠪᠠᠶᠢᠭ᠎ᠠ ᠬᠦᠴᠢᠷᠳᠡᠯ ᠨᠡᠩ ᠬᠦᠨᠳᠦ ᠬᠡᠴᠡᠭᠦᠦ᠂ ᠣᠯᠣᠭᠰᠠᠨ | ᠠᠮᠵᠢᠯᠲᠠ ᠪᠦᠲᠦᠮᠵᠢ ᠨᠢ ᠥᠩᠭᠡᠷᠡᠭᠰᠡᠨ ᠤ ᠬᠢ ᠠᠴᠠ ᠨᠡᠩ ᠬᠢᠯᠪᠠᠷ ᠪᠤᠰᠤ ᠶᠤᠮ᠃ ᠰᠢ ᠶᠢᠨ ᠫᠢᠩ ᠶᠡᠷᠦᠩᠬᠡᠢ | ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢᠨ ᠵᠣᠷᠢᠭᠵᠢᠭᠤᠯᠤᠯ ᠤᠷᠢᠶᠠᠯᠠᠯ ᠳᠣᠣᠷ᠎ᠠ᠂ ᠪᠢᠳᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠰᠢᠯᠭᠠᠯᠲᠠ ᠶᠢ ᠳᠠᠭᠠᠭᠠᠵᠤ᠂ ᠠᠵᠤ ᠠᠬᠤᠢ ᠪᠠᠭᠤᠷᠠᠬᠤ ᠳᠠᠷᠤᠯᠲᠠ ᠶᠢ | ᠲᠤᠯᠵᠤ᠂ ᠬᠦᠨᠳᠦ ᠶᠡᠭᠡ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠵᠤ᠂ ᠬᠤᠸᠠᠳᠧ | ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠡᠳᠡᠭᠡᠷ ᠠᠮᠵᠢᠯᠲᠠ ᠶᠢ | ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ | ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠯᠡᠨ ᠳᠡᠮᠵᠢᠵᠦ᠂ ᠪᠦᠲᠦᠮᠵᠢᠲᠡᠢ | ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ | ᠲᠦᠮᠡᠨ᠂ ᠬᠤᠸᠠᠳᠧ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ | ᠥᠷᠢᠰᠦᠯᠳᠦᠭᠡᠨ ᠢ ᠰᠡᠷᠭᠡᠭ ᠢᠶᠠᠷ ᠣᠯᠵᠤ ᠬᠠᠷᠠᠪᠠ ᠂ ᠨᠢᠭᠡ ᠳᠤ ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ | ᠬᠦᠷᠦᠯᠴᠡᠬᠦ ᠦᠭᠡᠢ᠂ ᠵᠠᠷᠤᠯᠭ᠎ᠠ ᠶᠢᠨ ᠳᠠᠷᠤᠯᠲᠠ ᠶᠡᠭᠡ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠨ᠎ᠠ᠃ | ᠬᠤᠶᠠᠷ ᠲᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠴᠢᠩᠭ᠎ᠠ ᠪᠢᠰᠢ᠂ ᠪᠥᠬᠦ ᠠᠵᠢᠯᠲᠠᠨ ᠤ | ᠠᠷᠠᠯᠵᠢᠶᠠᠴᠢᠨ ᠤᠷᠢᠬᠤ ᠡᠷᠴᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠲᠥᠷᠥᠯ ᠵᠦᠢᠯ ᠤᠨ | ᠨᠥᠭᠡᠴᠡ᠂ ᠲᠥᠷᠥᠯ ᠵᠦᠢᠯ ᠤᠨ ᠪᠦᠲᠦᠴᠡ᠂ ᠲᠥᠷᠥᠯ ᠵᠦᠢᠯ ᠤᠨ ᠬᠡᠪᠴᠢᠶ᠎ᠡ ᠶᠢᠨ ᠠᠵᠤ ᠠᠬᠤᠢ ᠶᠢᠨ ᠨᠡᠮᠡᠭᠳᠡᠯ ᠳᠤ | ᠦᠵᠡᠭᠦᠯᠬᠦ ᠲᠤᠯᠭᠠᠭᠤᠷᠢᠯᠠᠬᠤ ᠬᠦᠴᠦᠨ ᠢᠯᠡᠷᠬᠡᠢ ᠪᠢᠰᠢ ᠪᠠᠶᠢᠨ᠎ᠠ᠃ ᠭᠤᠷᠪᠠ ᠳᠤ ᠂ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ᠂ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ ᠣᠬᠤᠷ᠂ | ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠤᠪᠢ ᠶᠢᠨ ᠵᠢᠩ ᠶᠡᠭᠡ᠂ ᠰᠠᠯᠬᠢ ᠬᠡᠷᠡᠯ ᠤᠨ ᠴᠠᠬᠢᠯᠭᠠᠨ ᠤ | ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠨᠢ ᠤᠳᠠᠭᠠᠨ᠂ ᠤᠯᠠᠮᠵᠢᠯᠠᠯᠲᠤ ᠬᠤᠪᠴᠠᠰᠤ | ᠬᠤᠨᠠᠷ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠴᠢᠩᠭ᠎ᠠ ᠪᠢᠰᠢ᠂ ᠠᠯᠠᠰᠢᠨ ᠬᠤᠨᠢᠨ ᠤ ᠠᠵᠤ ᠦᠢᠯᠡᠰ ᠤᠨ | ᠬᠥᠭᠵᠢᠯ ᠪᠠᠳᠠᠷᠠᠯ ᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ᠂ | ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠳᠥᠷᠪᠡ ᠳᠤ ᠂ ᠠᠮᠢ ᠠᠬᠤᠢ ᠶᠢᠨ ᠣᠷᠴᠢᠨ ᠨᠥᠬᠦᠴᠡᠯ ᠬᠡᠪᠡᠷᠡᠭ ᠪᠠᠶᠢᠵᠤ᠂ ᠠᠵᠤ ᠠᠬᠤᠢ ᠶᠢᠨ ᠬᠥᠭᠵᠢᠯᠲᠡ ᠪᠣᠯᠣᠨ | ᠡᠬᠢ ᠪᠠᠶᠠᠯᠢᠭ ᠤᠨ ᠡᠯᠧᠮᠧᠨ᠋ᠲ ᠤᠨ ᠳᠠᠭᠠᠭᠠᠴᠠ ᠵᠣᠬᠢᠴᠠᠯᠳᠤᠬᠤ ᠦᠭᠡᠢ ᠪᠠᠶᠢᠨ᠎ᠠ ᠃ ᠲᠠᠪᠤ ᠳᠤ ᠂ ᠬᠤᠳᠠ | ᠬᠥᠳᠡᠭᠡ ᠶᠢᠨ ᠰᠠᠭᠤᠷᠢ ᠲᠥᠬᠦᠭᠡᠷᠦᠮᠵᠢ ᠳᠤ ᠪᠠᠰᠠ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡ᠂ | ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ | ᠪᠠᠰᠠ ᠵᠥᠷᠢᠶ᠎ᠡ ᠲᠠᠢ ᠪᠠᠶᠢᠨ᠎ᠠ᠃ ᠵᠢᠷᠭᠤᠭ᠎ᠠ ᠳᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ | ᠬᠤᠪᠢᠷᠠᠭᠤᠯᠤᠯᠲᠠ ᠶᠢ ᠬᠠᠷᠠᠬᠠᠨ ᠪᠣᠳᠠᠲᠠᠶᠢᠵᠢᠭᠤᠯᠤᠭᠠᠳᠤᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ | ᠨᠡᠯᠢᠶᠡᠳ ᠶᠡᠭᠡ ᠰᠠᠶᠢᠵᠢᠷᠠᠭᠤᠯᠬᠤ ᠣᠷᠣᠨ ᠵᠠᠢ ᠲᠠᠢ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠤ ᠲᠤᠬᠠᠢ | ᠪᠢᠳᠡ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠠᠮ ᠤᠨ ᠬᠤᠷᠢᠳᠤᠭᠠᠷ | ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤᠴᠤᠳ ᠤᠨ | ᠡᠭᠦᠷᠭᠡ ᠬᠠᠷᠢᠭᠤᠴᠠᠯᠭ᠎ᠠ ᠶᠢ ᠳᠤᠷᠠᠳᠴᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠬᠦ ᠳᠠᠶᠢᠴᠢᠯᠠᠯᠲᠠ ᠶᠢᠨ ᠵᠠᠷᠯᠢᠭ ᠢ ᠭᠠᠷᠭᠠᠪᠠ᠃ ᠪᠦᠷᠢᠶ᠎ᠡ ᠶᠢᠨ ᠳᠠᠭᠤᠨ ᠢ ᠬᠠᠩᠭᠢᠨᠠᠭᠤᠯᠵᠤ᠂ ᠡᠷᠡᠯᠬᠡᠭᠯᠡᠨ | ᠤᠷᠤᠭᠰᠢᠯᠠᠬᠤ ᠴᠠᠭ ᠪᠣᠯᠪᠠ᠃ ᠪᠢᠳᠡ ᠡᠷᠬᠡᠪᠰᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠨᠢᠭᠲᠠᠷᠠᠭᠤᠯᠵᠤ | ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ ︔ ᠬᠤᠶᠠᠳᠤᠭᠠᠷ ᠵᠠᠭᠤᠨ | ᠵᠢᠯ ᠤᠨ ᠲᠡᠮᠡᠴᠡᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠸᠠᠳᠧ ᠶᠢᠨ | ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠃ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ | ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ | ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠪᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠃ ᠡᠷᠬᠡᠪᠰᠢ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ | ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠲᠤ | ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠵᠦ᠂ | ᠥᠨᠢ ᠤᠳᠠᠭᠠᠨ ᠤ ᠴᠢᠷᠮᠠᠶᠢᠯᠭ᠎ᠠ ᠪᠠᠷ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ | ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ | ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ | ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ | ᠤᠷᠤᠭᠰᠢᠯᠠᠭᠤᠯᠬᠤ ᠶᠢᠨ ᠵᠡᠷᠭᠡ ᠳᠤ ᠰᠢᠯᠢᠳᠡᠭ ᠲᠤ ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠣᠯᠣᠨ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ | ᠬᠥᠪᠴᠢᠯᠡᠵᠦ ᠂ ︽ᠲᠠᠪᠤᠨ ᠶᠡᠭᠡ ᠡᠭᠦᠷᠭᠡ︾ ᠪᠠᠷ ᠨᠢᠭᠡᠳᠦᠯᠲᠡᠢ ᠵᠢᠯᠣᠭᠤᠳᠤᠭᠤᠯᠵᠤ ᠂ ︽ᠲᠠᠪᠤᠨ ᠶᠡᠭᠡ ᠠᠵᠤ ᠠᠬᠤᠢ︾ | ᠪᠠᠷ ᠭᠠᠷᠳᠠᠴᠠ ᠪᠣᠯᠭᠠᠨ᠂︽ᠭᠤᠷᠪᠠᠨ ᠭᠤᠷᠪᠠ︾ ᠶᠢᠨ ᠬᠥᠭᠵᠢᠯᠲᠡ ᠶᠢᠨ ᠠᠷᠭ᠎ᠠ ᠵᠠᠮ ᠢ ᠪᠠᠷᠢᠮᠲᠠᠯᠠᠵᠤ᠂︽ᠲᠦᠷᠪᠡᠨ | ᠶᠠᠪᠤᠳᠠᠯ︾ ᠢ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠸᠠᠳᠧ ᠵᠢᠨᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ᠃ | ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠦᠢᠯᠡᠳᠪᠦᠷᠢᠯᠡᠯ ᠤᠨ ᠪᠥᠬᠦ ᠥᠷᠲᠡᠭ ︵GDP︶ ᠤᠨ ᠨᠡᠮᠡᠭᠳᠡᠯ ᠤᠨ ᠬᠤᠷᠳᠤᠴᠠ 6.05%︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7. | 20% ᠪᠣᠯᠭᠠᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ | ᠬᠤᠷᠳᠤᠴᠠᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 5.04% | ᠪᠣᠯᠭᠠᠨ᠎ᠠ ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠᠬᠥ᠋ᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 10.50% ᠂ ᠠᠮᠢ ᠠᠬᠤᠢ ᠶᠢᠨ ᠣᠷᠴᠢᠨ | ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠨᠧᠷᠭᠢ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ ᠄ | ᠨᠢᠭᠡ᠂ ᠬᠦᠴᠦᠨ ᠴᠢᠳᠠᠯ ᠢᠶᠠᠨ ᠲᠥᠪᠯᠡᠷᠡᠭᠦᠯᠦᠨ ᠬᠤᠷᠢᠭ᠎ᠠ ᠱᠤᠭᠤᠮ ᠢ ᠰᠠᠬᠢᠵᠤ᠂ ᠬᠥᠭᠵᠢᠯ ᠮᠠᠨᠳᠤᠯ ᠢ | ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠨ᠎ᠠ | ᠬᠤᠷᠢᠭ᠎ᠠ ᠱᠤᠭᠤᠮ ᠤᠨ ᠡᠭᠦᠷᠭᠡ ᠶᠢ ᠴᠢᠩᠭ᠎ᠠ ᠠᠳᠬᠤᠬᠤ ᠶᠢ ᠪᠠᠷᠢᠮᠲᠠᠯᠠᠨ᠎ᠠ᠃ ᠲᠠᠬᠢᠨ ᠶᠠᠳᠠᠭᠤᠷᠠᠬᠤ ᠶᠢ | ᠰᠡᠷᠭᠡᠶᠢᠯᠡᠬᠦ᠂ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠤᠭᠤᠬᠤ ᠤᠰᠤ ᠵᠡᠷᠭᠡ ᠡᠯ᠎ᠡ | ᠲᠦᠷᠦᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠪᠠ ᠠᠵᠤ ᠦᠢᠯᠡᠰ ᠤᠨ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ | ᠲᠠᠬᠢᠨ ᠶᠠᠳᠠᠭᠤᠷᠠᠬᠤ ᠶᠠᠪᠤᠳᠠᠯ ᠦᠯᠦ ᠭᠠᠷᠬᠤ ᠬᠢᠵᠠᠭᠠᠷ ᠱᠤᠭᠤᠮ ᠢ ᠡᠷᠡᠰ ᠰᠠᠬᠢᠨ᠎ᠠ ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠶᠠᠳᠠᠭᠤ ᠶᠢ ᠲᠡᠳᠬᠦᠬᠦ ᠵᠢᠴᠢ ᠪᠡᠯᠡ ᠮᠥᠩᠭᠦ ᠡᠳ᠋ ᠬᠥᠷᠥᠩᠭᠡ ᠶᠢ ᠵᠣᠯᠭᠠᠭᠤᠯᠬᠤ ᠦᠷ᠎ᠡ ᠠᠰᠢᠭ ᠢ ᠦᠷᠭᠦᠯᠵᠢᠯᠡᠨ | ᠪᠠᠳᠠᠷᠠᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ᠂ | ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠵᠢᠴᠢ ᠥᠪᠡᠷᠲᠡᠭᠡᠨ | ᠵᠠᠰᠠᠬᠤ ᠣᠷᠣᠨ ᠤ ᠲᠢᠩᠬᠢᠮ ᠤᠨ ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠡᠯ᠎ᠡ ᠲᠥᠷᠥᠯ ᠤᠨ ᠬᠠᠪᠰᠤᠷᠤᠨ | ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ | ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ 3.18 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠣᠯᠬᠤ ᠪᠠᠷ ᠲᠥᠯᠥᠪᠯᠡᠵᠦ᠂ 57 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠤᠨ᠎ᠠ᠃ | ᠣᠷᠭᠠᠨᠢᠭ ᠪᠣᠬᠢᠷᠳᠤᠯ ᠦᠭᠡᠢ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ᠂ ︽ | ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ | 62 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 1.3 ᠳ᠋ᠦᠩᠰᠢᠭᠤᠷ | ᠵᠢᠩ ᠣᠷᠴᠢᠮ ᠳᠤ ᠲᠣᠭᠲᠠᠪᠤᠷᠢᠵᠢᠭᠤᠯᠤᠨ᠎ᠠ᠃ ᠪᠥᠬᠦ ᠬᠤᠲᠠ ᠶᠢᠨ ︽ᠲᠥᠮᠥᠰᠥᠨ ᠤ ᠦᠢᠯᠡᠰ ᠤᠨ ᠦᠷ᠎ᠡ ᠠᠰᠢᠭ ᠢ | ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠬᠦ︾ ︽ᠨᠣᠬᠠᠢ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ︾ | ᠠᠵᠢᠯᠯᠠᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠬᠠᠭᠤᠷᠠᠢ ᠪᠠᠷ ᠳᠠᠷᠢᠬᠤ ᠣᠷᠭᠠᠨᠢᠭ ᠲᠥᠮᠥᠰᠥ᠂ ᠨᠣᠬᠠᠢ ᠶᠢᠨ | ᠬᠤᠰᠢᠭᠤ ᠪᠠ ᠪᠤᠭᠤᠳᠠᠢ ᠳᠠᠷᠢᠬᠤ ᠠᠵᠢᠯ ᠢ 8 ᠲᠦᠮᠡᠨ ᠮᠦ ᠬᠥᠭᠵᠢᠭᠦᠯᠦᠨ᠎ᠡ᠃ ᠪᠥᠬᠦ ᠬᠤᠲᠠ ᠶᠢᠨ ︽ᠴᠡᠪᠡᠷ | ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ︽ | ᠬᠤᠸᠠᠳᠧ ᠶᠢᠨ ᠴᠠᠭᠠᠨ ᠨᠣᠭᠤᠭ᠎ᠠ︾ ᠶᠢᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠦᠢᠯᠡᠳᠦᠯ ᠢ | ᠪᠠᠳᠠᠷᠠᠭᠤᠯᠵᠤ᠂ ᠬᠦᠢᠲᠡᠨ ᠬᠥᠮᠥᠷᠭᠡ ᠶᠢᠨ ᠬᠦᠢᠲᠡᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ᠴᠢᠨᠠᠷ ᠰᠠᠶᠢᠲᠠᠢ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠴᠢᠨᠠᠷ ᠰᠠᠶᠢᠲᠠᠢ ᠴᠠᠭᠠᠨ ᠨᠣᠭᠤᠭ᠎ᠠ ᠶᠢ ᠰᠠᠶᠢᠨ | ᠪᠣᠷᠣᠯᠠᠭᠤᠯᠬᠤ ᠵᠠᠮ ᠲᠠᠢ ᠪᠣᠯᠭᠠᠵᠤ᠂ ᠰᠠᠶᠢᠨ ᠦᠨ᠎ᠡ ᠪᠠᠷ ᠬᠤᠳᠠᠯᠳᠤᠨ᠎ᠠ᠃ ᠵᠢᠯ ᠳᠤ 30 ᠲᠦᠮᠡᠨ ᠲᠣᠨ ᠭᠠᠷᠤᠢ | ᠡᠯᠧᠮᠧᠨ᠋ᠲ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠮᠢᠺᠷᠣᠪ ᠪᠣᠷᠳᠣᠭᠤᠷ ᠦᠢᠯᠡᠳᠪᠦᠷᠢᠯᠡᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠷᠥᠰᠥ ᠰᠢᠷᠣᠢ ᠵᠢᠴᠢ ᠲᠠᠷᠢᠮᠠᠯ ᠤᠨ ᠶᠠᠰᠤ ᠴᠢᠨᠠᠷ ᠢ | ᠰᠠᠶᠢᠵᠢᠷᠠᠭᠤᠯᠤᠨ᠂ ᠪᠣᠬᠢᠷᠳᠤᠯ ᠦᠭᠡᠢ ᠠᠮᠢ ᠠᠬᠤᠢ ᠶᠢᠨ ᠣᠷᠭᠠᠨᠢᠭ ᠲᠠᠷᠢᠶᠠᠯᠠᠩ ᠢ ᠬᠥᠭᠵᠢᠭᠦᠯᠦᠨ᠎ᠡ᠃ ᠬᠤᠸᠠ | ᠴᠧᠨ ᠤ ᠣᠲᠣ ᠦᠶ᠎ᠡ ᠶᠢᠨ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠲᠥᠮᠥᠰᠥᠨ ᠤ ᠠᠵᠤ ᠦᠢᠯᠡᠰ ᠤᠨ ᠭᠠᠷᠤᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠪᠣᠷᠤᠯᠠᠭᠤᠯᠭ᠎ᠠ ᠰᠠᠶᠢᠲᠠᠢ ᠣᠷᠣᠯᠭ᠎ᠠ ᠶᠢ ᠨᠡᠮᠡᠭᠳᠡᠭᠦᠯᠬᠦ ᠳᠤ ᠪᠠᠲᠤ | ᠪᠠᠬᠢ ᠰᠠᠭᠤᠷᠢ ᠶᠢ ᠲᠠᠯᠪᠢᠨ᠎ᠠ᠃ | ᠠᠯᠠᠰᠢᠨ ᠬᠤᠨᠢᠨ ᠤ ᠠᠵᠤ ᠦᠢᠯᠡᠰ ᠢ ᠪᠠᠷᠢᠮᠲᠠᠯᠠᠨ ᠬᠥᠭᠵᠢᠭᠦᠯᠦᠨ᠎ᠡ᠃ ᠪᠥᠬᠦ ᠬᠤᠲᠠ ᠶᠢᠨ ︽ᠠᠯᠠᠰᠢᠨ | ᠬᠤᠨᠢ ᠶᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠲᠠᠢ ᠨᠢᠭᠲᠠ | ᠤᠶᠠᠯᠳᠤᠭᠤᠯᠤᠨ᠂ ᠠᠯᠠᠰᠢᠨ ᠬᠤᠨᠢ ︵ᠦᠬᠡᠷ︶ ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ ᠬᠦᠷᠢᠶᠡᠯᠡᠩ 7᠂ | ᠲᠦᠮᠡᠨ ᠠᠯᠠᠰᠢᠨ ᠬᠤᠨᠢ ᠶᠢ ᠪᠣᠷᠳᠣᠵᠤ ᠲᠠᠷᠭᠤᠯᠠᠭᠤᠯᠬᠤ ᠰᠠᠭᠤᠷᠢᠨ 1 ᠶᠢ ᠪᠠᠶᠢᠭᠤᠯᠵᠤ᠂ ᠬᠤᠨᠢ ᠡᠪᠡᠰᠦ ᠲᠤᠷᠰᠢᠨ | ᠳᠠᠷᠢᠬᠤ ᠶᠢ ᠰᠠᠶᠢᠲᠤᠷ ᠠᠳᠬᠤᠵᠤ᠂ ᠰᠠᠶᠢᠨ ᠡᠭᠦᠯᠳᠡᠷ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨᠴᠢ ᠪᠠᠷ | ᠠᠷᠠᠴᠢᠯᠠᠨ ᠲᠡᠵᠢᠭᠡᠬᠦ᠂ ᠦᠢᠯᠡᠳᠪᠦᠷᠢᠯᠡᠵᠦ ᠦᠷᠡᠵᠢᠭᠦᠯᠦᠨ ᠪᠣᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ | ᠵᠠᠰᠠᠬᠤ ᠵᠡᠷᠭᠡ ᠶᠡᠷᠦᠩᠬᠡᠶᠢᠯᠡᠭᠰᠡᠨ ᠦᠢᠯᠡᠳᠪᠦᠷᠢᠯᠡᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠠᠯᠠᠰᠢᠨ ᠬᠤᠨᠢᠨ ᠤ ᠠᠵᠤ ᠦᠢᠯᠡᠰ ᠤᠨ ︽ᠶᠠᠰᠤ ᠴᠢᠨᠠᠷ︾ ︽ᠲᠤᠭ᠎ᠠ ᠬᠡᠮᠵᠢᠶ᠎ᠡ | ︾ ᠶᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠵᠢᠯ ᠤᠨ ᠳᠣᠲᠣᠷ᠎ᠠ 80 ᠲᠦᠮᠡᠨ ᠲᠣᠯᠣᠭᠠᠢ ᠭᠠᠷᠭᠠᠵᠤ᠂ | ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ 2 ᠳ᠋ᠦᠩᠰᠢᠭᠤᠷ ᠲᠥᠭᠦᠷᠢᠭ ᠣᠷᠴᠢᠮ ᠨᠡᠮᠡᠭᠳᠡᠭᠦᠯᠦᠨ᠎ᠡ᠃ ᠪᠧᠢ ᠹᠠᠩ | ᠮᠠᠯ ᠤᠨ ᠠᠷᠠᠯᠵᠢᠶ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ︽ᠤᠯᠠᠭᠠᠨᠴᠠᠪ ᠤᠨ ᠦᠨᠦᠷ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ | ᠢᠳᠡᠪᠬᠢᠲᠡᠢ ᠪᠠᠷ ᠠᠬᠢᠭᠤᠯᠤᠨ᠂ ᠬᠥᠳᠡᠭᠡ ᠲᠣᠰᠬᠤᠨ ᠤ ᠲᠡᠵᠢᠭᠡᠨ ᠦᠷᠡᠵᠢᠭᠦᠯᠬᠦ ᠶᠢ ᠡᠷᠴᠢᠮᠵᠢᠭᠦᠯᠬᠦ᠂ | ᠬᠡᠪᠴᠢᠶᠡᠵᠢᠭᠦᠯᠬᠦ᠂ ᠣᠳᠣᠬᠢᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠯᠠᠭᠠᠨᠴᠠᠪ ᠬᠤᠲᠠ ᠶᠢᠨ | ᠴᠢᠬᠤᠯᠠ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠡᠶ᠎ᠡ ᠵᠣᠬᠢᠴᠠᠯ ᠲᠠᠢ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠨ᠎ᠠ ᠃ ᠬᠥᠳᠡᠭᠡ | ᠲᠣᠰᠬᠤᠨ ᠤ ᠬᠥᠮᠥᠨ ᠰᠣᠶᠣᠯ ᠤᠨ ᠲᠡᠦᠬᠡ᠂ ᠣᠨᠴᠠᠯᠢᠭᠲᠤ ᠠᠵᠤ ᠦᠢᠯᠡᠰ᠂ ᠪᠠᠶᠢᠭᠠᠯᠢ ᠶᠢᠨ ᠦᠵᠡᠮᠵᠢ ᠵᠡᠷᠭᠡ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ᠂ ᠠᠮᠢᠳᠤᠷᠠᠯ ᠤᠨ | ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠪᠣᠯᠪᠠᠰᠤᠨ | ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠪᠠ ᠪᠣᠯᠪᠠᠰᠤᠨ ᠲᠠᠷᠢᠶᠠᠴᠢᠨ ᠢ ᠠᠳᠠᠯᠢᠳᠬᠠᠨ ᠰᠢᠯᠭᠠᠷᠠᠭᠤᠯᠵᠤ | ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ | ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | 5 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠭᠤᠣᠯᠳᠠᠯᠭ᠎ᠠ ᠲᠠᠢ ᠪᠠᠷ | ᠤᠷᠢᠳᠠᠪᠠᠷ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠨ᠎ᠠ ᠃ ︽ᠬᠤᠭᠤᠰᠤᠨ ᠲᠣᠰᠬᠤᠨ︾᠂ ᠦᠷ᠎ᠡ ᠠᠰᠢᠭ ᠢᠶᠠᠷ ᠳᠣᠣᠷ᠎ᠠ | ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠯᠠᠭᠤᠯᠵᠤ᠂ 1000 ᠮᠦ ︽ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ︾ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠵᠦ᠂ 1400 ᠮᠦ | ᠲᠠᠷᠢᠶᠠᠨ ᠭᠠᠵᠠᠷ ᠤᠨ ᠬᠥᠮᠥᠷᠭᠡ ᠶᠢ ᠪᠦᠲᠦᠭᠡᠨ ᠪᠠᠶᠢᠭᠤᠯᠵᠤ ᠨᠦᠬᠦᠪᠦᠷᠢᠯᠡᠨ᠎ᠡ᠃ ᠬᠥᠳᠡᠭᠡ ᠲᠣᠰᠬᠤᠨ ᠤ | ᠲᠣᠭᠠᠴᠢᠯᠠᠭᠰᠠᠨ ᠠᠵᠤ ᠠᠬᠤᠢ ᠶᠢ ᠬᠦᠴᠦᠯᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ | ᠬᠥᠳᠡᠭᠡ ᠲᠣᠰᠬᠤᠨ ᠤ ᠲᠤᠷᠰᠢᠯᠲᠠ ᠶᠢᠨ ᠬᠤᠰᠢᠭᠤ ᠰᠢᠶᠠᠨ ᠢ ᠢᠳᠡᠪᠬᠢᠯᠡᠨ ᠣᠯᠵᠤ᠂ ᠲᠠᠷᠢᠶᠠᠯᠠᠩ᠂ ᠬᠥᠳᠡᠭᠡ | ᠲᠣᠰᠬᠤᠨ᠂ ᠲᠠᠷᠢᠶᠠᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢ ᠪᠠᠷᠢᠮᠲᠠᠯᠠᠨ᠎ᠠ ᠃ | ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡᠳᠦᠭᠡᠷ ᠱᠦᠵᠢ︾᠂ | ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠠᠵᠤ | ᠠᠬᠤᠢ ᠶᠢ ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠳ ᠢ ᠬᠠᠶᠢᠷᠠᠯᠠᠬᠤ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠡᠩᠨᠡᠭᠡ ᠶᠢ ᠬᠥᠮᠥᠵᠢᠭᠦᠯᠦᠨ ᠪᠤᠢ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠢ ᠰᠣᠩᠭᠤᠨ ᠲᠣᠬᠢᠷᠠᠭᠤᠯᠬᠤ ᠳᠤ ᠠᠰᠢᠭᠲᠠᠢ ᠠᠵᠠ ᠲᠣᠬᠢᠶᠠᠯ ᠢ | ᠴᠢᠩᠭ᠎ᠠ ᠠᠳᠬᠤᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠲᠦᠷᠭᠡᠨ ᠬᠥᠮᠥᠵᠢᠭᠦᠯᠵᠦ᠂ ᠥᠨᠳᠥᠷ | ᠬᠡᠪ ᠪᠣᠯᠪᠠᠰᠤᠷᠠᠯ ᠲᠠᠢ ᠲᠠᠷᠢᠶᠠᠴᠢᠨ ᠤ ︽ᠪᠠᠲᠤᠯᠠᠪᠤᠷᠢ︾ ᠪᠣᠯᠬᠤ᠂ ᠳᠠᠭᠠᠭᠤᠯᠤᠭᠴᠢ ᠴᠢᠳᠠᠪᠤᠷᠢᠲᠠᠨ ᠤ ︽ᠭᠤᠣᠯ | ᠲᠤᠯᠭᠠᠭᠤᠷᠢ︾ ᠪᠣᠯᠬᠤ᠂ ᠬᠡᠷᠡᠭᠯᠡᠭᠡᠨ ᠤ ᠴᠢᠳᠠᠪᠤᠷᠢᠲᠠᠨ ᠤ ︽ᠲᠤᠯᠭᠠᠭᠤᠷᠢᠯᠠᠬᠤ︾ ᠴᠢᠳᠠᠪᠤᠷᠢᠲᠠᠨ ᠤ ᠡᠩᠨᠡᠭᠡ ᠶᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ | ᠨᠡᠮᠡᠷᠢᠯᠡᠨ᠎ᠡ ᠃ | ᠬᠤᠶᠠᠷ᠂ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ | ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠴᠣᠭᠴᠠᠯᠠᠨ᠎ᠠ | ᠲᠦᠷᠦᠯ ᠵᠦᠢᠯ ᠢ ᠲᠥᠯᠥᠪᠵᠢᠭᠦᠯᠵᠦ ᠬᠡᠷᠡᠭᠵᠢᠭᠦᠯᠬᠦ ᠶᠢ ᠴᠢᠩᠭ᠎ᠠ ᠠᠳᠬᠤᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠡᠯᠬᠢᠶ᠎ᠡ ᠶᠢ | ᠤᠷᠲᠤᠳᠬᠠᠬᠤ ᠪᠦᠲᠦᠮᠵᠢᠲᠡᠶ ᠠᠷᠭ᠎ᠠ ᠵᠠᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠲᠥᠷᠥᠯ | ᠵᠦᠢᠯ ᠢ ᠨᠠᠷᠢᠯᠢᠭ ᠨᠠᠶᠢᠳᠠᠪᠤᠷᠢᠵᠢᠭᠤᠯᠤᠨ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠬᠠᠷᠢᠯᠴᠠᠵᠤ | ᠬᠤᠯᠪᠣᠭᠠᠯᠠᠬᠤ ᠶᠢ ᠳᠠᠭᠠᠭᠠᠴᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ︽ᠠᠰᠠᠷᠠᠭᠴᠢ ᠮᠠᠶ᠋ᠢᠭ︾ ᠤᠨ ᠪᠥᠬᠦ | ᠶᠠᠪᠤᠴᠠ ᠳᠤ ᠮᠥᠷᠳᠡᠨ ᠦᠢᠯᠡᠴᠢᠯᠡᠬᠦ ᠶᠢ ᠬᠡᠷᠡᠭᠵᠢᠭᠦᠯᠦᠨ᠂ ᠵᠢᠯ ᠤᠨ ᠳᠣᠲᠣᠷ᠎ᠠ 12 ᠴᠢᠬᠤᠯᠠ ᠶᠡᠭᠡ ᠲᠥᠷᠥᠯ | ᠵᠦᠢᠯ ᠢ ᠬᠡᠷᠡᠭᠵᠢᠭᠦᠯᠵᠦ᠂ ᠨᠡᠶᠢᠲᠡ 132.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 12.7 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠤᠯᠤᠰ ᠤᠨ | ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠭᠦᠨᠵᠡᠭᠡᠢ ᠰᠤᠳᠤᠯᠤᠨ ᠡᠵᠡᠮᠳᠡᠵᠦ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠲᠠᠢ᠂ ᠪᠡᠯᠡ ᠮᠥᠩᠭᠦ ᠶᠢᠨ ᠪᠠᠲᠤᠯᠠᠭ᠎ᠠ ᠲᠠᠢ ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ | ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠰᠠᠶᠢᠲᠤᠷ ᠬᠢᠵᠦ᠂ ᠲᠥᠪ ᠤᠨ ᠲᠥᠰᠥᠪ ᠤᠨ ᠳᠣᠲᠣᠷᠠᠬᠢ᠂ | ᠵᠢᠭᠡᠯᠡᠯᠭᠡ ᠶᠢᠨ ᠲᠡᠮᠳᠡᠭᠲᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠪᠠᠷ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ ᠃ ᠡᠬᠢ ᠪᠠᠶᠠᠯᠢᠭ ᠤᠨ ᠳᠠᠪᠠᠭᠤᠯᠢᠭ | ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠬᠠᠳᠠᠭᠠᠯᠠᠮᠵᠢ ᠶᠢᠨ ᠬᠡᠮᠵᠢᠶ᠎ᠡ ᠶᠢ ᠰᠢᠯᠢᠳᠡᠭᠵᠢᠭᠦᠯᠦᠨ ᠨᠡᠮᠡᠭᠳᠡᠯ ᠢ | ᠥᠷᠭᠡᠳᠬᠡᠬᠦ᠂ ᠡᠬᠢ ᠪᠠᠶᠠᠯᠢᠭ ᠢ ᠬᠤᠷᠠᠮᠳᠤᠭᠤᠯᠤᠨ ᠬᠡᠯᠬᠢᠶ᠎ᠡ ᠶᠢ ᠤᠷᠲᠤᠳᠬᠠᠬᠤ ᠪᠠᠷ ᠬᠠᠷᠠᠯᠲᠠ ᠪᠣᠯᠭᠠᠵᠤ᠂ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ | ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠣᠷᠣᠨ ᠪᠦᠰᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ | ᠤᠷᠢᠬᠤ ᠰᠠᠯᠪᠤᠷᠢ ᠪᠠᠭ᠎ᠠ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠤᠨ ᠲᠠᠨᠢᠯᠴᠠᠭᠤᠯᠬᠤ᠂ | ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠪᠥᠬᠦ | ᠠᠵᠢᠯᠲᠠᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ ᠪᠡᠯᠡ | ᠣᠷᠣᠭᠤᠯᠬᠤ ᠰᠠᠨᠠᠮᠵᠢ ᠲᠠᠢ ᠭᠤᠣᠯᠳᠠᠯᠭ᠎ᠠ ᠲᠠᠢ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠦᠷᠴᠦ | ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ ᠢ ᠴᠢᠩ ᠰᠡᠳᠬᠢᠯ ᠠᠴᠠ ᠪᠠᠨ ᠤᠷᠢᠵᠤ ᠰᠢᠨᠵᠢᠯᠡᠨ | ᠪᠠᠶᠢᠴᠠᠭᠠᠵᠤ ᠵᠥᠪᠳᠡᠨ ᠬᠡᠯᠡᠯᠴᠡᠵᠦ᠂ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠵᠢᠯ ᠤᠨ ᠳᠣᠲᠣᠷ᠎ᠠ 30 | ᠲᠥᠷᠥᠯ ᠵᠦᠢᠯ ᠢ ᠣᠷᠣᠭᠤᠯᠤᠨ ᠠᠪᠴᠢᠷᠠᠵᠤ᠂ 40 ᠲᠥᠷᠥᠯ ᠵᠦᠢᠯ ᠳᠤ ᠭᠡᠷ᠎ᠡ ᠲᠣᠭᠲᠠᠵᠤ᠂ ᠰᠢᠶᠠᠨ ᠤ | ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ | ᠴᠢᠳᠠᠯ ᠣᠯᠭᠤᠬᠤ ᠪᠠᠷ ᠴᠢᠷᠮᠠᠶᠢᠨ᠎ᠠ᠃ | ᠭᠤᠷᠪᠠ᠂ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ᠂ ᠬᠥᠭᠵᠢᠯᠲᠡ ᠶᠢ ᠠᠬᠢᠭᠤᠯᠬᠤ ᠶᠢ | ᠠᠳᠬᠤᠵᠤ᠂ ᠳᠠᠪᠠᠭᠤᠯᠢᠭ ᠠᠵᠤ ᠦᠢᠯᠡᠰ ᠤᠨ ᠨᠡᠶᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢ ᠲᠦᠷᠭᠡᠳᠬᠡᠵᠦ᠂ ᠳ᠋ᠠ ᠲᠠᠩ ᠯᠦᠩ ᠳ᠋ᠧ᠂ | ᠮᠧᠩ ᠳ᠋ᠠ ᠲᠢᠲ᠋ᠠᠨ ᠤ ᠦᠢᠯᠡᠰ ᠤᠨ 41.8 ᠰᠠᠶ᠎ᠠ ᠸᠠᠲ ᠤᠨ ᠰᠡᠬᠦᠯ ᠤᠨ ᠬᠡᠢ ᠪᠠᠷ ᠴᠠᠬᠢᠯᠭᠠᠨ ᠭᠠᠷᠭᠠᠬᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ ᠯᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠦᠯᠡᠳᠡᠭᠳᠡᠯ ᠢᠯᠴᠢ ᠦᠯᠡᠳᠡᠭᠳᠡᠯ ᠬᠡᠢ ᠪᠠᠷ | ᠴᠠᠬᠢᠯᠭᠠᠨ ᠭᠠᠷᠭᠠᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠦᠢᠯᠡᠳᠪᠦᠷᠢᠯᠡᠬᠦ | ᠪᠠᠷᠢᠯᠭ᠎ᠠ ᠶᠢᠨ ᠮᠠᠲ᠋ᠧᠷᠢᠶᠠᠯ᠂ ᠬᠠᠶᠠᠭᠳᠠᠮᠠᠯ ᠤᠰᠤ ᠶᠢ ᠣᠷᠴᠢᠯᠳᠤᠭᠤᠯᠤᠨ ᠠᠰᠢᠭᠯᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠪᠣᠬᠢᠷᠳᠤᠯ ᠦᠭᠡᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ | ᠭᠠᠵᠠᠷ ᠢ ᠬᠦᠴᠦᠯᠡᠨ ᠪᠠᠶᠢᠭᠤᠯᠤᠨ᠎ᠠ᠃ ᠪᠢᠯᠢᠭ ᠲᠤᠶᠢᠯ ᠤᠨ ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠬᠦ ᠳᠠᠭᠠᠭᠠᠴᠠ ᠪᠠ | ᠬᠠᠶᠢᠯᠤᠰᠢ ᠶᠢᠨ ᠮᠠᠲ᠋ᠧᠷᠢᠶᠠᠯ ᠤᠨ ᠬᠠᠳᠠᠭᠠᠯᠠᠭᠳᠠᠴᠠ ᠶᠢᠨ ᠳᠠᠭᠠᠭᠠᠴᠠ ᠶᠢᠨ ᠲᠣᠭᠤᠷᠢᠨ ᠳᠤ ᠳᠣᠣᠷ᠎ᠠ | ᠨᠡᠭᠦᠷᠡᠰᠦᠲᠥ᠋ᠷᠥᠭᠴᠢᠲᠦ ᠡᠨᠧᠷᠭᠢ ᠬᠡᠷᠡᠭᠯᠡᠬᠦ᠂ ᠨᠣᠭᠤᠭᠠᠨ ᠡᠨᠧᠷᠭᠢ ᠪᠠᠷ ᠣᠷᠣᠯᠠᠭᠤᠯᠬᠤ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠵᠦ᠂ ᠾᠧᠩ ᠺᠧ ᠬᠤᠶᠠᠳᠤᠭᠠᠷ ᠬᠤᠭᠤᠴᠠᠭᠠᠨ ᠤ ᠵᠢᠯ ᠳᠤ 3 ᠲᠦᠮᠡᠨ ᠲᠣᠨ ᠯᠢᠲ᠋ᠢ ᠴᠠᠬᠢᠯᠭᠠᠨ | ᠴᠡᠨᠡᠭ ᠤᠨ ᠡᠨᠧᠷᠭᠢ ᠬᠠᠳᠠᠭᠠᠯᠠᠬᠤ ᠪᠢᠯᠢᠭ ᠲᠤᠶᠢᠯ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠭᠤᠷᠪᠠᠨ | ᠬᠠᠪᠴᠢᠯ ᠤᠨ ᠡᠬᠢ ᠰᠤᠷᠪᠤᠯᠵᠢ ᠶᠢᠨ ᠰᠦᠯᠵᠢᠶᠡᠨ ᠤ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ | ᠪᠣᠬᠢᠷᠳᠤᠯ ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ | ᠦᠵᠡᠭᠦᠯᠬᠦ ᠲᠥᠷᠥᠯ ᠵᠦᠢᠯ ᠪᠠ 100 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢ ᠭᠡᠷᠡᠯ ᠤᠨ | ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠤᠰ ᠬᠡᠲᠦ ᠶᠢᠨ | ᠡᠨᠧᠷᠭᠢ ᠶᠢᠨ ᠰᠤᠷᠪᠤᠯᠵᠢ ᠶᠢ 100 ᠲᠦᠮᠡᠨ ᠺᠢᠯᠣᠸᠠᠲ ᠤᠨ ᠦᠶ᠎ᠡ ᠳᠤ ᠰᠢᠨ᠎ᠡ ᠬᠡᠯᠪᠡᠷᠢ ᠶᠢᠨ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠯᠬᠢ | ᠭᠡᠷᠡᠯ ᠤᠨ ᠡᠨᠧᠷᠭᠢ ᠶᠢᠨ ᠠᠵᠤ ᠦᠢᠯᠡᠰ ᠪᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠵᠦ᠂ | ᠪᠣᠬᠢᠷᠳᠤᠯ ᠦᠭᠡᠢ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ︽ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | ᠬᠤᠪᠴᠠᠰᠤ ᠬᠤᠨᠠᠷ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠲᠦᠷᠭᠡᠳᠬᠡᠨ ᠳᠡᠭᠡᠭᠰᠢᠯᠡᠭᠦᠯᠦᠨ᠎ᠡ᠃ | ᠬᠤᠪᠴᠠᠰᠤ ᠬᠤᠨᠠᠷ ᠤᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ᠂ ᠬᠤᠪᠴᠠᠰᠤ ᠬᠤᠨᠠᠷ ᠤᠨ ᠨᠡᠶᠢᠭᠡᠮᠯᠢᠭ ᠢ | ᠨᠢᠭᠡᠳᠦᠯᠲᠡᠢ ᠲᠥᠯᠥᠪᠯᠡᠵᠦ᠂ ᠡᠯ᠎ᠡ ᠲᠣᠮᠣ ᠬᠤᠪᠴᠠᠰᠤ ᠬᠤᠨᠠᠷ ᠵᠢᠷᠤᠵᠤ ᠲᠥᠯᠥᠪᠯᠡᠬᠦ ᠶᠡᠭᠡ ᠳᠡᠭᠡᠳᠦ ᠰᠤᠷᠭᠠᠭᠤᠯᠢ | ᠯᠤᠭ᠎ᠠ ᠢᠳᠡᠪᠬᠢᠲᠡᠢ ᠪᠠᠷ ᠬᠠᠮᠲᠤᠷᠠᠯᠴᠠᠨ ᠰᠣᠯᠢᠯᠴᠠᠵᠤ᠂ ᠦᠢᠯᠡᠳᠬᠦᠨ ᠢ ᠰᠤᠳᠤᠯᠤᠨ ᠨᠡᠭᠡᠭᠡᠬᠦ᠂ ᠪᠥᠰ ᠪᠠᠷᠠᠭ᠎ᠠ ᠶᠢᠨ | ᠰᠢᠨ᠎ᠡ ᠶᠢ ᠡᠭᠦᠳᠬᠦ᠂ ᠵᠢᠷᠤᠭᠯᠠᠨ ᠲᠥᠯᠥᠪᠯᠡᠵᠦ ᠰᠢᠨ᠎ᠡ ᠶᠢ ᠡᠭᠦᠳᠬᠦ ᠪᠠ ᠥᠪᠡᠷᠮᠢᠴᠡᠵᠢᠭᠦᠯᠦᠨ ᠵᠠᠬᠢᠶᠠᠯᠠᠨ | ᠦᠶᠯᠡᠳᠬᠦ ᠶᠢ ᠴᠢᠩᠭᠠᠳᠬᠠᠨ᠂ ᠬᠤᠪᠴᠠᠰᠤ ᠬᠤᠨᠠᠷ ᠢ ᠣᠷᠣᠯᠠᠨ ᠡᠳ᠋ᠰᠢᠭᠦᠯᠬᠦ ᠶᠢ ᠥᠷᠭᠡᠳᠬᠡᠵᠦ᠂ ᠵᠠᠬᠢᠶᠠᠯᠠᠭ᠎ᠠ ᠶᠢᠨ | ᠲᠤᠬᠠᠶᠢᠯᠠᠭᠰᠠᠨ ᠠᠵᠢᠯ ᠢ ᠴᠢᠷᠮᠠᠶᠢᠨ ᠬᠢᠵᠦ᠂ ᠬᠤᠪᠴᠠᠰᠤ ᠬᠤᠨᠠᠷ ᠤᠨ ᠨᠠᠶᠢᠷ ᠢ ᠨᠠᠷᠢᠨ ᠨᠢᠮᠪᠠᠢ ᠤᠬᠠᠭᠠᠯᠠᠨ | ᠲᠥᠯᠥᠪᠯᠡᠵᠦ ᠪᠡᠯᠡᠳᠬᠡᠨ ᠡᠷᠭᠢᠯᠡᠵᠦ᠂ ᠬᠤᠪᠴᠠᠰᠤ ᠬᠤᠨᠠᠷ ᠤᠨ ᠦᠢᠯᠡᠳᠬᠦᠨ ᠢ ᠰᠢᠯᠢᠳᠡᠭᠵᠢᠭᠦᠯᠦᠨ᠎ᠡ᠃ ᠤᠯᠤᠰ ᠤᠨ | ᠨᠣᠣᠰᠣ ᠨᠣᠯᠤᠥᠷ ᠤᠨ ᠶᠠᠰᠤ ᠴᠢᠨᠠᠷ ᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠲᠥᠪ ᠤᠨ ᠬᠤᠸᠠᠳᠧ ᠶᠢᠨ | ᠲᠤᠷᠰᠢᠯᠲᠠ ᠶᠢᠨ ᠲᠠᠰᠤᠭ ᠤᠨ ᠦᠢᠯᠡᠳᠦᠯ ᠢ ᠪᠠᠳᠠᠷᠠᠭᠤᠯᠵᠤ᠂ ᠬᠤᠪᠴᠠᠰᠤ ᠬᠤᠨᠠᠷ ᠤᠨ ᠦᠢᠯᠡᠳᠬᠦᠨ ᠤ ᠶᠠᠰᠤ | ᠴᠢᠨᠠᠷ ᠤᠨ ᠪᠠᠷᠢᠮᠵᠢᠶ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠠᠩᠰᠠ | ᠬᠠᠷ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠂ ᠬᠥᠲᠥᠴᠢ ᠠᠵᠤ ᠠᠬᠤᠶᠢᠯᠠᠯ ᠤᠨ ᠬᠤᠪᠴᠠᠰᠤ ᠬᠤᠨᠠᠷ ᠤᠨ ᠠᠵᠤ | ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠬᠤᠩ ᠳ᠋ᠧᠦ | ᠪᠦᠯᠦᠭᠯᠡᠯ᠂ ᠣᠷᠳᠣᠰ ᠤᠨ ᠢᠮᠠᠭᠠᠨ ᠨᠣᠯᠤᠥᠷ ᠤᠨ ᠪᠦᠯᠦᠭᠯᠡᠯ ᠵᠡᠷᠭᠡ ᠨᠠᠷᠠᠲᠤ ᠠᠵᠤ ᠠᠬᠤᠶᠢᠯᠠᠯ ᠲᠠᠢ | ᠢᠳᠡᠪᠬᠢᠲᠡᠢ ᠪᠠᠷ ᠵᠣᠯᠭᠠᠭᠤᠯᠤᠨ᠂ ᠪᠦᠯᠦᠭᠯᠡᠯᠵᠢᠭᠦᠯᠦᠨ ᠬᠥᠭᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ | ᠰᠢᠪᠲᠤᠯᠤᠯᠲᠠ ᠶᠢ ᠡᠷᠢᠯᠬᠢᠯᠡᠵᠦ᠂ ᠬᠤᠪᠴᠠᠰᠤ ᠬᠤᠨᠠᠷ ᠤᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ | ᠲᠤᠰᠬᠠᠶᠢᠵᠢᠭᠤᠯᠬᠤ᠂ ᠳᠡᠭᠡᠳᠦ ᠦᠵᠦᠭᠦᠷᠵᠢᠭᠦᠯᠬᠦ ᠳᠠᠰᠢ ᠬᠥᠭᠵᠢᠭᠦᠯᠦᠨ᠎ᠡ᠃ ᠰᠦᠯᠵᠢᠶᠡᠨ ᠤ ᠪᠣᠷᠤᠯᠠᠭᠤᠯᠭ᠎ᠠ ᠪᠠ | ᠭᠠᠳᠠᠭᠠᠳᠤ ᠠᠷᠠᠯᠵᠢᠶ᠎ᠠ ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ | ᠥᠷᠭᠡᠳᠬᠡᠵᠦ᠂ ᠵᠢᠯ ᠤᠨ ᠳᠣᠲᠣᠷ᠎ᠠ ᠬᠤᠪᠴᠠᠰᠤ ᠬᠤᠨᠠᠷ ᠤᠨ ᠪᠣᠷᠤᠯᠠᠭᠤᠯᠭ᠎ᠠ ᠶᠢᠨ ᠬᠡᠮᠵᠢᠶ᠎ᠡ ᠶᠢ 2000 ᠲᠦᠮᠡᠨ | ᠵᠠᠬ᠎ᠠ ᠪᠣᠯᠭᠠᠵᠤ᠂ ᠤᠩᠭᠠᠷᠢᠯ ᠢᠯᠲᠠᠰᠤ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ 1.5 ᠲᠦᠮᠡᠨ ᠲᠣᠨ ᠳᠤ ᠬᠦᠷᠭᠡᠨ᠎ᠡ ᠃ | | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠦᠭᠵᠢᠬᠦ ᠶᠢ ᠠᠬᠢᠭᠤᠯᠤᠨ᠎ᠠ᠃1000 | ᠲᠦᠮᠡᠨ ᠲᠣᠨ ᠤ ᠲᠡᠮᠦᠷ ᠬᠠᠶᠢᠯᠤᠰᠢ ᠶᠢᠨ ᠣᠷᠣᠭᠤᠯᠵᠤ ᠭᠠᠷᠭᠠᠬᠤ ᠬᠡᠮᠵᠢᠶ᠎ᠡ ᠳᠤ ᠲᠦᠰᠢᠭᠯᠡᠨ᠂ ᠪᠥᠬᠦ ᠬᠤᠲᠠ ᠶᠢᠨ | ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠶᠡᠭᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠲᠢᠶᠠᠨ ᠴᠧᠩ ᠤᠨ ᠡᠬᠡ ᠬᠠᠭᠤᠷᠠᠢ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠲᠢᠶᠠᠨᠵᠢᠨ | ᠭᠠᠷᠠᠮ᠂ ᠼᠤᠤ ᠹᠧᠢ ᠳ᠋ᠢᠶᠠᠨ ᠭᠠᠷᠠᠮ ᠯᠤᠭ᠎ᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠥᠷᠨᠢᠭᠦᠯᠵᠦ᠂ | ᠪᠡᠭᠡᠵᠢᠩ ᠲᠢᠶᠠᠨᠵᠢᠨ ᠾᠧᠪᠧᠢ ᠪᠣᠯᠣᠨ ᠡᠷᠢᠶᠡᠨ ᠬᠤᠲᠠ ᠶᠢᠨ ᠬᠠᠷᠢᠯᠴᠠᠨ ᠨᠡᠪᠲᠡᠷᠡᠯᠴᠡᠬᠦ ᠴᠢᠬᠤᠯᠠ ᠵᠠᠩᠭᠢᠯᠠᠭ᠎ᠠ ᠶᠢᠨ | ᠴᠡᠭ ᠤᠨ ᠬᠤᠲᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠵᠢᠯ ᠤᠨ ᠳᠣᠲᠣᠷ᠎ᠠ 200 ᠲᠦᠮᠡᠨ ᠲᠣᠨ | ᠪᠠᠷᠠᠭᠠᠨ ᠤ ᠭᠦᠢᠯᠭᠡᠭᠡᠨ ᠤ ᠣᠷᠣᠭᠤᠯᠵᠤ ᠭᠠᠷᠭᠠᠬᠤ ᠬᠡᠮᠵᠢᠶ᠎ᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠢᠶᠠᠨ ᠰᠢᠶᠠᠩ | ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠠᠷᠢᠶᠠᠯᠠᠩ ᠤᠨ | ᠪᠦᠲᠦᠭᠡᠭᠳᠡᠬᠦᠨ ᠢ ᠬᠤᠲᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ︾ | ᠬᠤᠣᠰ ᠴᠢᠭᠯᠡᠯᠲᠦ ᠭᠦᠢᠯᠭᠡᠭᠡᠨ ᠤ ᠠᠷᠭ᠎ᠠ ᠵᠠᠮ ᠢ ᠨᠡᠪᠲᠡᠷᠡᠭᠦᠯᠦᠨ᠎ᠡ᠃ ᠥᠪᠡᠷ ᠢᠶᠠᠨ ᠡᠵᠡᠩᠨᠡᠵᠦ ᠪᠠᠶᠢᠭ᠎ᠠ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠠᠢ 21 ᠠᠵᠤ ᠠᠬᠤᠶᠢᠯᠠᠯ ᠤᠨ ᠭᠠᠳᠠᠭᠠᠳᠤ | ᠠᠷᠠᠯᠵᠢᠶᠠᠨ ᠤ ᠵᠠᠬ᠎ᠠ ᠳᠡᠯᠭᠡᠭᠦᠷ ᠨᠡᠭᠡᠭᠡᠬᠦ ᠶᠢ ᠲᠡᠮᠵᠢᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠨᠡᠮᠡᠭᠳᠡᠭᠦᠯᠦᠨ᠂ | ᠭᠠᠳᠠᠭᠠᠳᠤ ᠠᠷᠠᠯᠵᠢᠶᠠᠨ ᠤ ᠲᠤᠭ᠎ᠠ ᠶᠢ 1500 ᠲᠦᠮᠡᠨ ᠳ᠋ᠣᠯᠯᠠᠷ ᠲᠤ ᠬᠦᠷᠭᠡᠬᠦ ᠪᠠᠷ ᠴᠢᠷᠮᠠᠶᠢᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ ︽ᠭᠠᠨ ᡁᠢ ᠮᠧᠢ ᠶᠢᠨ ᠵᠠᠩ | ᠰᠤᠷᠲᠠᠯ︾ ᠢ ᠤᠯᠠᠮᠵᠢᠯᠠᠨ ᠪᠠᠳᠠᠷᠠᠭᠤᠯᠵᠤ᠂ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠳᠤᠷᠠᠰᠬᠠᠯ ᠤᠨ | ᠣᠷᠳᠣᠨ ᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠦᠵᠡᠭᠦᠯᠦᠯᠭᠡ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠭᠠᠨ ᡁᠢ ᠮᠧᠢ ᠶᠢᠨ ᠭᠤᠣᠯ ᠰᠡᠳᠦᠪᠲᠦ | ᠴᠡᠴᠡᠷᠯᠢᠭ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠸᠠᠳᠧ ᠶᠢ ᠬᠥᠭᠵᠢᠭᠦᠯᠦᠨ ᠮᠠᠨᠳᠤᠭᠤᠯᠬᠤ ᠵᠠᠮ ᠢ ᠪᠦᠬᠦ | ᠲᠠᠯ᠎ᠠ ᠪᠠᠷ ᠳᠡᠯᠭᠡᠨ ᠦᠵᠡᠭᠦᠯᠦᠨ᠎ᠡ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ | ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ ᠲᠢᠩᠬᠢᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠠᠷᠪᠠᠨ | ᠲᠠᠪᠤᠨ ᠤ ᠰᠠᠷ᠎ᠠ︾ ᠭᠡᠬᠦ ᠲᠣᠮᠣ ᠬᠡᠯᠪᠡᠷᠢ ᠶᠢᠨ ᠲᠠᠶᠢᠰᠠᠨ ᠤ ᠵᠦᠴᠦᠭᠡ᠂ ︽ ᠬᠤᠸᠠᠳᠧ ᠶᠢᠨ ᠰᠠᠭᠤᠭᠳᠠᠯ · ᠰᠠᠶᠢᠨ | ᠠᠷᠢᠬᠢ ᠨᠤᠲᠤᠭ ᠤᠨ ᠦᠨᠦᠷ ᠠᠮᠲᠠ ᠠᠴᠠ ᠳᠠᠪᠠᠭ᠋ᠤ ᠶᠠᠭᠤᠮ᠎ᠠ ᠠᠯᠠᠭ᠎ᠠ ︾ ᠭᠡᠬᠦ ᠤᠬᠠᠭᠤᠯᠭ᠎ᠠ ᠶᠢᠨ ᠹᠢᠯᠢᠮ ᠵᠡᠷᠭᠡ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠠᠶᠢᠷᠠᠭᠤᠯᠤᠨ ᠰᠡᠭᠦᠳᠡᠷᠯᠡᠵᠦ᠂ ᠢᠦᠢ ᠮᠢᠨ ᠤ ᠪᠠᠭᠤᠷᠢ ᠶᠢ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠠᠮᠠᠭᠠᠯᠠᠯᠲᠠ ᠶᠢᠨ ᠨᠢᠭᠡᠴᠡ ᠪᠠᠷ ᠮᠡᠳᠡᠭᠦᠯᠬᠦ ᠪᠠᠷ ᠴᠢᠷᠮᠠᠶᠢᠵᠤ᠂ | ᠬᠤᠸᠠᠳᠧ ᠶᠢᠨ ᠰᠣᠶᠣᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ | ᠠᠷᠠᠳ ᠤᠨ ᠣᠷᠣᠨ ᠰᠠᠭᠤᠴᠠ ᠶᠢᠨ ᠴᠤᠭᠯᠠᠷᠠᠯ ᠤᠨ ᠦᠢᠯᠡᠳᠦᠯ ᠢ ᠴᠢᠩᠭᠠᠷᠠᠭᠤᠯᠵᠤ᠂ ᠴᠠᠭ ᠮᠥᠴᠡ ᠶᠢ ᠵᠢᠷᠤᠭᠯᠠᠬᠤ | ᠠᠷᠠᠳ ᠤᠨ ᠣᠷᠣᠨ ᠰᠠᠭᠤᠴᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ︽ᠰᠣᠩᠭᠤᠳᠠᠭ | ᠬᠤᠪᠢᠰᠬᠠᠯ ᠤᠨ ᠳᠠᠭᠤᠤ︾ ᠠᠷᠪᠠᠨ ᠲᠠᠪᠤᠨ ᠤ ᠰᠠᠷᠠᠨ ᠤ ︽ᠡᠭᠦᠳᠦᠨ ᠪᠦᠲᠦᠭᠡᠭᠰᠡᠨ ᠭᠠᠵᠠᠷ ᠨᠢ ᠬᠤᠸᠠᠳᠧ ︾ | ᠵᠢᠴᠢ ᠥᠪᠡᠷᠮᠢᠴᠡ ᠣᠨᠴᠠᠯᠢᠭ ᠲᠠᠢ ᠪᠣᠭᠤᠮᠲᠠ ᠶᠢᠨ ᠭᠠᠳᠠᠨᠠᠬᠢ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ᠂ | ᠪᠣᠭᠤᠮᠲᠠ ᠶᠢᠨ ᠭᠠᠳᠠᠨᠠᠬᠢ ᠠᠷᠠᠳ ᠤᠨ ᠣᠷᠣᠨ ᠰᠠᠭᠤᠴᠠ ᠶᠢ ᠴᠣᠭᠴᠠᠯᠠᠨ ᠪᠠᠶᠢᠭᠤᠯᠵᠤ᠂ ᠠᠷᠠᠳ ᠤᠨ ᠣᠷᠣᠨ | ᠰᠠᠭᠤᠴᠠ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠤᠨ᠎ᠠ᠃ ᠮᠧᠩ ᠱᠠᠩ ᡁᠢ ᠵᠢᠶᠠ ᠶᠢᠨ ᠮᠢᠨ ᠯᠧ ᠨᠠᠭᠤᠷ ᠤᠨ | ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠢᠳᠡᠭᠡᠨ ᠤᠮᠳᠠᠭᠠᠨ᠂ | ᠠᠷᠠᠳ ᠤᠨ ᠣᠷᠣᠨ ᠰᠠᠭᠤᠴᠠ ᠵᠢᠴᠢ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠦᠨ᠎ᠡ᠃ | ᠳᠥᠷᠪᠡ᠂ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠦᠢᠯᠡᠴᠢᠯᠡᠭᠡ ᠶᠢ | ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ︽ | ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠵᠠᠭᠪᠤᠷ ᠢ ᠭᠦᠨᠵᠡᠭᠡᠢ ᠠᠬᠢᠭᠤᠯᠵᠤ᠂ ︽ᠰᠠᠶᠢᠨ | ᠮᠠᠭᠤ ᠶᠢ ᠦᠨᠡᠯᠡᠬᠦ︾ ᠳᠦᠷᠢᠮ᠂ ︽ᠢᠯᠡ ᠲᠣᠳᠣ ᠦᠷᠢᠰᠦᠯᠳᠦᠨ ᠠᠳᠠᠯᠢᠳᠬᠠᠬᠤ︾ ᠰᠢᠯᠢᠳᠡᠭ ᠢ ᠡᠭᠦᠳᠴᠦ | ᠲᠡᠷᠢᠭᠦᠨ ᠳᠤ ᠣᠷᠣᠬᠤ ᠪᠠᠷ ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠪᠥᠬᠦ ᠲᠠᠯ᠎ᠠ ᠶᠢᠨ ᠵᠢᠷᠤᠮᠵᠢᠯ ᠲᠠᠢ᠂ ᠢᠯᠡ ᠪᠥᠭᠡᠳ ᠡᠷᠬᠡ ᠲᠡᠭᠰᠢ᠂ ᠳᠥᠭᠦᠮ ᠳᠥᠲᠡ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠰᠦᠯᠵᠢᠶᠡᠨ ᠳᠡᠭᠡᠷᠡᠬᠢ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ︽ ᠮᠥᠩᠭᠡ ᠰᠤᠪᠠᠭ·ᠳᠦᠷᠪᠡᠨ ᠭᠦᠢᠴᠡᠳᠬᠡᠬᠦ︾ ︽ᠥᠪᠥᠷ ᠮᠣᠩᠭᠤᠯ ᠤᠨ | ᠠᠵᠤ ᠠᠬᠤᠶᠢᠯᠠᠯ ᠢ ᠨᠡᠪᠲᠡᠷᠡᠭᠦᠯᠬᠦ︾ ︽ᠶᠡᠷᠦᠩᠬᠡᠶᠢᠯᠡᠭᠰᠡᠨ ᠨᠢᠭᠡ ᠴᠣᠩᠬᠤ︾ ᠶᠢ ᠳᠡᠯᠭᠡᠷᠡᠭᠦᠯᠦᠨ ᠬᠡᠷᠡᠭᠯᠡᠬᠦ ᠪᠠᠷ | ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ︽12345︾ ᠬᠠᠯᠠᠭᠤᠨ ᠤᠲᠠᠰᠤ ᠶᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ 12345 ᠬᠠᠯᠠᠭᠤᠨ ᠤᠲᠠᠰᠤᠨ ᠤ ᠵᠠᠷᠤᠳᠠᠯ ᠢ ᠲᠤᠰ ᠵᠢᠯ ᠤᠨ ᠡᠳ᠋ ᠤᠨ ᠵᠠᠰᠠᠭ ᠤᠨ | ᠲᠥᠰᠥᠪ ᠤᠨ ᠲᠥᠯᠥᠪᠯᠡᠭᠡ ᠳᠤ ᠣᠷᠣᠭᠤᠯᠵᠤ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠰᠡᠳᠬᠢᠯ ᠲᠠᠯᠪᠢᠨ ᠬᠦᠴᠦ ᠲᠠᠯᠪᠢᠨ ᠬᠠᠷᠢᠭᠤᠯᠲᠠ ᠥᠭᠭᠦᠨ᠎ᠡ᠃ ᠲᠣᠰᠬᠤᠨ ᠤ ᠱᠠᠲᠤᠨ ᠤ | ᠡᠳ᠋ ᠤᠨ ᠶᠠᠪᠤᠳᠠᠯ ᠤᠨ ᠰᠢᠶᠠᠩ ᠪᠠᠯᠭᠠᠰᠤᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠢ ᠵᠢᠷᠤᠮᠵᠢᠭᠤᠯᠤᠨ᠎ᠠ᠃ | ᠬᠠᠮᠲᠤᠷᠠᠨ ᠬᠢᠨᠠᠬᠤ᠂ ᠬᠠᠮᠲᠤᠷᠠᠨ ᠬᠢᠨᠠᠨ ᠵᠥᠪᠰᠢᠶᠡᠷᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠣᠣᠷ ᠰᠦᠯᠵᠢᠶ᠎ᠡ ᠶᠢᠨ ᠠᠷᠠᠯᠵᠢᠶ᠎ᠠ ᠶᠢᠨ ᠲᠠᠪᠴᠠᠩ᠂ ᠠᠵᠤ | ᠦᠢᠯᠡᠳᠪᠦᠷᠢ ᠶᠢᠨ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ ᠰᠢᠰᠲ᠋ᠧᠮ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ | ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ︽ᠳᠡᠭᠡᠳᠦ ᠬᠤᠷᠳᠤᠴᠠ ᠶᠢᠨ ᠵᠠᠮ︾ ᠢ ᠨᠡᠭᠡᠭᠡᠵᠦ ᠥᠭᠭᠦᠨ᠎ᠡ᠃ ᠤᠯᠤᠰ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ | ᠠᠵᠤ ᠦᠢᠯᠡᠰ ᠤᠨ ᠬᠥᠭᠵᠢᠯᠲᠡ ᠶᠢ ᠪᠠᠲᠤᠯᠠᠬᠤ ᠬᠦᠴᠦᠨ ᠵᠦᠢᠯ ᠢ ᠴᠢᠩᠭᠠᠳᠬᠠᠨ᠎ᠠ ᠃ ︽ᠲᠠᠪᠤᠨ ᠦᠨᠳᠦᠰᠦᠨ | ᠵᠦᠢᠯ ᠢ ᠶᠡᠭᠡ ᠪᠠᠷ ᠡᠬᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠠᠮᠢᠳᠤᠯᠢᠭ ᠪᠣᠯᠭᠠᠵᠤ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠡᠨᠧᠷᠭᠢ | ᠬᠡᠷᠡᠭᠯᠡᠬᠦ ᠶᠢ ᠡᠷᠴᠢᠮᠵᠢᠭᠦᠯᠦᠨ ᠠᠷᠪᠢᠯᠠᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠠᠵᠤ ᠦᠢᠯᠡᠰ ᠤᠨ ᠬᠦᠷᠢᠶᠡᠯᠡᠩ ᠤᠨ ᠪᠣᠷᠣᠭᠠᠨ ᠤ | ᠪᠣᠬᠢᠷᠳᠤᠯ ᠢ ᠰᠠᠯᠭᠠᠬᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠤᠰᠤ ᠬᠠᠩᠭᠠᠬᠤ ᠤᠰᠤ ᠵᠠᠯᠠᠬᠤ | ᠬᠤᠭᠤᠯᠠᠢ ᠶᠢᠨ ᠲᠣᠣᠷ᠂ ᠠᠵᠤ ᠦᠢᠯᠡᠰ ᠤᠨ ᠵᠠᠮ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ 200 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ | ᠪᠠᠶᠢᠭᠤᠯᠵᠤ᠂ ᠳ᠋ᠧ ᠢ ᠶᠢᠨ 500 ᠺᠢᠯᠤᠸᠤᠯᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶᠤᠨᠲᠤ ᠬᠦᠷᠢᠶᠡᠯᠡᠩ ᠲᠣᠭᠤᠷᠢᠭ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠡᠬᠢᠯᠡᠨ ᠬᠡᠷᠡᠭᠯᠡᠵᠦ᠂ ᠬᠤᠸᠠᠳᠧ ᠶᠢᠨ ᠠᠵᠤ ᠦᠢᠯᠡᠰ ᠤᠨ ᠬᠦᠷᠢᠶᠡᠯᠡᠩ ᠤᠨ | ᠳᠠᠭᠠᠭᠠᠬᠤ ᠴᠢᠳᠠᠪᠤᠷᠢ ᠪᠠ ᠬᠥᠭᠵᠢᠯᠲᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠦᠷᠭᠡᠳᠬᠡᠨ | ᠬᠤᠪᠢᠷᠠᠭᠤᠯᠤᠨ᠎ᠠ ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠦᠢᠯᠡᠳᠦᠯ ᠢ | ᠪᠠᠳᠠᠷᠠᠭᠤᠯᠤᠨ᠂ ᠴᠢᠳᠠᠮᠵᠢ ᠶᠢᠨ ᠴᠢᠨᠠᠷᠲᠠᠢ ᠸᠠᠭᠠᠷ ᠱᠠᠭᠠᠵᠠᠩ ᠤᠨ ᠰᠢᠨ᠎ᠡ ᠦᠢᠯᠡᠳᠬᠦᠨ ᠪᠠ ᠰᠧᠯᠧᠨ ᠡᠯᠪᠡᠭ | ᠲᠠᠷᠢᠶᠠᠯᠠᠩ ᠤᠨ ᠮᠡᠷᠭᠡᠵᠢᠯ ᠤᠨ ᠬᠥᠷᠥᠰᠥ ᠰᠢᠷᠣᠢ ᠶᠢᠨ ᠰᠠᠶᠢᠵᠢᠷᠠᠭᠤᠯᠤᠯᠲᠠ ᠶᠢ ᠭᠦᠨᠵᠡᠭᠡᠢ ᠰᠤᠳᠤᠯᠤᠨ ᠨᠡᠭᠡᠭᠡᠵᠦ᠂ | ︽ᠤᠯᠠᠭᠠᠨ ᠴᠠᠢ ᠶᠢᠨ ᠪᠣᠯᠤᠷ ᠴᠢᠯᠠᠭᠤ︾ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ | ᠳᠡᠮᠵᠢᠵᠦ᠂ ᠬᠤᠸᠠ ᠴᠧᠨ ᠠᠭᠤᠷᠬᠠᠢ ᠶᠢᠨ ᠦᠢᠯᠡᠰ ᠲᠤ ᠬᠦᠴᠦᠨ ᠨᠡᠮᠡᠷᠢᠯᠡᠵᠦ᠂ ᠵᠢᠦᠢ ᠳ᠋ᠢᠶᠠᠨ ᠰᠢᠨᠵᠢᠯᠡᠬᠦ | ᠤᠬᠠᠭᠠᠨ ᠮᠡᠷᠭᠡᠵᠢᠯ᠂ ᠢ ᠯᠢ᠂ ᠿᠢ ᠱᠧᠩ ᡁᠢ ᠪᠥᠸᠧ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ | ᠣᠷᠣᠨ ᠤ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ ᠰᠢᠶᠣᠣ ᠵᠢᠦᠢ ᠷᠧᠨ︾ ᠢᠶᠠᠷ ᠭᠤᠶᠤᠴᠢᠯᠠᠬᠤ ᠶᠢ | ᠳᠡᠮᠵᠢᠨ᠎ᠡ᠃ | ᠲᠠᠪᠤ᠂ ᠬᠦᠴᠦᠨ ᠴᠢᠳᠠᠯ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠦᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ | ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ | ᠬᠤᠳᠠ ᠶᠢᠨ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠬᠤᠭᠤᠯᠠᠨ ᠭᠡᠷ ᠲᠣᠭᠤᠭᠠᠨ ᠭᠡᠷ ᠤᠨ | ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠂ ᠤᠯᠠᠨ ᠨᠡᠶᠢᠲᠡ ᠶᠢᠨ ᠵᠣᠷᠯᠣᠩ᠂ ᠣᠶᠤᠨᠲᠤ ᠲᠡᠷᠭᠡᠨ ᠵᠣᠭᠰᠣᠭᠠᠯ ᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ | ᠪᠣᠷᠣᠭᠠᠨ ᠤ ᠤᠰᠤᠨ ᠤ ᠬᠤᠭᠤᠯᠠᠢ ᠶᠢᠨ ᠲᠣᠣᠷ᠂ ᠬᠤᠳᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ 72 | ᠺᠢᠯᠣᠮᠧᠲᠷ ᠥᠭᠡᠷᠡᠴᠢᠯᠡᠵᠦ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 350 ᠡᠷᠦᠬᠡ ᠳᠤ | ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠡᠮᠦᠨ᠎ᠡ ᠭᠤᠤ ᠭᠤᠣᠯ ᠤᠨ ᠦᠶᠡᠷ ᠢ ᠰᠡᠷᠭᠡᠶᠢᠯᠡᠬᠦ | ᠵᠠᠰᠠᠯᠲᠠ᠂ ᠭᠠᠯᠲᠤ ᠲᠡᠷᠭᠡᠨ ᠦᠷᠳᠡᠭᠡ ᠶᠢᠨ ᠦᠷᠳᠡᠭᠡ ᠶᠢᠨ ᠭᠡᠷ ᠢ ᠢᠵᠢ ᠪᠦᠷᠢᠳᠦᠭᠦᠯᠦᠨ ᠥᠭᠡᠷᠡᠴᠢᠯᠡᠨ ᠵᠠᠰᠠᠬᠤ | ᠢᠨᠵᠧᠨᠧᠷᠢᠩ ᠢ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠴᠡᠴᠡᠷᠯᠢᠭ ᠤᠨ | ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠰᠢᠶᠠᠨ ᠤ ᠬᠤᠲᠠ ᠶᠢᠨ ᠲᠣᠭᠤᠷᠢᠭ ᠤᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠥᠬᠦᠵᠦ ᠳᠠᠷᠢᠬᠤ᠂ ᠤᠰᠤᠯᠠᠬᠤ᠂ ᠵᠠᠰᠠᠵᠤ ᠬᠠᠶᠢᠴᠢᠯᠠᠬᠤ ᠵᠢᠴᠢ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠴᠡᠴᠡᠷᠯᠢᠭ ᠤᠨ ᠰᠢᠶᠠᠨ ᠤ ᠬᠤᠲᠠ ᠶᠢᠨ ᠳᠠᠬᠢᠨ ᠪᠠᠶᠢᠴᠠᠭᠠᠬᠤ ᠠᠵᠢᠯ ᠢ ᠰᠠᠶᠢᠲᠤᠷ | ᠬᠢᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠬᠤᠲᠠ ᠶᠢᠨ | ᠠᠭᠤᠯᠤᠭᠳᠠᠬᠤᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ5G ᠶᠢᠨ ᠮᠡᠳᠡᠭᠡ ᠬᠤᠯᠪᠣᠭᠠᠨ ᠤ ᠰᠦᠯᠵᠢᠶᠡᠨ ᠤ | ᠦᠢᠯᠡᠴᠢᠯᠡᠭᠡ ᠳᠤ ᠲᠦᠰᠢᠭᠯᠡᠨ᠂ ᠣᠶᠤᠨᠲᠤ ᠬᠦᠷᠢᠶᠡᠯᠡᠩ ᠲᠣᠭᠤᠷᠢᠭ᠂ ᠣᠶᠤᠨᠲᠤ ᠤᠰᠤᠨ ᠤ ᠶᠠᠪᠤᠳᠠᠯ᠂ | ᠬᠢᠨᠠᠭᠤᠷ ᠤᠨ ᠰᠢᠰᠲ᠋ᠧᠮ ᠲᠣᠣᠷ ᠤᠨ ᠢᠨᠵᠧᠨᠧᠷᠢᠩ᠂ ᠭᠡᠪ ᠭᠡᠭᠡᠨ ᠢᠨᠵᠧᠨᠧᠷᠢᠩ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠵᠡᠷᠭᠡ ᠰᠠᠭᠤᠷᠢ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ | ᠡᠮᠬᠢᠯᠡᠨ ᠨᠡᠶᠢᠯᠡᠭᠦᠯᠵᠦ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠨ ᠭᠠᠳᠠᠭᠰᠢ | ᠳᠠᠭᠠᠭᠠᠴᠢᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠶᠢᠨ ᠱᠠᠨ ᠵᠠᠮ ᠤᠨ ᠵᠢᠱᠢᠶ᠎ᠡ ᠦᠵᠡᠭᠦᠯᠬᠦ ᠵᠡᠭᠡᠯᠢ ᠶᠢ | ᠪᠠᠶᠢᠭᠤᠯᠵᠤ᠂ ᠬᠤᠲᠠ ᠶᠢᠨ ᠴᠢᠨᠠᠷ ᠳᠡᠰ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠾᠦᠢ ᠮᠢᠨ ᠶᠤᠸᠠᠨ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠨ ᠬᠡᠷᠡᠭᠯᠡᠵᠦ᠂ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ ᠬᠤᠳᠠᠯᠳᠤᠬᠤ | ᠂ ᠵᠠᠮ ᠡᠵᠡᠯᠡᠨ ᠵᠠᠬ᠎ᠠ ᠳᠡᠯᠭᠡᠭᠦᠷ ᠪᠣᠯᠭᠠᠬᠤ ᠦᠵᠡᠭᠳᠡᠯ ᠢ ᠲᠤᠶᠢᠯᠪᠤᠷᠢᠲᠠᠢ ᠰᠢᠢᠳᠪᠦᠷᠢᠯᠡᠨ᠎ᠡ᠃ ᠬᠠᠤᠯᠢ ᠬᠡᠷᠡᠭᠵᠢᠭᠦᠯᠬᠦ | ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ︽ᠵᠡᠭᠡᠯᠢ ᠶᠢᠨ ᠳᠠᠷᠤᠭ᠎ᠠ ᠶᠢᠨ ᠳᠦᠷᠢᠮ︾ ᠪᠠ ︽ᠡᠭᠦᠳᠡᠨ | ᠡᠮᠦᠨᠡᠬᠢ ᠵᠢᠷᠭᠤᠭ᠎ᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ᠂ | ᠥᠮᠴᠢᠲᠡᠨ ᠤ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠢᠵᠢᠭ ᠲᠣᠭᠤᠷᠢᠭ ᠢ ᠡᠭᠦᠳᠦᠨ ᠪᠠᠶᠢᠭᠤᠯᠵᠤ᠂ ᠬᠤᠲᠠ ᠶᠢᠨ ᠥᠩᠭᠡ | ᠵᠢᠰᠦ ᠶᠢ ᠲᠠᠰᠤᠷᠠᠯᠲᠠ ᠦᠭᠡᠢ ᠰᠢᠨᠡᠳᠬᠡᠨ᠎ᠡ᠃ | ᠵᠢᠷᠭᠤᠭ᠎ᠠ᠂ ᠬᠦᠴᠦᠨ ᠢᠶᠠᠨ ᠲᠥᠪᠯᠡᠷᠡᠭᠦᠯᠦᠨ ᠬᠠᠮᠠᠭᠠᠯᠠᠬᠤ ᠶᠢ ᠠᠳᠬᠤᠵᠤ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠰᠠᠬᠢᠨ ᠬᠠᠮᠠᠭᠠᠯᠠᠨ᠎ᠠ | ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ᠎ᠡ ᠃ ᠡᠨᠧᠷᠭᠢ ᠶᠢᠨ | ᠬᠤᠷᠣᠭᠳᠠᠯ ᠤᠨ ᠲᠥᠰᠦᠪᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ | ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠪᠠᠭᠠᠰᠬᠠᠨ᠎ᠠ ᠃ ᠲᠤᠭ᠎ᠠ ᠬᠡᠮᠵᠢᠶ᠎ᠡ ᠶᠢ ᠪᠠᠭᠠᠰᠬᠠᠬᠤ ᠪᠠᠷ | ᠣᠷᠣᠯᠠᠭᠤᠯᠬᠤ ᠲᠠᠯ᠎ᠠ ᠪᠠᠷ ᠣᠷᠣᠨ ᠵᠠᠢ ᠡᠷᠢᠬᠦ ᠶᠢ ᠪᠠᠷᠢᠮᠲᠠᠯᠠᠵᠤ᠂ 5200 ᠡᠷᠦᠬᠡ ᠶᠢᠨ ᠨᠡᠭᠦᠷᠡᠰᠦ ᠶᠢ ᠴᠠᠬᠢᠯᠭᠠᠨ ᠤ | ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢ ᠨᠡᠭᠡᠭᠡᠨ ᠠᠰᠢᠭᠯᠠᠬᠤ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠰᠦᠪᠡᠭᠴᠢᠯᠡᠨ | ᠬᠡᠷᠡᠭᠵᠢᠭᠦᠯᠦᠨ᠎ᠡ᠃ ᠦᠯᠡᠳᠡᠭᠡᠯ ᠲᠥᠷᠥᠯ ᠵᠦᠢᠯ ᠤᠨ ᠲᠠᠯ᠎ᠠ ᠪᠠᠷ ᠳᠠᠯᠳᠠ ᠬᠦᠴᠦᠨ ᠢ ᠠᠭᠤᠳᠠᠯᠬᠤ ᠶᠢ ᠪᠠᠷᠢᠮᠲᠠᠯᠠᠵᠤ᠂ | ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ︽ᠲᠠᠪᠤᠨ ᠲᠠᠯ᠎ᠠ ᠶᠢᠨ ᠥᠭᠡᠷᠡᠴᠢᠯᠡᠯᠲᠡ︾ ᠶᠢ ᠨᠡᠮᠡᠭᠳᠡᠭᠦᠯᠦᠨ᠂ | ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠣᠷᠣᠢ ᠶᠢᠨ ᠬᠤᠭᠤᠰᠤᠨ ᠭᠠᠵᠠᠷ ᠢ ᠠᠰᠢᠭᠯᠠᠨ | ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢ | ᠬᠥᠭᠵᠢᠭᠦᠯᠬᠦ ᠶᠢ ᠳᠡᠮᠵᠢᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠪᠡᠶᠡᠯᠡᠭᠦᠯᠦᠨ᠂ ᠪᠥᠬᠦ | ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90.4% ᠠᠴᠠ | ᠳᠡᠭᠡᠭᠰᠢ ᠳᠤ ᠬᠦᠷᠦᠭᠦᠯᠦᠨ᠎ᠡ᠃ | ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠦᠷᠭᠦᠯᠵᠢᠯᠡᠨ ᠴᠠᠭᠠᠨᠨᠠᠭᠤᠷ ᠤᠨ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ᠂ ︽ᠨᠣᠷᠮ᠎ᠠ ᠲᠣᠭᠲᠠᠭᠠᠨ ᠬᠠᠮᠢᠶᠠᠷᠬᠤ᠂ ᠬᠡᠲᠦᠷᠡᠭᠦᠯᠦᠨ | ᠬᠡᠷᠡᠭᠯᠡᠬᠦ ᠳᠤ ᠦᠨ᠎ᠡ ᠨᠡᠮᠡᠬᠦ︾ ᠲᠠᠷᠢᠶᠠᠯᠠᠩ ᠤᠨ ᠬᠡᠷᠡᠭᠯᠡᠬᠦ ᠤᠰᠤᠨ ᠤ ᠱᠠᠲᠤᠯᠢᠭ ᠬᠡᠯᠪᠡᠷᠢ ᠶᠢᠨ ᠤᠰᠤᠨ ᠤ | ᠦᠨ᠎ᠡ ᠶᠢ ᠬᠡᠷᠡᠭᠵᠢᠭᠦᠯᠵᠦ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠤᠰᠤ | ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠮᠠᠯ ᠤᠨ ᠲᠠᠯᠠᠪᠠᠶ ᠶᠢ 0.5 ᠲᠦᠮᠡᠨ ᠮᠦ ᠪᠠᠭᠠᠰᠬᠠᠵᠤ᠂ ᠭᠠᠩ ᠳᠤ | ᠲᠡᠰᠪᠦᠷᠢᠲᠡᠢ ᠴᠢᠨᠠᠷ ᠰᠠᠶᠢᠲᠠᠢ ᠲᠠᠷᠢᠮᠠᠯ ᠤᠨ ᠲᠠᠷᠢᠮᠠᠯ ᠤᠨ ᠲᠠᠯᠠᠪᠠᠶ ᠶᠢ 20 ᠲᠦᠮᠡᠨ ᠮᠦ ᠥᠷᠭᠡᠳᠬᠡᠨ ᠳᠠᠷᠢᠵᠤ᠂ | ᠭᠠᠵᠠᠷ ᠳᠣᠣᠷᠠᠬᠢ ᠤᠰᠤᠨ ᠤ ᠤᠰᠤᠨ ᠲᠦᠪᠰᠢᠨ ᠤ ᠠᠯᠬᠤᠮ ᠠᠯᠬᠤᠮ ᠢᠶᠠᠷ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃ | ᠠᠵᠤ ᠦᠢᠯᠡᠳᠪᠦᠷᠢ ᠶᠢᠨ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠵᠤ ᠠᠬᠤᠶᠢᠯᠠᠯ ᠠᠴᠠ ᠪᠤᠰᠤᠳ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠠᠷᠠᠳ | ᠨᠡᠶᠢᠲᠡ ᠶᠢᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ ᠬᠤᠲᠠ ᠪᠠᠯᠭᠠᠰᠤ᠂ ᠤᠰᠤ | ᠠᠷᠪᠢᠯᠠᠬᠤ ᠠᠵᠤ ᠠᠬᠤᠶᠢᠯᠠᠯ᠂ ᠤᠰᠤ ᠠᠷᠪᠢᠯᠠᠬᠤ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ | ᠭᠤᠣᠯ ᠤᠨ ᠵᠠᠮ ᠢ ᠵᠠᠰᠠᠬᠤ ᠪᠠ ᠯᠠᠶᠢᠳᠠᠬᠤ ᠠᠵᠢᠯ ᠢ ᠴᠢᠩᠭᠠᠳᠬᠠᠨ᠂ ᠭᠤᠣᠯ ᠤᠨ ᠵᠠᠮ ᠠᠴᠠ ᠡᠯᠡᠰᠦ ᠮᠠᠯᠲᠠᠬᠤ | ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠤᠰᠤᠨ ᠤ ᠣᠷᠴᠢᠨ ᠲᠣᠭᠤᠷᠢᠨ ᠤ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ᠤᠢ ᠰᠢᠭᠤᠢ ᠡᠪᠡᠰᠦ ᠪᠡᠯᠴᠢᠭᠡᠷ᠂ ᠬᠥᠷᠥᠰᠥ ᠰᠢᠷᠣᠢ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ | ︽ᠣᠶ ᠰᠢᠭᠤᠢ ᠡᠪᠡᠰᠦ ᠪᠡᠯᠴᠢᠭᠡᠷ ᠤᠨ ᠤᠷᠭᠤᠯᠲᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠥᠮᠥᠨ ᠤ | ᠬᠦᠴᠦ ᠪᠠᠷ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠮᠠᠭᠤᠳᠠᠭᠰᠠᠨ ᠣᠶ ᠶᠢ | ᠰᠠᠯᠭᠠᠨ ᠰᠡᠷᠭᠦᠭᠡᠬᠦ᠂ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ 8.5 ᠲᠦᠮᠡᠨ | ᠮᠦ ᠲᠥᠷᠥᠯ ᠵᠦᠢᠯ ᠢ ᠬᠡᠷᠡᠭᠵᠢᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠶ | ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤᠨ ᠴᠣᠭᠴᠠ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠮᠥᠨ ᠤ | ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠥᠷᠨᠢᠭᠦᠯᠵᠦ᠂ ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠡᠭᠡᠭᠡᠨ ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠰᠡᠷᠭᠦᠭᠡᠬᠦ ᠶᠢ ᠲᠦᠷᠭᠡᠳᠬᠡᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠴᠢᠩᠭ᠎ᠠ ᠬᠢᠵᠠᠭᠠᠷᠯᠠᠵᠤ᠂ ᠬᠢᠮᠢ ᠶᠢᠨ | ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠶᠢ ᠵᠡᠷᠭᠡᠪᠡᠷ ᠪᠠᠭᠤᠷᠠᠭᠤᠯᠵᠤ᠂ ᠬᠠᠶᠠᠭᠳᠠᠮᠠᠯ ᠬᠠᠭᠤᠴᠢᠨ | ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠪᠤᠴᠠᠭᠠᠨ ᠬᠤᠷᠢᠶᠠᠬᠤ ᠨᠤᠷᠮ᠎ᠠ ᠶᠢ 85% ᠠᠴᠠ ᠳᠡᠭᠡᠭᠰᠢ ᠳᠤ | ᠬᠦᠷᠭᠡᠬᠦ ᠶᠢ ᠦᠨᠡᠨ ᠬᠦ ᠪᠠᠲᠤᠯᠠᠨ᠎ᠠ᠃ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ︽ᠡᠷᠭᠢᠵᠦ ᠪᠠᠶᠢᠴᠠᠭᠠᠬᠤ︾ ᠶᠢ | ᠢᠯᠭᠠᠷᠠᠭᠤᠯᠤᠨ ᠴᠡᠭᠴᠡᠯᠡᠬᠦ ᠪᠠ ᠠᠭᠤᠷᠬᠠᠢ ᠶᠢᠨ ᠭᠠᠵᠠᠷ ᠤᠨ ᠣᠷᠴᠢᠨ ᠠᠬᠤᠢ ᠶᠢ ᠬᠠᠮᠠᠭᠠᠯᠠᠬᠤ ᠠᠵᠢᠯ ᠢ | ᠴᠢᠩᠭᠠᠳᠬᠠᠵᠤ᠂ 182.78 ᠾᠧᠺᠲ᠋ᠠᠷ ᠬᠠᠶᠠᠭᠳᠠᠮᠠᠯ ᠮᠠᠯᠲᠠᠮᠠᠯ ᠤᠨ ᠨᠦᠬᠡ ᠶᠢ ᠵᠠᠰᠠᠬᠤ ᠠᠵᠢᠯ ᠢ ᠲᠦᠷᠭᠡᠪᠴᠢᠯᠡᠨ | ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ | ᠠᠬᠤᠢ ᠶᠢᠨ ᠬᠠᠮᠠᠭᠠᠯᠠᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠣᠥᠷᠵᠢᠭᠤᠯᠤᠭᠰᠠᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠭᠤᠷᠪᠠᠨ ᠣᠳᠣᠬᠢᠴᠢᠯᠠᠯᠲᠠ ᠬᠤᠶᠠᠷ ᠬᠤᠪᠢ ᠨᠢᠭᠡ ᠶᠢ ᠴᠢᠩᠭᠠᠷᠠᠭᠤᠯᠬᠤ︾ ᠬᠤᠣᠰ | ᠲᠠᠰᠢᠷᠠᠮ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ︽ | ᠶᠡᠭᠡ ᠪᠠᠷ ᠬᠤᠯᠪᠤᠭᠠᠯᠠᠨ ᠬᠥᠳᠡᠯᠦᠯᠴᠡᠬᠦ︾ ᠶᠢ ᠪᠣᠶ ᠪᠣᠯᠭᠠᠵᠤ᠂ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠬᠦ ᠶᠢ ︽ᠥᠴᠥᠬᠡᠨ ᠴᠦ ᠠᠭᠤᠴᠢᠯᠠᠬᠤ ᠦᠭᠡᠢ︾ ᠶᠢ ᠪᠡᠶᠡᠯᠡᠭᠦᠯᠦᠨ᠎ᠡ᠃ᠭᠤᠣᠯᠳᠠᠯᠭ᠎ᠠ ᠲᠠᠢ ᠠᠵᠤ | ᠠᠬᠤᠶᠢᠯᠠᠯ᠂ ᠬᠥᠳᠡᠭᠡ ᠲᠣᠰᠬᠤᠨ ᠤ ᠣᠷᠴᠢᠨ ᠠᠬᠤᠢ ᠶᠢᠨ ᠶᠠᠰᠤ ᠴᠢᠨᠠᠷ ᠤᠨ ᠬᠢᠨᠠᠨ ᠬᠡᠮᠵᠢᠯᠲᠡ ᠶᠢ ᠪᠦᠬᠦ ᠲᠠᠯ᠎ᠠ ᠪᠠᠷ | ᠴᠢᠩᠭᠠᠳᠬᠠᠵᠤ᠂ ᠣᠷᠴᠢᠨ ᠠᠬᠤᠢ ᠶᠢᠨ ᠬᠢᠨᠠᠨ ᠬᠡᠮᠵᠢᠯᠲᠡ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ | ᠵᠢᠷᠤᠮᠵᠢᠭᠤᠯᠤᠯᠲᠠ ᠵᠢᠨᠲ᠋ᠣᠭᠲᠠᠮᠠᠯ ᠬᠤᠭᠤᠴᠠᠭ᠎ᠠ ᠲᠠᠢ ᠪᠠᠷ ᠠᠮᠢ ᠠᠬᠤᠢ ᠶᠢᠨ ᠣᠷᠴᠢᠨ ᠨᠥᠬᠦᠴᠡᠯ ᠤᠨ | ᠠᠰᠠᠭᠤᠳᠠᠯ ᠤᠨ ︽ᠡᠷᠭᠢᠵᠦ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠴᠡᠭᠴᠡᠯᠡᠨ ᠵᠠᠰᠠᠬᠤ ᠪᠠ ᠴᠡᠭᠴᠡᠯᠡᠨ | ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠤᠯᠤᠭ᠎ᠠ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ | ᠵᠣᠪᠠᠨᠢᠯ ᠢ ᠠᠷᠢᠯᠭᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠴᠦᠯᠡᠨ ᠴᠢᠩᠭᠠᠳᠬᠠᠨ᠎ᠠ᠃ ᠡᠷᠡᠭᠦᠯ ᠴᠢᠭᠢᠷᠠᠭ | ᠬᠤᠸᠠᠳᠧ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠨᠡᠯᠭᠡ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠤᠣᠯᠳᠠᠯᠭ᠎ᠠ ᠲᠠᠢ ᠣᠨᠴᠠᠯᠢᠭᠲᠤ | ᠰᠠᠯᠠᠭ᠎ᠠ ᠲᠠᠰᠤᠭ ᠢ ᠪᠣᠶ ᠪᠣᠯᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠬᠦᠯᠵᠢᠯᠡᠨ | ᠳᠡᠭᠡᠭᠰᠢᠯᠡᠭᠦᠯᠦᠨ᠎ᠡ᠃ ᠬᠡᠦᠬᠡᠳ ᠤᠨ ᠰᠠᠯᠠᠭ᠎ᠠ ᠶᠢᠨ ᠶᠡᠷᠦᠩᠬᠡᠶᠢᠯᠡᠭᠰᠡᠨ ᠠᠰᠠᠷ᠂ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠭᠡᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠰᠢᠶᠠᠨ ᠤ ᠡᠮᠨᠡᠯᠭᠡ ᠶᠢᠨ ᠬᠤᠷᠢᠶ᠎ᠠ ᠶᠢᠨ 120 ᠲᠦᠷᠭᠡᠨ ᠠᠪᠤᠷᠠᠯᠳᠠ ᠶᠢᠨ ᠲᠥᠪ ᠢ ᠠᠵᠢᠯ ᠡᠬᠢᠯᠡᠭᠦᠯᠦᠨ ᠪᠠᠶᠢᠭᠤᠯᠵᠤ | ᠂ ᠠᠷᠠᠳ ᠣᠯᠠᠨ ᠤ ᠡᠷᠡᠭᠦᠯ ᠮᠡᠨᠳᠦ ᠶᠢᠨ︽ᠨᠠᠰᠤᠲᠠᠨ ᠪᠣᠯᠤᠨ ᠨᠢᠯᠬᠠᠰ ︾ ᠤᠨ ᠡᠷᠡᠭᠦᠯ ᠮᠡᠨᠳᠦ ᠶᠢ ᠬᠠᠷᠠᠭᠠᠯᠵᠠᠨ | ᠠᠰᠠᠷᠠᠬᠤ ᠦᠢᠯᠡᠴᠢᠯᠡᠭᠡ ᠶᠢ ᠰᠠᠶᠢᠲᠤᠷ ᠬᠢᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠰᠣᠶᠣᠯ᠂ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠪᠠ | ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠯᠢᠶᠠᠨ ᠳ᠋ᠧ | ᠨᠠᠰᠤᠵᠢᠯ ᠤᠨ ᠠᠰᠠᠷᠠᠮᠵᠢ ᠶᠢᠨ ᠲᠥᠪ ᠤᠨ ᠰᠤᠪᠢᠯᠠᠬᠤ᠂ ᠡᠷᠡᠭᠦᠯᠵᠢᠭᠦᠯᠬᠦ ᠵᠡᠷᠭᠡ ᠦᠢᠯᠡᠴᠢᠯᠡᠭᠡ ᠪᠠᠨ | ᠳᠡᠭᠡᠭᠰᠢᠯᠡᠭᠦᠯᠬᠦ ᠶᠢ ᠳᠡᠮᠵᠢᠵᠦ᠂ ᠨᠠᠰᠤᠵᠢᠯ ᠤᠨ ᠵᠢᠱᠢᠶ᠎ᠡ ᠦᠵᠡᠭᠦᠯᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠭᠡᠷ ᠣᠷᠤᠨ ᠪᠣᠯᠤᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ | ᠵᠣᠬᠢᠴᠠᠭᠤᠯᠬᠤ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ︽ᠭᠤᠷᠪᠠᠨ ᠬᠡᠦᠬᠡᠳ︾ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠡᠷᠡᠭᠦᠯ ᠡᠩᠬᠡ ᠬᠤᠸᠠᠳᠧ ᠶᠢᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠤᠨ᠎ᠠ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ ᠃ ᠰᠤᠷᠭᠠᠨ ᠬᠥᠮᠦᠵᠢᠯ ᠤᠨ | ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠪᠠᠭᠰᠢ ᠶᠢᠨ ᠮᠡᠷᠭᠡᠵᠢᠯ ᠤᠨ ᠴᠣᠯᠠ ᠶᠢ ᠱᠠᠲᠤ ᠬᠤᠪᠢᠶᠠᠨ ᠤᠷᠢᠵᠤ ᠲᠣᠮᠢᠯᠠᠬᠤ ᠠᠵᠢᠯ ᠢ ᠪᠡᠶᠡᠯᠡᠭᠦᠯᠦᠨ᠎ᠡ᠃ ᠲᠥᠪ ᠤᠨ | ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠠ | ᠲᠣᠬᠢᠶᠠᠯ ᠢ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠦᠷᠭᠡᠨ | ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠤᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ︽ᠲᠠᠪᠤᠨ ᠵᠦᠢᠯ ᠤᠨ ᠬᠠᠮᠢᠶᠠᠷᠤᠯᠲᠠ︾ ︽ᠲᠤᠯᠤᠭᠠᠨ ᠨᠢᠭᠡ︾ | ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠤᠭᠴᠢᠳ ᠤᠨ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠵᠢᠷᠭᠤᠳᠤᠭᠠᠷ ᠬᠡᠦᠬᠡᠳ ᠤᠨ | ᠴᠡᠴᠡᠷᠯᠢᠭ ᠢ ᠡᠬᠢᠯᠡᠨ ᠪᠠᠶᠢᠭᠤᠯᠵᠤ᠂ ᠲᠤᠰᠬᠠᠢ ᠲᠤᠰᠢᠶᠠᠯ ᠤᠨ ᠰᠤᠷᠭᠠᠭᠤᠯᠢ ᠶᠢᠨ ᠪᠠᠲᠤᠯᠠᠭ᠎ᠠ ᠪᠠ ᠲᠤᠰᠬᠠᠢ | ᠲᠤᠰᠢᠶᠠᠯ ᠤᠨ ᠰᠤᠷᠭᠠᠭᠤᠯᠢ ᠶᠢᠨ ᠡᠮᠴᠢ ᠶᠢ ᠪᠦᠷᠢᠨ ᠭᠦᠢᠴᠡᠳ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ | ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠠᠵᠤ ᠠᠬᠤᠢ ᠶᠢᠨ | ᠬᠥᠭᠵᠢᠯᠲᠡ ᠶᠢᠨ ᠠᠵᠢᠯ ᠣᠯᠭᠤᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠨᠠᠷᠢᠯᠢᠭ ᠣᠨᠤᠴᠢᠲᠠᠢ ᠪᠠᠷ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢᠨ ᠮᠡᠳᠡᠭᠡ ᠵᠠᠩᠭᠢ᠂ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ | ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠲᠦᠷᠦ ᠶᠢᠨ | ᠪᠣᠳᠣᠯᠭ᠎ᠠ ᠪᠠᠷ ᠨᠡᠩ ᠤᠯᠠᠨ ᠠᠵᠤ ᠠᠬᠤᠶᠢᠯᠠᠯ ᠪᠠ ᠤᠯᠠᠨ ᠲᠦᠮᠡᠨ ᠳᠤ ᠠᠰᠢᠭ ᠬᠦᠷᠲᠡᠭᠡᠵᠦ᠂ ᠬᠤᠳᠠ ᠪᠠᠯᠭᠠᠰᠤᠨ ᠤ | ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠣᠲᠤᠷ᠎ᠠ ᠬᠢᠵᠠᠭᠠᠷᠯᠠᠨ᠎ᠠ᠃ ︽ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠤᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠨᠡᠶᠢᠭᠡᠮ ᠤᠨ ᠪᠠᠩᠬᠢ ᠶᠢ | ᠨᠢᠭᠡ ᠴᠣᠭᠴᠠᠵᠢᠭᠤᠯᠬᠤ︾ ᠠᠵᠢᠯᠯᠠᠭᠠᠨ ᠤ ᠭᠠᠷᠲᠠᠨ ᠭᠦᠢᠴᠡᠳᠬᠡᠬᠦ ᠵᠠᠭᠪᠤᠷ ᠢ ᠯᠠᠪᠳᠠᠭᠤᠨ ᠢᠶᠠᠷ ᠠᠬᠢᠭᠤᠯᠵᠤ᠂ | ᠨᠡᠶᠢᠭᠡᠮ ᠤᠨ ᠠᠪᠤᠷᠠᠨ ᠲᠤᠰᠠᠯᠠᠬᠤ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ | ᠴᠠᠭ ᠤᠨ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ | ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠦᠨ᠂ ᠬᠦᠴᠢᠷᠳᠡᠯ ᠲᠠᠢ ᠤᠯᠠᠨ ᠲᠦᠮᠡᠨ ᠤ | ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠣᠷᠣᠰᠢᠭᠤᠯᠭ᠎ᠠ ᠶᠢᠨ ᠭᠠᠵᠠᠷ᠂ ᠭᠠᠯ ᠢᠶᠠᠷ ᠳᠡᠭᠳᠡᠭᠡᠬᠦ | ᠭᠠᠵᠠᠷ ᠪᠠ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠪᠢᠴᠢᠯ | ᠦᠢᠯᠡᠴᠢᠯᠡᠭᠡ︾ ᠪᠠᠷ ᠶᠡᠭᠡ ᠠᠷᠠᠳ ᠤᠨ ᠠᠮᠢᠳᠤᠷᠠᠯ ᠢ ᠢᠯᠡᠷᠡᠭᠦᠯᠬᠦ ᠶᠢ ᠨᠡᠩ ᠴᠢᠬᠤᠯᠠᠴᠢᠯᠠᠵᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠢᠯᠡ ᠪᠠᠷ ᠴᠤᠭᠯᠠᠭᠤᠯᠤᠭᠰᠠᠨ ᠠᠰᠠᠭᠤᠳᠠᠯ ᠪᠠ ᠰᠠᠨᠠᠭᠤᠯᠭ᠎ᠠ ᠲᠠᠢ ᠤᠶᠠᠯᠳᠤᠭᠤᠯᠤᠨ᠂ ᠠᠷᠠᠳ ᠤᠨ | ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠢ ᠭᠤᠣᠯᠳᠠᠯᠭ᠎ᠠ ᠲᠠᠢ ᠪᠠᠷ ᠰᠣᠩᠭᠤᠨ ᠠᠪᠤᠨ᠎ᠠ᠃ ᠨᠢᠭᠡ ᠳᠤ ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠡᠬᠢᠯᠡᠨ | ᠬᠡᠷᠡᠭᠯᠡᠵᠦ᠂ ᠰᠦᠢᠳᠬᠡᠯ ᠥᠯᠥ ᠬᠤᠷᠢᠶᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 80 ᠳᠡᠯᠭᠡᠭᠦᠷ ᠠᠴᠠ | ᠳᠤᠲᠠᠭᠤ ᠦᠭᠡᠢ᠂ 200 ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠵᠢᠯ ᠤᠨ ᠪᠠᠶᠢᠷᠢ ᠠᠴᠠ ᠳᠤᠲᠠᠭᠤ ᠦᠭᠡᠢ | ᠬᠠᠩᠭᠠᠨ᠎ᠠ᠃ ᠬᠤᠶᠠᠷ ᠲᠤ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ | ᠰᠢᠶᠠᠨ ᠤ ᠬᠤᠲᠠ ᠶᠢᠨ ᠦᠯᠡᠳᠡᠭᠡᠯ ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠨ 200 ᠢᠵᠢ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠤᠨ᠎ᠠ᠃ ᠭᠤᠷᠪᠠ ᠳᠤ ᠂ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ 9 ᠵᠣᠯ | ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ᠂ ᠰᠤᠯᠠ ᠪᠠᠶᠢᠬᠤ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ | ᠪᠡᠶ᠎ᠡ ᠤᠬᠢᠶᠠᠬᠤ ᠲᠠᠰᠤᠯᠭ᠎ᠠ᠂ ᠬᠤᠪᠴᠠᠰᠤ ᠤᠬᠢᠶᠠᠬᠤ ᠲᠠᠰᠤᠯᠭ᠎ᠠ᠂ ᠦᠰᠦ ᠵᠠᠰᠠᠬᠤ ᠲᠠᠰᠤᠯᠭ᠎ᠠ᠂ ᠬᠤᠭᠤᠯᠠᠨ ᠭᠡᠷ | ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠨ᠎ᠡ᠃ ᠳᠥᠷᠪᠡ ᠳᠤ ᠂ ᠰᠥᠨᠢ ᠶᠢᠨ ᠰᠢᠩᠭᠡᠯᠢᠭ ᠮᠠᠶ᠋ᠢᠭ ᠤᠨ | ᠰᠠᠭᠰᠤᠨ ᠪᠥᠮᠪᠦᠭᠡ ᠶᠢᠨ ᠲᠠᠯᠠᠪᠠᠢ ᠶᠢ 3 ᠪᠠᠶᠢᠭᠤᠯᠵᠤ᠂ ᠰᠥᠨᠢ ᠶᠢᠨ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ | ᠲᠠᠯᠠᠪᠠᠢ ᠶᠢ 1 ᠪᠠᠶᠢᠭᠤᠯᠤᠨ᠎ᠠ᠃ ᠲᠠᠪᠤ ᠳᠤ ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠢᠴᠢ ᠠᠵᠤ ᠦᠢᠯᠡᠰ ᠤᠨ | ᠵᠠᠮ ᠢ 40 ᠺᠢᠯᠣᠮᠧᠲᠷ ᠬᠡᠷᠡᠭᠵᠢᠭᠦᠯᠦᠨ᠎ᠡ᠃ ᠵᠢᠷᠭᠤᠭ᠎ᠠ ᠳᠤ ᠂ ᠦᠶᠡᠷ ᠢ ᠰᠡᠷᠭᠡᠶᠢᠯᠡᠬᠦ ᠡᠮᠦᠨ᠎ᠡ ᠲᠠᠯ᠎ᠠ ᠶᠢᠨ ᠭᠤᠤ | ᠭᠤᠣᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠵᠠᠰᠠᠭᠰᠠᠨ ᠤᠷᠲᠤ ᠶᠢᠨ ᠬᠡᠮᠵᠢᠶ᠎ᠡ ᠨᠢ 9 ᠺᠢᠯᠣᠮᠧᠲᠷ᠂ ᠦᠶᠡᠷ ᠢ | ᠰᠡᠷᠭᠡᠶᠢᠯᠡᠬᠦ ᠭᠤᠤ ᠪᠠ ᠴᠠᠷᠳᠠᠮᠠᠯ ᠵᠠᠮ ᠢ 4.44 ᠺᠢᠯᠣᠮᠧᠲᠷ ᠵᠠᠰᠠᠵᠤ᠂ 7 ᠰᠠᠭᠤᠷᠢ ᠬᠥᠭᠦᠷᠭᠡ ᠶᠢ ᠪᠦᠲᠦᠭᠡᠨ | ᠪᠠᠶᠢᠭᠤᠯᠤᠨ᠎ᠠ᠃ | ᠨᠠᠢᠮᠠ᠂ ᠬᠦᠴᠦᠨ ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠵᠤ᠂ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠬᠢᠷᠠᠭᠤᠯᠤᠯᠲᠠ ᠪᠠ ᠬᠡᠰᠡᠭ ᠬᠤᠪᠢᠷᠠᠭᠤᠯᠤᠯᠲᠠ ᠶᠢ | ᠰᠠᠶᠢᠲᠤᠷ ᠬᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠳᠠ ᠶᠢᠨ | ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠪᠦᠬᠦ ᠲᠠᠯ᠎ᠠ ᠪᠠᠷ ᠬᠠᠷᠭᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠬᠢᠷᠠᠭᠤᠯᠤᠨ | ᠰᠢᠯᠢᠳᠡᠭᠵᠢᠭᠦᠯᠵᠦ᠂ ᠨᠠᠰᠤᠲᠠᠶᠢᠴᠤᠳ ᠤᠨ ᠤᠯᠠᠨ ᠲᠦᠮᠡᠨ ᠤ ᠸᠠᠺᠼᠢᠨ ᠤ ᠲᠠᠷᠢᠯᠭ᠎ᠠ ᠬᠢᠬᠦ ᠶᠢ ᠴᠢᠩᠭᠠᠳᠬᠠᠵᠤ᠂ ᠡᠮᠨᠡᠨ | ᠵᠠᠰᠠᠬᠤ ᠡᠮ ᠤᠨ ᠵᠦᠢᠯᠡᠰ ᠢ ᠭᠦᠢᠴᠡᠳ ᠪᠡᠯᠡᠳᠬᠡᠵᠦ᠂ ᠰᠢᠨ᠎ᠡ ᠡᠪᠡᠳᠴᠢᠲᠡᠨ ᠢ ᠠᠪᠤᠷᠠᠨ ᠵᠠᠰᠠᠬᠤ ᠪᠠ ᠡᠳᠦᠷ | ᠲᠤᠳᠤᠮ ᠤᠨ ᠡᠮ ᠡᠮᠨᠡᠯᠭᠡ ᠶᠢᠨ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ | ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ | ᠨᠡᠮᠡᠭᠳᠡᠯ ᠤᠨ ᠲᠦᠭᠰᠢᠭᠦᠷᠢ ᠶᠢ ᠰᠡᠷᠭᠡᠶᠢᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠤᠨ᠂ ᠦᠯᠡᠳᠡᠭᠡᠯ ᠥᠷᠢ ᠥᠭᠴᠡᠭᠡ ᠶᠢ | ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠪᠥᠬᠦ ᠵᠢᠯ ᠳᠤ ᠵᠠᠰᠠᠭ ᠤᠨ ᠣᠷᠳᠣᠨ ᠤ ᠴᠢᠨᠠᠷᠲᠠᠢ ᠥᠷᠢ | ᠥᠭᠴᠡᠭᠡ ᠶᠢ 5.25 ᠳ᠋ᠦᠩᠰᠢᠭᠤᠷ ᠲᠥᠭᠦᠷᠢᠭ ᠠᠷᠢᠯᠭᠠᠵᠤ᠂ ᠥᠷᠢ ᠥᠭᠴᠡᠭᠡ ᠶᠢᠨ ᠬᠡᠪᠴᠢᠶ᠎ᠡ ᠪᠠ | ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠥᠷᠢ ᠶᠡᠬᠡᠲᠡᠢ ᠣᠷᠣᠨ ᠰᠠᠭᠤᠴᠠ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ | ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠶᠤᠯᠭᠦᠢ ᠶᠢᠨ ᠲᠠᠯᠳᠠ ᠭᠡᠮ ᠢ ᠴᠠᠭ | ᠲᠤᠬᠠᠢ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ | ᠵᠦᠢᠯ ᠡᠮ ᠤᠨ ᠵᠦᠢᠯ ᠤᠨ ᠠᠮᠤᠷ ᠲᠦᠪᠰᠢᠨ ᠪᠠ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ | ᠰᠠᠶᠢᠲᠤᠷ ᠠᠳᠬᠤᠨ᠎ᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠵᠠᠷ ᠬᠥᠳᠡᠯᠦᠯᠲᠡ ᠵᠢᠴᠢ | ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ | ᠠᠵᠢᠯᠴᠢᠨ ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ | ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ | ᠪᠠᠲᠤᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ︽ᠠᠮᠤᠷ ᠠᠮᠤᠭᠤᠯᠠᠩ ᠬᠤᠸᠠᠳᠧ︾ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠲᠡᠭᠦᠯᠳᠡᠷᠵᠢᠭᠦᠯᠦᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠡᠮᠡᠭᠲᠡᠶᠢᠴᠦᠳ᠂ | ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ | ︽ᠬᠤᠶᠠᠷ ᠮᠥᠩᠭᠦ ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠨ᠎ᠠ᠃ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠢ ᠰᠠᠶᠢᠲᠤᠷ | ᠬᠢᠵᠦ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ | ᠠᠬᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠴᠢᠩᠭᠠᠳᠬᠠᠨ᠎ᠠ | ᠲᠥᠯᠥᠭᠡᠯᠡᠭᠴᠢᠳ ᠠ᠋ ︕ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠳᠤ᠂ ᠪᠢᠳᠡ | ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠡᠷᠡᠮᠡᠬᠡᠶᠢᠯᠡᠨ | ᠤᠷᠤᠭᠰᠢᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠨ᠎ᠠ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ | ᠪᠠᠲᠤᠲᠠᠢ ᠬᠡᠷᠡᠭᠯᠡᠵᠦ᠂ ᠡᠷᠡᠰ ᠭᠤᠶᠢᠪᠢᠰᠢ ᠦᠭᠡᠢ ᠪᠠᠷ ︽ᠬᠤᠶᠠᠷ ᠢ ᠲᠣᠭᠲᠠᠭᠠᠬᠤ︾ᠦᠨᠡᠨᠴᠢ ᠰᠢᠳᠤᠷᠭᠤ ᠬᠦᠷᠢᠶᠡᠯᠡᠭᠴᠢ᠂ | ︽ᠬᠤᠶᠠᠷ ᠢ ᠬᠠᠮᠠᠭᠠᠯᠠᠬᠤ︾ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠤᠭᠴᠢ ᠪᠣᠯᠤᠨ᠎ᠠ᠃ ᠲᠥᠪ ᠤᠨ ᠦᠨᠳᠦᠰᠦᠨ | ᠪᠣᠳᠣᠯᠭ᠎ᠠ ᠴᠢᠭᠯᠡᠯᠲᠡ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ | ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ | ᠵᠠᠷᠴᠢᠮ ᠤᠨ ᠠᠰᠠᠭᠤᠳᠠᠯ ᠳᠡᠭᠡᠷ᠎ᠡ ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠢ ᠪᠠᠶᠢᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠠᠷᠢᠮᠲᠠᠯᠠᠨ᠎ᠠ ᠃ ᠬᠠᠤᠯᠢ ᠪᠠᠷ ᠵᠠᠰᠠᠬᠤ ᠶᠢ ᠡᠷᠬᠢᠮᠯᠡᠬᠦ᠂ ᠬᠠᠤᠯᠢ | ᠴᠠᠭᠠᠵᠠ ᠶᠢ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ | ᠠᠷᠭ᠎ᠠ ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ | ᠬᠡᠷᠡᠭᠲᠡᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠡᠷᠭᠡ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭ ᠤᠨ ᠡᠮᠦᠨ᠎ᠡ ᠦᠨᠡᠯᠡᠨ | ᠵᠢᠱᠢᠬᠦ ᠪᠠ ᠬᠡᠷᠡᠭ ᠤᠨ ᠳᠠᠷᠠᠭ᠎ᠠ ᠦᠨᠡᠯᠡᠬᠦ ᠳᠦᠷᠢᠮ ᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠵᠢᠨᠡᠯ᠎ᠡ ᠲᠠᠯ᠎ᠠ ᠶᠢᠨ ᠬᠢᠨᠠᠯᠲᠠ ᠶᠢ | ᠨᠡᠩ ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠪᠣᠯᠭᠠᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠨ᠎ᠠ ᠃ ᠦᠷ᠎ᠡ ᠪᠦᠲᠦᠮᠵᠢ ᠶᠢ ᠡᠷᠬᠢᠮᠯᠡᠬᠦ᠂ | ᠨᠠᠶᠢᠳᠠᠪᠤᠷᠢᠵᠢᠭᠤᠯᠤᠯᠲᠠ ᠶᠢᠨ ᠤᠳᠤᠷᠢᠳᠤᠮᠵᠢ ᠶᠢ ᠠᠳᠬᠤᠬᠤ ᠶᠢ ᠲᠤᠪᠤᠶᠢᠯᠭᠠᠵᠦ᠂ ᠪᠦᠬᠦ ᠬᠦᠴᠦᠨ ᠢᠶᠠᠷ ᠢᠶᠠᠨ | ᠲᠦᠷᠦ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠪᠤᠯᠢᠶᠠᠯᠳᠤᠵᠤ᠂ ᠤᠴᠢᠷ ᠶᠠᠪᠤᠳᠠᠯ ᠳᠤ ᠠᠶᠤᠯ ᠦᠭᠡᠢ | ᠪᠠᠶᠢᠵᠤ᠂ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠡᠩᠨᠡᠭᠡᠨ ᠳᠤ ᠶᠠᠪᠤᠵᠤ᠂ ᠪᠣᠳᠠᠲᠠᠢ ᠠᠵᠢᠯᠯᠠᠵᠤ᠂ ᠵᠠᠰᠠᠭ ᠤᠨ | ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ︽ᠲᠤᠯᠤᠭ᠎ᠠ ᠶᠢ | ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ | ᠠᠰᠠᠭᠤᠳᠠᠯ ᠢ ᠡᠷᠡᠰ ᠰᠢᠢᠳᠪᠦᠷᠢᠯᠡᠵᠦ᠂ ︽ᠣᠶᠢᠯᠠᠭᠠᠬᠤ ᠰᠡᠳᠬᠢᠬᠦᠢ︾ ᠶᠢ ᠶᠡᠭᠡ ᠪᠠᠷ ᠳᠡᠯᠭᠡᠷᠡᠭᠦᠯᠵᠦ᠂ ᠨᠡᠩ ᠪᠣᠳᠠᠲᠠᠢ ᠶᠢ | ᠡᠷᠬᠢᠮᠯᠡᠬᠦ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠪᠠ ᠤᠯᠠᠨ ᠲᠦᠮᠡᠨ ᠳᠤ ᠴᠢᠨᠠᠷ ᠰᠠᠶᠢᠲᠠᠢ ᠦᠢᠯᠡᠴᠢᠯᠡᠭᠡ | ᠬᠠᠩᠭᠠᠨ᠎ᠠ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ | ᠠᠬᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ | ᠠᠳᠬᠤᠨ᠎ᠠ᠃ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠩ ᠤᠯᠠᠨ ᠪᠡᠯᠡ ᠮᠥᠩᠭᠦ ᠶᠢ ᠠᠷᠠᠳ ᠤᠨ ᠲᠥᠯᠥᠭᠡ | ᠠᠷᠠᠳ ᠲᠤ ᠠᠰᠢᠭ ᠬᠦᠷᠲᠡᠭᠡᠬᠦ ᠳᠤ ᠬᠡᠷᠡᠭᠯᠡᠵᠦ᠂ ᠵᠠᠰᠠᠭ ᠤᠨ ᠣᠷᠳᠣᠨ ᠤ ︽ᠭᠠᠮᠨᠠᠨ ᠠᠮᠢᠳᠤᠷᠠᠬᠤ︾ ᠪᠠᠷ ᠤᠯᠠᠨ | ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠬᠤ ᠬᠡᠷᠡᠭᠲᠡᠢ ︕ | ᠲᠥᠯᠥᠭᠡᠯᠡᠭᠴᠢᠳ ᠠ᠋᠂ ᠰᠢᠨ᠎ᠡ ᠠᠶᠠᠨ ᠵᠠᠮ ᠬᠥᠮᠥᠰ ᠢ ᠡᠷᠡᠯᠬᠡᠭᠯᠡᠨ ᠤᠷᠤᠭᠰᠢᠯᠠᠭᠤᠯᠤᠨ᠎ᠠ᠂ ᠰᠢᠨ᠎ᠡ ᠡᠭᠦᠷᠭᠡ | ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ | ᠲᠦᠰᠢᠭᠯᠡᠨ ᠪᠦᠯᠬᠦᠮᠳᠡᠵᠦ᠂ ᠥᠷᠯᠥᠭᠡ ᠦᠳᠡᠰᠢ ᠶᠢ ᠲᠡᠮᠡᠴᠡᠨ᠂ ᠦᠨᠡᠨ ᠪᠣᠳᠠᠲᠠᠢ ᠠᠵᠢᠯᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠬᠤᠸᠠᠳᠧ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ︕ | | | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |