| ᠡᠨᠡ ᠵᠢᠯ ᠪᠣᠯ ᠤᠯᠤᠰ ᠤᠨ 45 ᠳ᠋ᠤᠭᠠᠷ ᠮᠣᠳᠣ ᠳᠠᠷᠢᠬᠤ ᠪᠠᠶᠠᠷ ᠤᠨ ᠡᠳᠦᠷ ᠪᠣᠯᠣᠨ᠎ᠠ᠂ ᠪᠢᠳᠡ ︽ᠠᠯᠪᠠᠨ | ᠵᠢᠷᠤᠮ ᠤᠨ ᠮᠣᠳᠣ ᠳᠠᠷᠢᠬᠤ ᠶᠢ ᠭᠦᠢᠴᠡᠳᠬᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ | ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠳᠡ᠂ ᠪᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠡᠮᠦᠨ᠎ᠡ ᠠᠴᠠ ᠤᠢ ᠰᠢᠭᠤᠢ ᠡᠪᠡᠰᠦ ᠪᠡᠯᠴᠢᠭᠡᠷ ᠤᠨ ᠹᠷᠣᠨᠲ ᠲᠤ ᠰᠢᠷᠭᠠᠭᠤ ᠬᠠᠲᠠᠭᠤᠵᠢᠯᠲᠠᠢ | ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠳᠤ ᠳᠣᠲᠣᠨᠣ ᠮᠡᠨᠳᠦᠴᠢᠯᠡᠯ ᠬᠦᠷᠭᠡᠵᠦ᠂ ᠤᠢ | ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ ᠪᠠᠶᠢᠭ᠎ᠠ | ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠵᠢᠯ ᠪᠦᠷᠢ | ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠲᠦᠷᠦᠭᠦᠯᠡᠨ ᠣᠷᠣᠯᠴᠠᠭᠰᠠᠨ ᠪᠥᠭᠡᠳ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠰᠠᠶᠢᠲᠤᠷ ᠬᠢᠬᠦ ᠲᠤᠬᠠᠢ | ᠰᠢᠷᠢᠰ ᠴᠢᠬᠤᠯᠠ ᠵᠢᠭᠠᠪᠤᠷᠢ ᠥᠭᠴᠡᠢ ᠃ ᠨᠠᠮ ᠤᠨ ᠬᠤᠷᠢᠳᠤᠭᠠᠷ ᠶᠡᠭᠡ ᠬᠤᠷᠠᠯ ᠰᠢᠨ᠎ᠡ ᠲᠡᠦᠬᠡ ᠶᠢᠨ ᠭᠠᠷᠤᠭ᠎ᠠ | ᠳᠡᠭᠡᠷ᠎ᠡ ᠵᠣᠭᠰᠣᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ᠂ ᠬᠥᠮᠥᠨ ᠪᠣᠯᠣᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠲᠤᠬᠠᠢ ᠴᠢᠬᠤᠯᠠ ᠶᠡᠭᠡ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠡᠢ ᠃ | ᠪᠢᠳᠡ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠤᠯᠤᠰ ᠲᠥᠷᠥ ᠶᠢᠨ | ᠠᠴᠢ ᠬᠤᠯᠪᠣᠭᠳᠠᠯ᠂ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠪᠠ ᠠᠮᠢ ᠠᠬᠤᠢ ᠶᠢᠨ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠤ︽ᠲᠦᠷᠪᠡᠨ ᠶᠠᠪᠤᠳᠠᠯ︾ᠪᠣᠯᠣᠨ︽ᠭᠤᠷᠪᠠᠨ ᠭᠤᠷᠪᠠ︾ ᠶᠢᠨ ᠬᠥᠭᠵᠢᠯᠲᠡ ᠶᠢᠨ ᠠᠷᠭ᠎ᠠ | ᠵᠠᠮ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ | ᠪᠠᠶᠢᠳᠠᠯ ᠪᠣᠯᠣᠨ ᠨᠡᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ ᠪᠠᠷ ᠪᠦᠬᠦ ᠠᠷᠠᠳ ᠤᠨ ᠠᠯᠪᠠᠨ ᠵᠢᠷᠤᠮ ᠤᠨ ᠮᠣᠳᠣ | ᠲᠠᠷᠢᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ᠃ | 2011 ᠣᠨ ᠠᠴᠠ ᠨᠠᠰᠢ᠂ ᠮᠠᠨ ᠤ ᠰᠢᠶᠠᠨ︽ᠨᠢᠭᠡᠳᠦᠯᠲᠡᠢ ᠪᠠᠶᠢᠷᠢᠰᠢᠭᠤᠯᠬᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠬᠦ᠂ ᠵᠢᠯ ᠬᠤᠪᠢᠶᠠᠨ ᠬᠡᠷᠡᠭᠵᠢᠭᠦᠯᠬᠦ ︾ ᠵᠠᠷᠴᠢᠮ ᠢ ᠪᠠᠷᠢᠮᠲᠠᠯᠠᠵᠤ᠂ ᠰᠢᠶᠠᠨ ᠤ ᠱᠠᠲᠤᠨ ᠤ ᠠᠯᠪᠠᠨ | ᠵᠢᠷᠤᠮ ᠤᠨ ᠮᠣᠳᠣ ᠲᠠᠷᠢᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠵᠦ᠂ ᠰᠢᠶᠠᠨ ᠤ ᠬᠤᠲᠠ ᠶᠢᠨ | ᠪᠠᠷᠠᠭᠤᠨ ᠬᠤᠶᠢᠲᠤ ᠬᠡᠰᠡᠭ ᠠᠴᠠ12 ᠺᠢᠯᠤᠮᠧᠲᠷ᠂ ᠥᠷᠭᠡᠨ ᠢᠶᠠᠷ ᠢᠶᠠᠨ 4 ᠺᠢᠯᠤᠮᠧᠲᠷ ᠤᠨ ᠪᠣᠬᠢᠷᠳᠤᠯ ᠦᠭᠡᠢ ᠠᠮᠢ | ᠠᠬᠤᠢ ᠶᠢᠨ ᠬᠠᠯᠬᠠᠪᠴᠢ ᠶᠢ ᠪᠦᠷᠢᠯᠳᠦᠭᠦᠯᠵᠦ᠂ ᠰᠢᠶᠠᠨ ᠤ ᠪᠦᠰᠡ ᠶᠢᠨ ᠠᠮᠢ ᠠᠬᠤᠢ ᠶᠢᠨ ᠶᠠᠰᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠵᠦ᠂ ᠰᠢᠶᠠᠨ ᠤ ᠬᠤᠲᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠨᠡᠨᠬᠦ ᠰᠠᠶᠢᠵᠢᠷᠠᠭᠤᠯᠪᠠ᠃ | ᠰᠢᠨ᠎ᠡ ᠲᠡᠦᠬᠡᠨ ᠴᠠᠭ ᠦᠶ᠎ᠡ᠂ ᠪᠢᠳᠡ ᠣᠶ ᠰᠢᠭᠤᠢ ᠡᠪᠡᠰᠦ ᠪᠡᠯᠴᠢᠭᠡᠷ ᠤᠨ ᠬᠥᠭᠵᠢᠯᠲᠡ ᠶᠢᠨ ᠰᠢᠨ᠎ᠡ ᠪᠠᠶᠢᠳᠠᠯ | ᠰᠢᠨ᠎ᠡ ᠡᠭᠦᠷᠭᠡ ᠶᠢ ᠣᠨᠣᠪᠴᠢᠲᠠᠶ ᠡᠵᠡᠮᠰᠢᠵᠦ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠪᠠᠶᠢᠭᠤᠯᠬᠤ︾ ᠬᠠᠷᠠᠯᠲᠠ ᠶᠢᠨ | ᠲᠣᠭᠤᠷᠢᠨ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ | ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠪᠦᠬᠦ ᠠᠷᠠᠳ ᠤᠨ | ᠠᠯᠪᠠᠨ ᠵᠢᠷᠤᠮ ᠤᠨ ᠮᠣᠳᠣ ᠳᠠᠷᠢᠬᠤ ᠪᠠᠷ ᠭᠠᠷᠳᠠᠴᠠ ᠪᠣᠯᠭᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠭᠠᠯ ᠢ ᠰᠡᠷᠭᠡᠶᠢᠯᠡᠬᠦ᠂ ᠨᠤᠭᠤ ᠭᠠᠵᠠᠷ ᠤᠨ | ᠤᠬᠠᠭᠤᠯᠭ᠎ᠠ ᠶᠢ ᠴᠢᠩᠭᠠᠳᠬᠠᠵᠤ᠂ ᠡᠬᠢ ᠪᠠᠶᠠᠯᠢᠭ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠢ | ᠰᠢᠭᠤᠢ ᠡᠪᠡᠰᠦ ᠴᠢᠭᠢᠭᠯᠢᠭ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠬᠠᠮᠠᠭᠠᠯᠠᠵᠤ᠂ ᠤᠯᠠᠨ ᠲᠦᠮᠡᠨ ᠤ ᠣᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠠᠨ ᠤ ᠰᠢᠶᠠᠨ ᠤ ᠠᠯᠪᠠᠨ | ᠵᠢᠷᠤᠮ ᠤᠨ ᠮᠣᠳᠣ ᠳᠠᠷᠢᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | | | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |