| ︽ᠳᠤᠶᠢᠬ᠂ ᠳᠤᠶᠢᠬ᠂ ᠳᠤᠶᠢᠬ ᠁︾ ᠳᠤᠶᠢᠬ ᠤᠨ ᠳᠠᠭᠤᠨ ᠬᠠᠩᠭᠢᠨᠠᠬᠤ ᠳᠤ ᠭᠠᠵᠠᠷ ᠭᠡᠰᠦᠵᠦ | ᠦᠨᠳᠦᠰᠦ ᠰᠡᠷᠢᠨ᠎ᠠ᠃ ᠨᠡᠭᠦᠳᠡᠯ ᠤᠨ ᠮᠠᠯ ᠠᠵᠤ ᠠᠬᠤᠢ ᠪᠤᠯ ᠨᠤᠳᠤᠭ ᠪᠡᠯᠴᠢᠭᠡᠷ ᠤᠨ ᠠᠮᠢ ᠠᠬᠤᠢ ᠶᠢᠨ ᠴᠢᠬᠤᠯᠠ | ᠪᠦᠷᠢᠯᠳᠤᠭᠦᠨ ᠪᠤᠯᠤᠨ᠎ᠠ᠃ ᠳᠠᠯ᠎ᠠ ᠨᠤᠳᠤᠭ ᠭᠡᠵᠦ ᠠᠳᠠᠷ ᠵᠡᠯᠡᠭᠦᠳ ᠭᠠᠵᠠᠷ ᠪᠢᠰᠢ ᠬᠠᠷᠢᠨ ᠮᠠᠯ ᠤᠨ ᠬᠦᠯ | ᠮᠠᠯᠴᠢᠳ ᠤᠨ ᠨᠡᠭᠦᠳᠡᠯ ᠳᠤ ︽ᠬᠠᠭᠠᠯᠪᠤᠷᠢᠯᠠᠬᠳᠠᠭᠰᠠᠨ︾ ᠮᠠᠯ ᠠᠵᠤ ᠠᠬᠤᠢ ᠶᠢᠨ ︽ᠦᠢᠯᠡᠳᠪᠦᠷᠢᠯᠡᠯ ᠤᠨ ᠪᠠᠭᠠᠵᠢ︾ | ᠪᠤᠯᠤᠨ᠎ᠠ᠃ ᠳᠡᠶᠢᠮᠦ ᠠᠴᠠ ᠮᠠᠯ ᠤᠨ ᠬᠦᠯ ᠬᠤᠷᠢᠪᠠᠯ ᠪᠡᠯᠴᠢᠭᠡᠷ ᠰᠡᠷᠭᠦᠭᠡᠨ᠎ᠡ ᠭᠡᠳᠡᠭ ᠢ ᠵᠤᠬᠢᠬᠤ ᠴᠠᠭ ᠵᠠᠢ ᠳᠤ | ᠠᠪᠠᠴᠢᠵᠤ ᠤᠢᠢᠯᠠᠭᠠᠪᠠᠯ ᠵᠦᠢᠳᠡᠢ᠃ ︽ᠨᠠᠷᠠ ᠬᠤᠷ᠎ᠠ ᠳᠡᠩᠴᠡᠭᠦᠦ᠂ ᠪᠡᠯᠴᠢᠭᠡᠷ ᠤᠨ ᠤᠷᠭᠤᠴᠠ ᠰᠠᠶᠢᠨ᠂ ᠡᠪᠡᠰᠦ | ᠤᠷᠭᠤᠮᠠᠯ ᠤᠨ ᠳᠦᠷᠦᠯ ᠵᠦᠢᠯ ᠨᠢ ᠪᠦᠷᠢᠨ᠂ ᠮᠠᠯ ᠴᠠᠭ ᠴᠠᠭ ᠤᠨ ᠡᠪᠡᠰᠦ ᠤᠷᠭᠤᠮᠠᠯ ᠢᠶᠠᠨ ᠢᠳᠡᠵᠦ ᠬᠦᠴᠦ ᠳᠠᠷᠭᠤ | ᠠᠪᠴᠤ᠂ ᠮᠠᠯᠴᠢᠳ ᠨᠢ ᠬᠡᠵᠢᠶ᠎ᠡ ᠱᠦᠯᠦ ᠤᠤᠭᠤᠵᠤ ᠬᠡᠵᠢᠶ᠎ᠠ ᠵᠦᠭᠡᠭᠡᠢ ᠳᠠᠯᠪᠢᠨ᠎ᠠ ᠭᠡᠳᠡᠭ ᠢᠶᠠᠨ ᠮᠠᠯ ᠤᠨ ᠢᠶᠠᠨ | ᠠᠰᠢᠬ ᠦᠭᠭᠦᠭᠡᠵᠢ ᠪᠠᠷ ᠳᠤᠭᠳᠠᠭᠠᠵᠤ ᠪᠠᠷᠢᠵᠤ ᠳᠡᠶᠢᠯᠦᠨ᠎ᠠ︾ ᠭᠡᠳᠡᠭ ᠪᠤᠯ ᠤᠯᠠᠮᠵᠢᠯᠠᠯᠳᠤ ᠨᠡᠭᠦᠳᠡᠯ ᠮᠠᠯᠵᠢᠯ | ᠠᠮᠢᠳᠤᠷᠠᠯ ᠤᠨ ᠪᠠᠶᠢᠭᠠᠯᠢ ᠳᠠᠭᠠᠨ ᠡᠨᠡᠭᠰᠢᠭᠰᠡᠨ ᠨᠢᠭᠡ ᠳᠠᠯ᠎ᠠ ᠶᠢ ᠬᠠᠷᠠᠭᠤᠯᠳᠠᠭ ᠢᠶᠠᠷ ᠪᠠᠷᠠᠬᠤ ᠦᠭᠡᠢ᠂ ᠮᠠᠯ ᠪᠠ | ᠮᠠᠯᠴᠢᠨ ᠤ ᠬᠤᠭᠤᠷᠤᠨᠳᠤᠬᠢ ᠢᠳᠡᠰᠢ ᠶᠢᠨ ᠬᠢᠨᠵᠢ — ᠡᠷᠡᠭᠦᠯ ᠠᠮᠢᠳᠤᠷᠠᠯ ᠤᠨ ᠪᠠᠶᠢᠭᠠᠯᠢ ᠶᠢᠨ ᠵᠢᠮ᠎ᠠ ᠶᠤᠰᠤ ᠶᠢ | ᠬᠠᠷᠠᠭᠤᠯᠵᠤ ᠪᠠᠶᠢᠳᠠᠭ᠃ ᠦᠩᠭᠡᠷᠡᠭᠰᠡᠨ ᠳᠤ᠂ ᠪᠦᠷ ᠬᠠᠪᠤᠷ ᠤᠨ ᠳᠦᠯ ᠳᠤᠰᠳᠠᠭ ᠪᠠᠶᠢᠬᠰᠠᠨ᠃ ᠡᠨᠡ ᠨᠢ ᠵᠦᠪᠬᠡᠨ | ︽ᠳᠡᠭᠷᠢ ᠶᠢᠨ ᠴᠢᠷᠠᠢ ᠬᠠᠷᠠᠭᠰᠠᠨ︾ ᠳᠡᠳᠦᠢ ᠪᠢᠰᠢ᠂ ᠬᠠᠷᠢᠨ ᠪᠠᠶᠢᠭᠠᠯᠢ ᠤᠷᠴᠢᠨ ᠳᠠᠭᠠᠨ ᠵᠤᠬᠢᠴᠠᠭᠰᠠᠨ᠂ ᠪᠠᠶᠢᠭᠠᠯᠢ | ᠤᠷᠴᠢᠨ ᠤ ᠰᠢᠮ᠎ᠠ ᠦᠭᠭᠦᠭᠡᠵᠢ ᠳᠡᠭᠡᠨ ᠨᠡᠶᠢᠴᠡᠭᠦᠯᠦᠭᠰᠡᠨ ᠶᠠᠪᠤᠳᠠᠯ ᠪᠠᠶᠢᠵᠤ᠂ ᠨᠤᠳᠤᠭ ᠪᠡᠯᠴᠢᠭᠡᠷ ᠤᠨ ᠠᠮᠢ | ᠠᠬᠤᠢ ᠪᠠᠨ ᠬᠠᠷᠠᠭᠠᠯᠵᠠᠵᠤ ᠪᠠᠶᠢᠳᠠᠭ᠃ ᠮᠦᠨ ᠴᠤ ᠮᠠᠯᠴᠢᠳ ᠲᠠᠭᠠᠨ ︽ᠬᠡᠮᠵᠢᠶ᠎ᠠ ᠨᠢ ᠪᠠᠭ᠎ᠠ ᠴᠤ᠂ ᠴᠢᠨᠠᠷ ᠰᠢᠮ᠎ᠠ | ᠰᠠᠶᠢᠳᠠᠢ ᠬᠦᠨᠡᠰᠦ︾ ᠬᠠᠩᠭᠠᠵᠤ ᠪᠠᠶᠢᠳᠠᠭ᠃ ᠰᠡᠭᠦᠯ ᠤᠨ ᠦᠶ᠎ᠠ ᠳᠤ᠂ ᠡᠪᠦᠯ ᠤᠨ ᠳᠦᠯ ᠳᠤᠰᠬᠤ ᠪᠤᠯᠤᠭᠰᠠᠨ᠃ | ᠡᠨᠡ ᠨᠢ ᠪᠠᠶᠢᠭᠠᠯᠢ ᠤᠷᠴᠢᠨ ᠤ ᠮᠠᠭᠤᠳᠠᠯ ᠲᠠᠢ ᠬᠤᠯᠪᠤᠭ᠎ᠠ ᠲᠠᠢ᠃ ᠨᠡᠩ ᠴᠤ ᠬᠦᠮᠦᠨ ᠤ ᠢᠳᠡᠰᠢ ᠬᠦᠨᠡᠰᠦᠨ ᠤ | ᠬᠡᠷᠡᠭᠴᠡᠭᠡ ᠨᠡᠮᠡᠭᠳᠡᠭᠰᠡᠨ ᠳᠤ ᠵᠤᠬᠢᠴᠠᠭᠤᠯᠤᠨ᠂ ᠪᠤᠷᠳᠤᠵᠤ ᠳᠦᠷᠭᠡᠨ ᠳᠠᠷᠭᠤᠯᠠᠭᠤᠯᠵᠤ ᠤᠬᠤᠷᠬᠠᠨ | ᠬᠤᠭᠤᠴᠠᠭᠠᠨ ᠳᠤ ᠭᠠᠷᠭᠠᠵᠤ ᠤᠷᠤᠯᠭ᠎ᠠ ᠪᠠᠨ ᠨᠡᠮᠡᠭᠳᠡᠭᠦᠯᠬᠦ ᠠᠵᠠ ᠳᠤᠬᠢᠶᠠᠯ ᠢ ᠰᠡᠷᠭᠡᠭ ᠢᠶᠠᠷ ᠳᠠᠨᠢᠬᠰᠠᠨ ᠶᠠᠪᠤᠳᠠᠯ | ᠪᠤᠯᠤᠨ᠎ᠠ᠃ | ᠬᠠᠪᠤᠷ ᠤᠨ ᠳᠦᠯ ᠨᠢ ᠠᠮᠢ ᠠᠬᠤᠢ ᠳᠠᠭᠠᠨ ᠦᠢᠯᠡᠴᠢᠯᠡᠵᠦ᠂ ᠰᠠᠶᠢᠨ ᠴᠢᠨᠠᠷ ᠤᠨ ᠬᠦᠨᠡᠰᠦᠨ ᠤ ᠬᠤᠪᠢ ᠳᠤ | ᠦᠨ᠎ᠠ ᠳᠤ ᠬᠦᠷᠪᠡᠯ᠂ ᠡᠪᠦᠯ ᠤᠨ ᠳᠦᠯ ᠨᠢ ᠳᠡᠵᠢᠭᠡᠯ ᠪᠤᠷᠳᠤᠭᠠᠨ ᠳᠤ ᠳᠦᠰᠢᠵᠦ ︽ᠬᠡᠮᠵᠢᠶ᠎ᠠ ᠪᠠᠷ ᠶᠡᠭᠡ᠂ | ᠭᠠᠷᠭᠠᠯᠳᠠ ᠨᠢ ᠳᠦᠷᠭᠡᠨ︾ ᠪᠠᠶᠢᠳᠠᠭ ᠢᠶᠠᠷ ᠢᠶᠠᠨ ᠵᠠᠬ᠎ᠠ ᠳᠡᠯᠭᠡᠭᠦᠷ ᠲᠤ ᠵᠠᠢ ᠠᠪᠴᠤ᠂ ᠮᠠᠯᠴᠢᠳ ᠤᠨ ᠤᠷᠤᠯᠭ᠎ᠠ ᠪᠠᠨ | ᠨᠡᠮᠡᠭᠳᠡᠭᠦᠯᠵᠦ ᠳᠡᠶᠢᠯᠪᠡᠯ᠂ ᠮᠠᠯᠵᠢᠬᠤ ᠤᠷᠤᠨ ᠤ ᠬᠤᠶᠠᠷ ᠡᠰᠢᠴᠢᠯᠡᠭᠰᠡᠨ ᠦᠨᠳᠦᠰᠦᠨ ᠵᠠᠬᠪᠤᠷ ᠪᠦᠷᠢᠯᠳᠦᠬᠦ ᠨᠢ ᠳᠡᠷᠡ | ᠃ ︽ᠳᠦᠪ ᠤᠨ ᠨᠢᠭᠡᠳᠦᠭᠡᠷ ᠳᠤᠭᠠᠳᠤ ᠪᠢᠴᠢᠭ ᠮᠠᠲ᠋ᠧᠷᠢᠶᠠᠯ︾ ᠳᠤ᠂ ︽ᠤᠨᠴᠠᠯᠢᠬᠳᠤ ᠳᠠᠷᠢᠶᠠᠯᠠᠩ ᠤᠨ | ᠪᠦᠲᠦᠭᠡᠭᠳᠡᠭᠦᠨ ︵ᠮᠠᠯ ᠤᠨ ᠠᠰᠢᠬ ᠰᠢᠮ᠎ᠠ ᠶᠢᠨ︶ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ︵ᠮᠠᠯ ᠤᠨ ᠠᠰᠢᠬ ᠰᠢᠮ᠎ᠠ ᠶᠢᠨ︶ ᠤ ᠭᠠᠵᠠᠷ ᠵᠦᠢ ᠶᠢᠨ | ᠢᠯᠡᠷᠭᠡᠶᠢᠯᠡᠯᠳᠤ ᠳᠡᠮᠳᠡᠭ ᠪᠠ ᠳᠠᠸᠠᠷ ᠤᠨ ᠳᠡᠮᠳᠡᠭ ᠤᠨ ᠬᠠᠮᠠᠭᠠᠯᠠᠯᠳᠠ ᠶᠢ ᠴᠢᠩᠭᠠᠳᠬᠠᠵᠤ᠂ ᠨᠢᠭᠡ ᠪᠦᠯᠦᠭ ︿ | ᠨᠤᠳᠤᠭ ᠤᠨ ᠳᠡᠮᠳᠡᠭᠳᠦ﹀ ᠪᠦᠬᠦᠢ ᠤᠨᠴᠠᠯᠢᠬᠳᠤ ᠪᠦᠲᠦᠭᠡᠭᠳᠡᠭᠦᠨ ᠤ ᠳᠦᠷᠦᠯ ᠳᠡᠮᠳᠡᠭ ᠢ ᠠᠯᠳᠠᠷᠰᠢᠭᠤᠯᠤᠨ᠎ᠠ᠃ | ᠬᠤᠰᠢᠭᠤ ᠰᠢᠶᠡᠨ ᠢᠶᠠᠷ ᠢᠶᠠᠨ ᠳᠦᠪ ︵ᠪᠤᠶᠤ ᠨᠢᠭᠡᠴᠢ︶ ᠪᠤᠯᠭᠠᠬᠰᠠᠨ ᠭᠤᠤᠯ ᠭᠠᠷᠤᠯᠳᠠ ᠶᠢᠨ ᠤᠷᠤᠨ ᠤ | ᠳᠠᠷᠢᠶᠠᠯᠠᠩ ᠤᠨ ᠪᠦᠲᠦᠭᠡᠭᠳᠡᠭᠦᠨ ︵ᠮᠠᠯ ᠤᠨ ᠠᠰᠢᠬ ᠰᠢᠮ᠎ᠠ ᠶᠢᠨ︶ ᠢ ᠡᠳ᠋ᠰᠢᠭᠦᠯᠦᠨ ᠪᠤᠯᠪᠠᠰᠤᠷᠠᠭᠤᠯᠬᠤ ᠠᠵᠤ | ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠳᠡᠮᠵᠢᠨ᠎ᠠ᠃ ᠨᠢᠭᠡ ᠪᠦᠯᠦᠭ ᠳᠠᠷᠢᠶᠠᠯᠠᠩ ᠤᠨ ᠪᠦᠲᠦᠭᠡᠭᠳᠡᠭᠦᠨ ︵ | ᠮᠠᠯ ᠤᠨ ᠠᠰᠢᠬ ᠰᠢᠮ᠎ᠠ ᠶᠢᠨ︶ ᠤ ᠳᠤᠰᠬᠠᠢ ᠳᠤᠰᠬᠤᠨ ᠪᠠᠯᠭᠠᠰᠤ ᠪᠠ ᠡᠳ᠋ᠰᠢᠭᠦᠯᠭᠦ ᠬᠦᠴᠦᠷᠭᠡᠭ ᠰᠢᠶᠡᠨ ᠢ | ᠪᠠᠶᠢᠭᠤᠯᠤᠨ᠎ᠠ᠃︾ ᠭᠡᠵᠦ ᠳᠤᠷᠠᠳᠤᠭᠰᠠᠨ ᠪᠠᠶᠢᠨ᠎ᠠ᠃ ᠮᠠᠨ ᠤ ᠤᠷᠤᠨ ᠤ ︽ᠬᠤᠶᠠᠷ ᠬᠤᠷᠠᠯ︾ ᠳᠤ᠂ ᠮᠠᠯᠵᠢᠬᠤ | ᠲᠠᠷᠢᠶᠡᠯᠠᠬᠤ ᠤᠷᠤᠨ ᠤ ᠴᠢᠨᠠᠷ ᠰᠠᠶᠢᠳᠠᠢ ᠬᠦᠭᠵᠢᠯᠳᠡ ᠳᠤ ︽ᠰᠢᠯᠢ ᠶᠢᠨ ᠭᠤᠤᠯ ᠤᠨ ᠬᠤᠨᠢ︾᠂ ︽ᠬᠤᠷᠴᠢᠨ ᠤ | ᠦᠭᠡᠷ︾ ᠁ ᠬᠤᠪᠢ ᠨᠡᠮᠡᠷᠢᠯᠡᠬᠦ ᠪᠤᠯᠤᠨ᠎ᠠ ᠭᠡᠰᠠᠨ ᠨᠢ ᠴᠤ ᠮᠠᠨ ᠤ ᠤᠷᠤᠨ ᠤ ᠠᠮᠢ ᠠᠬᠤᠢ ᠶᠢᠨ ᠴᠢᠬᠤᠯᠠ | ᠬᠤᠷᠢᠭ᠎ᠠ ᠱᠤᠭᠤᠮ ᠢᠶᠠᠨ ᠪᠠᠷᠢᠵᠤ ᠬᠦᠭᠵᠢᠯᠳᠡ ᠪᠠᠨ ᠰᠢᠨᠵᠢᠯᠡᠬᠦ ᠤᠬᠠᠭᠠᠨᠴᠢ ᠪᠠᠷ ᠵᠢᠷᠤᠭ ᠳᠦᠯᠦᠪᠯᠡᠵᠦ ᠪᠠᠶᠢᠭ᠎ᠠ | ᠶᠠᠪᠤᠳᠠᠯ ᠪᠤᠯᠪᠠᠤ᠃ ᠪᠤᠷᠳᠤᠨ ᠳᠠᠷᠭᠤᠯᠠᠭᠤᠯᠤᠭᠰᠠᠨ ᠮᠠᠯ ᠤᠨ ᠠᠰᠢᠬ ᠰᠢᠮ᠎ᠠ ᠨᠢ ᠬᠦᠨᠡᠰᠦᠨ ᠤ ᠳᠦᠪᠰᠢᠨ ᠳᠤ | ᠪᠠᠶᠢᠳᠠᠭ ᠪᠤᠯ ᠵᠢᠩᠭᠢᠨᠢ ᠤᠳᠬ᠎ᠠ ᠴᠢᠨᠠᠷ ᠪᠦᠬᠦᠢ ᠪᠡᠯᠴᠢᠭᠡᠷ ᠤᠨ ᠮᠠᠯ ᠤᠨ ᠠᠰᠢᠬ ᠰᠢᠮ᠎ᠠ ᠨᠢ ᠡᠷᠡᠭᠦᠯᠵᠢᠯ ᠤᠨ | ᠢᠳᠡᠭᠡᠨ ᠤ ᠳᠦᠪᠰᠢᠨ ᠳᠤ ᠪᠠᠶᠢᠳᠠᠭ ᠢ ᠬᠦᠮᠦᠰ ᠮᠡᠳᠡᠵᠦ ᠪᠠᠶᠢᠬᠤ ᠳᠠᠭᠠᠨ ᠯᠡ ᠳᠠᠭᠠᠷᠠᠨ᠎ᠠ᠃ | ᠢᠷᠡᠯᠲᠡ᠄ ᠠᠯᠠᠱᠨ ᠠᠶᠢᠮᠠᠭ ᠤᠨ ᠵᠠᠬᠢᠷᠭ᠎ᠠ ᠶᠢᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ | |