| 3 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ | ᠪᠣᠯᠣᠨ ᠤᠯᠠᠭᠠᠨᠴᠠᠪ ᠬᠤᠲᠠ ᠶᠢᠨ ᠵᠧᠩ ᠬᠤᠸ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠠᠮᠲᠤᠪᠠᠷ ᠪᠡᠯᠡ ᠭᠠᠷᠭᠠᠵᠤ ᠪᠦᠲᠦᠭᠡᠨ ᠪᠠᠶᠢᠭᠤᠯᠤᠭᠰᠠᠨ ᠬᠤᠸᠠᠳᠧ ᠰᠢᠶᠠᠨ ᠤ 100 ᠲᠦᠮᠡᠨ | ᠺᠢᠯᠣᠸᠠᠲ ᠤᠨ ᠭᠡᠷᠡᠯ ᠰᠠᠯᠬᠢᠨ ᠤ ᠨᠥᠭᠡᠴᠡ ᠶᠢᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ᠃ | | | | | | | | ᠲᠡᠭᠷᠢ ᠴᠡᠯᠮᠡᠭᠰᠢᠵᠦ᠂ ᠥᠩᠭᠡᠲᠦ ᠲᠤᠭ ᠰᠠᠯᠬᠢᠨ ᠤ ᠠᠶ᠎ᠠ ᠪᠠᠷ ᠨᠠᠮᠢᠷᠠᠨ ᠳᠡᠷᠪᠡᠯᠵᠡᠵᠦ᠂ ᠪᠠᠷᠢᠯᠭ᠎ᠠ ᠶᠢᠨ ᠮᠠᠰᠢᠨ | ᠮᠧᠬᠠᠨᠢᠭ ︽ᠰᠡᠬᠦᠶᠢᠨ ᠰᠦᠨᠳᠡᠷᠯᠡᠵᠦ︾᠂ ᠪᠠᠷᠢᠯᠭ᠎ᠠ ᠳᠤ ᠣᠷᠣᠯᠴᠠᠭᠰᠠᠨ ᠨᠢᠭᠡᠴᠡ ᠵᠢᠭᠰᠠᠭᠠᠯ ᠢᠶᠠᠨ ᠴᠢᠩᠭ᠎ᠠ ᠰᠠᠬᠢᠵᠤ᠂ | ᠥᠩᠭᠡᠲᠦ ᠲᠣᠣᠵᠠ ᠬᠡᠶᠢᠰᠬᠦ ᠶᠢ ᠳᠠᠭᠠᠯᠳᠤᠨ᠂ ᠶᠣᠰᠣᠯᠠᠯ ᠤᠨ ᠫᠤᠤ ᠴᠢᠬᠢ ᠳᠣᠷᠭᠢᠭᠤᠯᠵᠤ — ᠥᠪᠥᠷ | ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠤᠸᠠᠳᠧ ᠰᠢᠶᠠᠨ ᠤ 100 ᠲᠦᠮᠡᠨ ᠺᠢᠯᠣᠸᠠᠲ ᠤᠨ ᠭᠡᠷᠡᠯ ᠰᠠᠯᠬᠢᠨ ᠤ | ᠨᠥᠭᠡᠴᠡ ᠶᠢᠨ ᠲᠦᠷᠦᠯ ᠵᠦᠢᠯ ᠢ ᠵᠢᠩᠬᠢᠨᠢ ᠪᠠᠷ ᠡᠬᠢᠯᠡᠭᠦᠯᠪᠡ᠂ ᠡᠨᠡ ᠨᠢ ᠬᠤᠸᠠᠳᠧ ᠰᠢᠶᠠᠨ ᠤ ᠪᠣᠬᠢᠷᠳᠤᠯ ᠦᠭᠡᠢ | ᠬᠥᠭᠵᠢᠯᠲᠡ ᠪᠣᠯᠣᠨ ᠡᠨᠧᠷᠭᠢ ᠶᠢᠨ ᠪᠣᠬᠢᠷᠳᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠭᠠᠵᠠᠷ | ᠣᠷᠣᠨ ᠤ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠰᠢᠨ᠎ᠡ ᠠᠯᠬᠤᠮ ᠢ ᠠᠯᠬᠤᠭᠰᠠᠨ ᠢ | ᠬᠠᠷᠠᠭᠤᠯᠵᠤ ᠪᠠᠶᠢᠨ᠎ᠠ᠃ | ᠲᠥᠷᠥᠯ ᠵᠦᠢᠯ ᠤᠨ ᠦᠢᠯᠡᠳᠪᠦᠷᠢ ᠶᠢᠨ ᠬᠠᠶ᠋ᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠬᠢᠯᠢ ᠳᠤ ᠪᠠᠶᠢᠵᠤ᠂ ᠵᠡᠭᠦᠨ ᠬᠤᠶᠢᠰᠢ ᠪᠠᠨ ᠬᠤᠸᠠᠳᠧ ᠰᠢᠶᠠᠨ ᠤ | ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠴᠠᠩᠱᠦ᠋ᠨ ᠪᠠᠯᠭᠠᠰᠤ ᠠᠴᠠ ᠪᠠᠷᠤᠭ 55km ᠵᠠᠶᠢᠲᠠᠢ ᠪᠠᠶᠢᠳᠠᠭ᠃ | ᠲᠥᠷᠥᠯ ᠵᠦᠢᠯ ᠤᠨ ᠲᠥᠯᠥᠪᠵᠢᠭᠦᠯᠦᠭᠰᠡᠨ ᠡᠭᠦᠷᠢᠳᠡ ᠭᠠᠵᠠᠷ ᠲᠠᠲᠠᠪᠤᠷᠢᠯᠠᠬᠤ ᠲᠠᠯᠠᠪᠠᠶ ᠨᠢ 66.5742 ᠾᠧᠺᠲ᠋ᠠᠷ | ᠪᠠᠶᠢᠵᠤ᠂ ᠲᠦᠷ ᠴᠠᠭ 365.8794 ᠾᠧᠺᠲ᠋ᠠᠷ ᠭᠠᠵᠠᠷ ᠡᠵᠡᠯᠡᠵᠦ᠂ ᠲᠥᠷᠥᠯ ᠵᠦᠢᠯ ᠤᠨ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 1000MW ᠪᠠᠶᠢᠵᠤ᠂ ᠡᠭᠦᠨ ᠳᠤ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 800MW ᠪᠠᠶᠢᠵᠤ᠂ ᠲᠠᠩ ᠮᠠᠰᠢᠨ ᠤ ᠪᠠᠭᠲᠠᠭᠠᠮᠵᠢ ᠨᠢ | 6700kW ᠵᠢᠴᠢ ᠲᠡᠭᠦᠨ ᠠᠴᠠ ᠳᠡᠭᠡᠭᠰᠢᠬᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢ ᠬᠡᠷᠡᠭᠯᠡᠬᠦ ᠪᠠᠷ ᠪᠣᠶ᠂ ᠨᠡᠶᠢᠲᠡ 107 ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢ ᠬᠡᠷᠡᠭᠯᠡᠬᠦ ᠪᠠᠷ ᠪᠣᠶ᠂ ᠬᠡᠷᠡᠯ ᠴᠡᠨᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠨᠢ 200MW ᠪᠠᠶᠢᠵᠤ᠂ ᠨᠡᠶᠢᠲᠡ 46 ᠲᠣᠭᠲᠠᠮᠠᠯ ᠲᠤᠯᠭᠠᠭᠤᠷᠢ ᠶᠢᠨ ᠬᠤᠪᠢᠶᠠᠷᠢ ᠲᠣᠭᠤᠷᠢᠭ ᠢ | ᠪᠠᠶᠢᠭᠤᠯᠵᠤ᠂ ︽ᠬᠡᠰᠡᠭ ᠬᠤᠪᠢᠶᠠᠨ ᠴᠠᠬᠢᠯᠭᠠᠨ ᠭᠠᠷᠭᠠᠬᠤ᠂ ᠲᠥᠪᠯᠡᠷᠡᠭᠦᠯᠦᠨ ᠲᠣᠣᠷ ᠲᠤ ᠨᠡᠶᠢᠯᠡᠭᠦᠯᠬᠦ︾ ᠵᠢᠷᠤᠭ | ᠲᠥᠯᠥᠪᠯᠡᠭᠡ ᠶᠢᠨ ᠲᠥᠰᠥᠯ ᠢ ᠬᠡᠷᠡᠭᠯᠡᠨ ᠢᠵᠢ ᠪᠦᠷᠢᠳᠦᠭᠦᠯᠦᠭᠰᠡᠨ ᠡᠨᠧᠷᠭᠢ ᠬᠠᠳᠠᠭᠠᠯᠠᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ150MW/300MWh(2 ᠴᠠᠭ) ᠃ | 220kV ᠬᠦᠴᠦᠳᠡᠯ ᠳᠡᠭᠡᠭᠰᠢᠯᠡᠭᠦᠯᠬᠦ ᠦᠷᠳᠡᠭᠡ ᠶᠢ ᠰᠢᠨ᠎ᠡ ᠪᠠᠷ 2 ᠪᠠᠶᠢᠭᠤᠯᠵᠤ᠂ ᠵᠡᠭᠦᠨ ᠲᠣᠭᠤᠷᠢᠭ ᠤᠨ | ᠬᠦᠴᠦᠳᠡᠯ ᠳᠡᠭᠡᠭᠰᠢᠯᠡᠭᠦᠯᠬᠦ ᠦᠷᠳᠡᠭᠡ︵ᠵᠢᠵᠢᠭᠦᠷ ᠲᠠᠢ ᠪᠠᠶᠢᠬᠤ ᠦᠷᠳᠡᠭᠡ︶ ᠪᠠ ᠪᠠᠷᠠᠭᠤᠨ ᠲᠣᠭᠤᠷᠢᠭ ᠤᠨ ᠬᠦᠴᠦᠳᠡᠯ | ᠳᠡᠭᠡᠭᠰᠢᠯᠡᠭᠦᠯᠬᠦ ᠦᠷᠳᠡᠭᠡ︵ᠵᠢᠵᠢᠭᠦᠷ ᠤᠨ ᠬᠥᠮᠥᠨ ᠦᠭᠡᠢ ᠦᠷᠳᠡᠭᠡ︶ ᠶᠢ ᠲᠤᠰ ᠲᠤᠰ ᠪᠠᠶᠢᠭᠤᠯᠵᠤ᠂ ᠵᠡᠭᠦᠨ | ᠲᠣᠭᠤᠷᠢᠭ ᠤᠨ ᠬᠦᠴᠦᠳᠡᠯ ᠳᠡᠭᠡᠭᠰᠢᠯᠡᠭᠦᠯᠬᠦ ᠦᠷᠳᠡᠭᠡ ᠶᠢ ᠭᠠᠭᠴᠠ ᠲᠠᠯ᠎ᠠ ᠶᠢᠨ 220kV ᠱᠤᠭᠤᠮ ᠢᠶᠠᠷ ᠺᠠᠩ | ᠳ᠋ᠧ ᠤᠨ 500kV ᠬᠦᠴᠦᠳᠡᠯ ᠥᠭᠡᠷᠡᠴᠢᠯᠡᠬᠦ ᠦᠷᠳᠡᠭᠡ ᠶᠢᠨ 220kV ᠲᠠᠯ᠎ᠠ ᠳᠤ ᠵᠠᠯᠭᠠᠵᠤ᠂ ᠪᠠᠷᠠᠭᠤᠨ | ᠲᠣᠭᠤᠷᠢᠭ ᠤᠨ ᠬᠦᠴᠦᠳᠡᠯ ᠳᠡᠭᠡᠭᠰᠢᠯᠡᠭᠦᠯᠬᠦ ᠦᠷᠳᠡᠭᠡ ᠶᠢ ᠭᠠᠭᠴᠠ ᠲᠠᠯ᠎ᠠ ᠶᠢᠨ 220kV ᠱᠤᠭᠤᠮ ᠢᠶᠠᠷ ᠳ᠋ᠧ | ᠢ ᠶᠢᠨ 500kV ᠬᠦᠴᠦᠳᠡᠯ ᠥᠭᠡᠷᠡᠴᠢᠯᠡᠬᠦ ᠦᠷᠳᠡᠭᠡ ᠶᠢᠨ 220kV ᠲᠠᠯ᠎ᠠ ᠳᠤ ᠵᠠᠯᠭᠠᠵᠤ᠂ ᠳᠠᠮᠵᠢᠭᠤᠯᠬᠤ | ᠱᠤᠭᠤᠮ ᠤᠨ ᠬᠡᠯᠪᠡᠷᠢ ᠮᠠᠶ᠋ᠢᠭ ᠨᠢ ᠴᠥᠮ JL/GIA-2×400 ᠪᠠᠶᠢᠵᠤ᠂ ᠱᠤᠭᠤᠮ ᠤᠨ ᠪᠦᠬᠦ ᠤᠷᠳᠤ ᠶᠢᠨ | ᠬᠡᠮᠵᠢᠶ᠎ᠡ ᠨᠢ ᠪᠠᠷᠤᠭ 2×60km ᠪᠣᠯᠣᠨ᠎ᠠ᠃ | ᠥᠪᠥᠷ ᠮᠣᠩᠭᠤᠯ ᠤᠨ ᠬᠤᠸᠠᠳᠧ ᠶᠢᠨ ᠮᠧᠩ ᠨᠧᠩ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠶᠢᠨ | ᠳᠡᠳ᠋ ᠶᠡᠷᠦᠩᠬᠡᠢ ᠳᠠᠭᠠᠭᠠᠮᠠᠯ ᠦ᠋ ᠶᠢᠨ ᠶᠠᠩ ᠢᠯᠡᠷᠬᠡᠶᠢᠯᠡᠬᠦ ᠳᠡᠭᠡᠨ᠂ ᠬᠤᠸᠠᠳᠧ ᠰᠢᠶᠠᠨ ᠤ 100 ᠲᠦᠮᠡᠨ | ᠺᠢᠯᠣᠸᠠᠲ ᠤᠨ ᠭᠡᠷᠡᠯ ᠰᠠᠯᠬᠢᠨ ᠤ ᠨᠥᠭᠡᠴᠡ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 51 | ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ | ᠪᠣᠯᠣᠨ ᠤᠯᠠᠭᠠᠨᠴᠠᠪ ᠬᠤᠲᠠ ᠶᠢᠨ ᠵᠧᠩ ᠬᠤᠸ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠠᠴᠠ ᠬᠠᠮᠲᠤᠪᠠᠷ ᠪᠡᠯᠡ ᠭᠠᠷᠭᠠᠨ ᠪᠦᠲᠦᠭᠡᠨ ᠪᠠᠶᠢᠭᠤᠯᠵᠤ ︵ᠰᠲ᠋ᠣᠺ ᠤᠨ ᠬᠤᠪᠢ ᠶᠢᠨ ᠬᠠᠷᠢᠴᠠᠯ ᠨᠢ | 80%᠄ 20%︶᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠬᠤᠸᠠᠳᠧ ᠶᠢᠨ ᠮᠧᠩ ᠨᠧᠩ ᠡᠨᠧᠷᠭᠢ ᠶᠢᠨ | ᠬᠢᠵᠠᠭᠠᠷᠲᠤ ᠺᠣᠮᠫᠠᠨᠢ ᠶᠢ ᠬᠠᠮᠲᠤᠪᠠᠷ ᠪᠠᠶᠢᠭᠤᠯᠵᠤ᠂ ᠲᠥᠷᠥᠯ ᠵᠦᠢᠯ ᠤᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠪᠠ ᠡᠵᠡᠩᠨᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ | ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 24.97 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ ᠪᠠᠷᠤᠭ 88 ᠲᠦᠮᠡᠨ ᠲᠣᠨ ᠠᠷᠪᠢᠯᠠᠵᠤ᠂ ᠵᠢᠯ ᠪᠦᠷᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ 253.3 ᠲᠦᠮᠡᠨ ᠲᠣᠨ ᠪᠠᠭᠠᠰᠬᠠᠵᠤ᠂ 267.1 ᠲᠣᠨ ᠣᠲᠤᠭ᠎ᠠ | ᠲᠣᠭᠤᠰᠣ ᠭᠠᠳᠠᠭᠰᠢᠯᠠᠬᠤ ᠶᠢ ᠪᠠᠭᠠᠰᠬᠠᠵᠤ ᠂ ᠬᠦᠬᠦᠷ ᠤᠨ ᠳᠠᠪᠬᠤᠷ ᠢᠰᠦᠯ ᠢ 890 ᠲᠣᠨ ᠪᠠᠭᠠᠰᠬᠠᠨ᠎ᠠ᠂ ᠲᠣᠰ | ᠲᠥᠷᠥᠯ ᠵᠦᠢᠯ ᠵᠢᠱᠢᠯᠲᠡ ᠪᠠᠷ 2023 ᠣᠨ ᠤ 12 ᠰᠠᠷ᠎ᠠ ᠳᠤ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠬᠤᠸᠠᠳᠧ ᠶᠢᠨ ᠪᠣᠬᠢᠷᠳᠤᠯ ᠦᠭᠡᠢ ᠬᠥᠭᠵᠢᠯᠲᠡ ᠪᠠ ᠡᠨᠧᠷᠭᠢ ᠶᠢᠨ | ᠪᠣᠬᠢᠷᠳᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠬᠦᠴᠦᠲᠡᠢ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠬᠦ | ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃ | ᠥᠷᠭᠡᠨ ᠠᠭᠤᠳᠠᠮ ᠬᠤᠸᠠᠳᠧ ᠰᠢᠶᠠᠨ ᠤ ᠠᠭᠤᠯᠠ ᠤᠰᠤ ᠬᠠᠪᠤᠷ ᠤᠨ ᠤᠷᠢᠬᠠᠨ ᠰᠠᠯᠬᠢ ᠰᠡᠩᠭᠢᠨᠡᠵᠦ᠂ ᠠᠷᠢᠭᠤᠨ | ᠴᠡᠪᠡᠷ ᠰᠢᠨ᠎ᠡ ᠡᠨᠧᠷᠭᠢ ᠶᠢᠨ ᠭᠡᠷᠡᠯ ᠰᠠᠯᠬᠢᠨ ᠤ ᠴᠠᠬᠢᠯᠭᠠᠨ ᠳᠠᠬᠢᠨᠲᠠ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠨᠢ | ᠪᠦᠲᠦᠭᠡᠨ ᠪᠠᠶᠢᠭᠤᠯᠤᠯᠲᠠ ᠶᠢᠨ ᠨᠢᠭᠡᠴᠡ ᠲᠠᠢ ᠬᠠᠮᠲᠤ ᠪᠠᠷ ᠵᠢᠷᠤᠭ ᠲᠥᠯᠥᠪᠯᠡᠭᠡ ᠶᠢᠨ ᠨᠢᠭᠡᠴᠡ᠂ ᠪᠠᠷᠢᠯᠭ᠎ᠠ ᠶᠢᠨ | ᠨᠢᠭᠡᠴᠡ ᠵᠡᠷᠭᠡ ᠶᠢ ᠨᠢᠭᠡᠳᠦᠯᠲᠡᠢ ᠲᠥᠯᠥᠪᠯᠡᠵᠦ᠂ ᠲᠦᠷᠦᠯ ᠵᠦᠢᠯ ᠢ ᠦᠷᠭᠦᠯᠵᠢᠯᠡᠨ ᠠᠬᠢᠭᠤᠯᠬᠤ ᠶᠠᠪᠤᠴᠠ ᠳᠤ ᠪᠦᠬᠦ | ᠬᠦᠴᠦᠨ ᠢᠶᠠᠷ ᠢᠶᠠᠨ ᠣᠷᠣᠯᠴᠠᠵᠤ᠂ ︽ᠡᠬᠢᠯᠡᠯᠲᠡ ᠶᠢᠨ ᠬᠤᠭᠤᠴᠠᠭ᠎ᠠ ᠪᠣᠯ ᠰᠢᠢᠳᠪᠦᠷᠢᠲᠦ ᠳᠠᠶᠢᠯᠠᠯᠳᠤᠭᠠᠨ ᠪᠣᠯᠣᠨ᠎ᠠ᠂ | ᠡᠳᠦᠷ ᠪᠦᠷᠢ ᠵᠠᠩᠭᠢᠯᠠᠭ᠎ᠠ ᠶᠢᠨ ᠴᠡᠭ︾ ᠤᠨ ᠵᠠᠭᠪᠤᠷ ᠢᠶᠠᠷ ᠵᠢᠷᠤᠭ ᠡᠯᠭᠦᠨ ᠪᠠᠶᠢᠯᠳᠤᠵᠤ᠂ ᠠᠮᠤᠷ ᠲᠦᠪᠰᠢᠨ᠂ ᠶᠠᠰᠤ | ᠴᠢᠨᠠᠷ᠂ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ | ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ ᠲᠤᠷᠤᠨ᠎ᠠ ᠶᠢᠨ | ᠰᠠᠯᠬᠢᠨ ᠤ ᠡᠷᠴᠢᠨ ᠳᠡᠭᠡᠷ᠎ᠡ᠂ ᠬᠤᠸᠠᠳᠧ ᠶᠢᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ | ᠬᠥᠭᠵᠢᠯᠲᠡ︾ ᠳᠤ ᠲᠠᠬᠢᠨ ᠬᠦᠴᠦ ᠨᠡᠮᠡᠷᠢᠯᠡᠵᠦ ᠲᠠᠬᠢᠨ ᠡᠨᠧᠷᠭᠢ ᠣᠯᠭᠤᠨ᠎ᠠ᠃ | ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠰᠢᠶᠠᠨ ᠤ | ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠵᠢᠴᠢ ᠥᠪᠥᠷ ᠮᠣᠩᠭᠤᠯ ᠤᠨ ᠬᠤᠸᠠᠳᠧ ᠶᠢᠨ ᠮᠧᠩ ᠨᠧᠩ ᠡᠨᠧᠷᠭᠢ ᠶᠢᠨ | ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ᠂ ᠪᠠᠷᠢᠯᠭ᠎ᠠ ᠶᠢᠨ ᠦᠢᠯᠡᠰ ᠢ ᠪᠠᠶᠢᠭᠤᠯᠬᠤ ᠳᠤ ᠣᠷᠣᠯᠴᠠᠭᠰᠠᠨ | ᠪᠠᠶᠢᠭᠤᠯᠭ᠎ᠠ ᠨᠢᠭᠡᠴᠡ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | |