ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ 12.1 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/3/27
   3 ᠰᠠᠷ᠎ᠠ ᠶᠢᠨ 23  ᠤ ᠦᠳᠡ ᠶᠢᠨ ᠬᠤᠶᠢᠨ᠎ᠠ᠂ ᠬᠤᠸᠠᠳᠧ ᠰᠢᠶᠠᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ᠂ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠤᠯᠠᠨ ᠡᠯᠧᠮᠧᠨ᠋ᠲ ᠤᠨ ᠰᠢᠨ᠎ᠡ ᠬᠡᠯᠪᠡᠷᠢ ᠶᠢᠨ ᠮᠢᠺᠷᠣᠪ ᠤᠨ ᠬᠠᠶᠠᠭᠳᠠᠮᠠᠯ ᠡᠳ᠋ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠳᠤ ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃

0001.png

   ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠵᠠᠰᠠᠭ ᠤᠨ

ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠲᠤᠰ ᠲᠤᠰ ᠬᠤᠸᠠᠳᠧ ᠰᠢᠶᠠᠨ ᠤ ᠲᠢᠶᠠᠨ ᠴᠧᠩ ᠲᠡᠮᠦᠷ ᠤᠨ

ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤ᠂ ᠬᠤᠸᠠᠳᠧ ᠰᠢᠶᠠᠨ ᠤ ᠳ᠋ᠧ ᠯᠦᠩ

ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠰᠠᠨ ᠮᠦ ᠠᠮᠢ

ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠪᠠᠩ

ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠳ᠋ᠡ

ᠲᠢᠲ᠋ᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠ ᠴᠧᠨ ᠳᠠᠬᠢᠯᠲᠠ

ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠠ ᠲᠠᠩ

ᠯᠦᠩ ᠳ᠋ᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠬᠤᠸᠠᠳᠧ ᠰᠢᠶᠠᠨ ᠤ ᠵᠢᠶᠠ ᠮᠢᠩ ᠪᠣᠯᠣᠳ

ᠲᠡᠮᠦᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠨᠢᠩ ᠢᠯᠴᠢ ᠶᠢᠨ ᠴᠠᠬᠢᠯᠭᠠᠨ ᠤ

ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠠᠷᠠᠮᠥ᠋ᠷᠡᠨ ᠤ ᠳ᠋ᠧᠦ ᡁᠢ ᠶᠤᠸᠠᠨ ᠢᠳᠡᠭᠡᠨ ᠤ ᠬᠢᠵᠠᠭᠠᠷᠲᠤ ᠺᠣᠮᠫᠠᠨᠢ

ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠪᠠ᠃ ᠲᠥᠪᠯᠡᠷᠡᠭᠦᠯᠦᠨ ᠭᠡᠷ᠎ᠡ ᠲᠣᠭᠲᠠᠭᠰᠠᠨ ᠲᠥᠷᠥᠯ ᠵᠦᠢᠯ ᠳᠤ ᠨᠡᠶᠢᠲᠡ

12.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠬᠦ ᠪᠠᠷ ᠵᠢᠱᠢᠵᠦ ᠪᠣᠶ᠃

   ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠲᠦᠷᠦᠯ

ᠵᠦᠢᠯ ᠢ ᠨᠠᠶᠢᠳᠠᠪᠤᠷᠢᠵᠢᠭᠤᠯᠬᠤ ᠪᠠ ᠢᠷᠡᠭᠡᠳᠦᠢ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠲᠤᠬᠠᠢ

ᠰᠠᠨᠠᠯ ᠢᠶᠠᠨ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠵᠠᠢ ᠃

   ᠡᠦ · ᠴᠢᠯᠠᠭᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠭᠡᠷ᠎ᠡ

ᠲᠣᠭᠲᠠᠭᠰᠠᠨ ᠠᠷᠪᠠᠨ ᠠᠵᠤ ᠠᠬᠤᠶᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂

ᠲᠤᠰ ᠤᠳᠠᠭ᠎ᠠ ᠶᠢᠨ  ᠬᠤᠸᠠᠳᠧ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ

ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠵᠦ

ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠤᠸᠠᠳᠧ ᠶᠢᠨ ᠬᠥᠭᠵᠢᠯᠲᠡ ᠨᠢ ᠡᠯ᠎ᠡ ᠠᠵᠤ ᠠᠬᠤᠶᠢᠯᠠᠯ ᠤᠨ

ᠳᠡᠮᠵᠢᠯᠭᠡ ᠠᠴᠠ ᠰᠠᠯᠵᠤ ᠴᠢᠳᠠᠬᠤ ᠦᠭᠡᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ

ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠢ ᠬᠠᠯᠠᠮᠵᠢᠯᠠᠨ ᠳᠡᠮᠵᠢᠵᠦ᠂ ᠠᠵᠤ ᠠᠬᠤᠶᠢᠯᠠᠯ ᠳᠤ ᠰᠠᠶᠢᠨ

ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠳᠠᠪᠠᠭᠤᠯᠢᠭ ᠠᠵᠤ ᠦᠢᠯᠡᠰ ᠢ ᠲᠦᠪᠯᠡᠷᠡᠬᠦᠯᠦᠨ

︽ᠬᠡᠯᠬᠢᠶ᠎ᠡ ᠪᠠᠶᠢᠭᠤᠯᠬᠤ︾ ᠪᠠᠷ ᠳᠠᠮᠵᠢᠭᠤᠯᠵᠤ᠂ ᠵᠣᠬᠢᠴᠠᠩᠭᠤᠢ ᠬᠥᠭᠵᠢᠯᠲᠡ ᠶᠢᠨ︽ᠬᠡᠯᠬᠢᠶ᠎ᠡ ᠶᠢ ᠤᠷᠲᠤᠳᠬᠠᠬᠤ︾ ᠶᠢ

ᠠᠬᠢᠭᠤᠯᠵᠤ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ︽ᠬᠡᠯᠬᠢᠶ᠎ᠡ ᠶᠢ ᠨᠥᠬᠦᠪᠦᠷᠢᠯᠡᠬᠦ︾ ᠶᠢ

ᠠᠬᠢᠭᠤᠯᠵᠤ᠂ ᠬᠥᠭᠵᠢᠯᠲᠡ ᠶᠢᠨ ᠴᠢᠨᠠᠷ ᠰᠠᠶᠢᠲᠠᠢ ︽ᠬᠡᠯᠬᠢᠶ᠎ᠡ ᠶᠢ ᠴᠢᠩᠭᠠᠳᠬᠠᠬᠤ︾ ᠶᠢ ᠳᠡᠭᠡᠭᠰᠢᠯᠡᠭᠦᠯᠵᠦ᠂ ᠰᠢᠨ᠎ᠡ ᠶᠢ

ᠡᠭᠦᠳᠬᠦ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂

ᠬᠡᠯᠪᠡᠷᠢ ᠪᠠᠨ ᠬᠤᠪᠢᠷᠠᠭᠤᠯᠬᠤ ᠬᠥᠳᠡᠯᠭᠡᠭᠦ ᠬᠦᠴᠦᠨ ᠢ ᠪᠠᠳᠠᠷᠠᠭᠤᠯᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ

ᠬᠦᠴᠦᠷᠬᠡᠭᠵᠢᠭᠦᠯᠬᠦ ᠪᠠᠷ ᠴᠢᠷᠮᠠᠶᠢᠨ᠎ᠠ᠃ ᠲᠡᠷᠡ ᠪᠠᠰᠠ ᠂ ᠠᠵᠤ ᠠᠬᠤᠶᠢᠯᠠᠯ ᠤᠨ ᠬᠢᠨ ᠲᠦᠷᠦᠯ ᠵᠦᠢᠯ ᠢᠶᠠᠨ ᠲᠦᠷᠭᠡᠨ

ᠬᠥᠭᠵᠢᠭᠦᠯᠵᠦ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤᠪᠠᠷ ᠴᠣᠭᠴᠠᠯᠠᠬᠤ ᠶᠢ ᠬᠦᠰᠡᠪᠡ᠃

   ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂

ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠦᠢᠯᠡᠰ ᠤᠨ ᠬᠦᠷᠢᠶᠡᠯᠡᠩ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠥᠪ᠂ ᠴᠣᠣᠶᠠᠩ ᠪᠠᠯᠭᠠᠰᠤ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠦᠰᠦᠭ

ᠵᠢᠷᠤᠬᠤ ᠶᠣᠰᠣᠯᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2