ᠪᠡᠭᠡᠵᠢᠩ ᠤᠨ ᠬᠤᠸᠠ ᠶᠤᠸᠠᠢ ᠨᠢᠭᠦᠯᠡᠰᠦᠩᠭᠦᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠰᠢᠶᠠᠨ ᠳᠤ 2.5 ᠲᠦᠮᠡᠨ ᠳᠡᠪᠲᠡᠷ ᠨᠣᠮ ᠪᠢᠴᠢᠭ ᠬᠠᠨᠳᠢᠪᠯᠡᠪᠠ
ᠨᠡᠶᠢᠲᠡᠯᠡᠭᠰᠡᠨ ᠴᠠᠭ᠄
2023/3/9
   ᠪᠡᠭᠡᠵᠢᠩ ᠬᠤᠲᠠ ᠬᠢᠭᠡᠳ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠣᠶᠢᠷ᠎ᠠ ᠳᠤ᠂ ᠪᠡᠭᠡᠵᠢᠩ ᠬᠤᠲᠠ ᠶᠢᠨ ᠲᠤᠰᠠᠯᠠᠮᠵᠢ ᠪᠠᠷ ᠲᠣᠮᠢᠯᠠᠭᠰᠠᠨ ᠮᠠᠨ ᠤ ᠰᠢᠶᠠᠨ ᠤ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠬᠢᠨ ᠲᠠᠢ ᠬᠤᠯᠪᠣᠭ᠎ᠠ ᠠᠪᠴᠤ᠂ ᠪᠡᠭᠡᠵᠢᠩ ᠤᠨ ᠬᠤᠸᠠ ᠶᠤᠸᠠᠢ ᠨᠢᠭᠦᠯᠡᠰᠦᠩᠭᠦᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠰᠢᠶᠠᠨ ᠳᠤ 53 ᠲᠦᠮᠡᠨ ᠲᠥᠭᠦᠷᠢᠭ ᠤᠨ ᠥᠷᠲᠡᠭ ᠪᠦᠬᠦᠢ 2.5 ᠲᠦᠮᠡᠨ ᠳᠡᠪᠲᠡᠷ ᠨᠣᠮ ᠪᠢᠴᠢᠭ ᠬᠠᠨᠳᠢᠪᠯᠡᠵᠤ᠂ ᠪᠥᠬᠦ ᠰᠢᠶᠠᠨ ᠤ ᠨᠢᠭᠡᠳᠦᠭᠡᠷ ᠣᠨ ᠠᠴᠠ ᠶᠢᠰᠦᠳᠦᠭᠡᠷ ᠣᠨ ᠤ ᠰᠣᠷᠣᠭᠴᠢ ᠶᠢ ᠬᠠᠮᠤᠷᠤᠨ᠂ ᠰᠣᠷᠣᠭᠴᠢ ᠶᠢᠨ ᠬᠢᠴᠢᠶᠡᠯ ᠤᠨ ᠭᠠᠳᠠᠭᠤᠷᠬᠢ ᠤᠩᠰᠢᠯᠭ᠎ᠠ ᠶᠢᠨ ᠬᠡᠷᠡᠭᠴᠡᠭᠡ ᠶᠢ ᠬᠠᠩᠭᠠᠬᠤ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃

001.png

   ᠪᠡᠭᠡᠵᠢᠩ ᠤᠨ ᠬᠤᠸᠠ ᠶᠤᠸᠠᠢ ᠨᠡᠷᠡᠮᠵᠢᠲᠦ ᠨᠢᠭᠦᠯᠡᠰᠦᠩᠭᠦᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ

2017 ᠣᠨ ᠤ 6 ᠰᠠᠷ᠎ᠠ ᠳᠤ ᠳᠠᠩᠰᠠᠯᠠᠭᠤᠯᠤᠨ ᠪᠠᠶᠢᠭᠤᠯᠤᠭᠳᠠᠵᠠᠢ᠂ ᠡᠨᠡ ᠪᠣᠯ ᠪᠡᠭᠡᠵᠢᠩ ᠤᠨ ᠬᠤᠸᠠ ᠶᠤᠸᠠᠢ

ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠡᠭᠦᠰᠬᠡᠨ ᠪᠠᠶᠢᠭᠤᠯᠤᠭᠰᠠᠨ᠂

ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠰᠠᠭᠤᠷᠢ ᠮᠥᠩᠭᠦᠨ ᠤ ᠨᠡᠶᠢᠭᠡᠮᠯᠢᠭ ᠪᠣᠯᠣᠨ᠎ᠠ᠃ 2020

ᠣᠨ ᠳᠤ ︽4A︾ ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ ᠪᠡᠭᠡᠵᠢᠩ ᠤᠨ ᠬᠤᠸᠠ

ᠶᠤᠸᠠᠢ ᠨᠢᠭᠦᠯᠡᠰᠦᠩᠭᠦᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠨᠠᠮ ᠤᠨ ᠪᠠᠶᠢᠭᠤᠯᠤᠯᠲᠠ ᠶᠢᠨ

ᠵᠢᠯᠣᠭᠤᠳᠤᠯᠭ᠎ᠠ  ᠪᠠᠷ ᠲᠤᠬᠠᠶᠢᠯᠠᠭᠰᠠᠨ ᠠᠵᠢᠯ ᠤᠨ ᠬᠥᠭᠵᠢᠯᠲᠡ  ᠶᠢ ᠬᠦᠴᠦᠲᠡᠢ ᠠᠬᠢᠭᠤᠯᠵᠤ᠂ ᠰᠤᠷᠭᠠᠨ

ᠬᠥᠮᠦᠵᠢᠯ ᠢᠶᠠᠷ ᠬᠠᠪᠰᠤᠷᠤᠨ ᠲᠡᠳᠬᠦᠬᠦ ᠪᠠ ᠭᠠᠮᠰᠢᠭ ᠠᠴᠠ ᠠᠪᠤᠷᠠᠨ ᠲᠤᠰᠠᠯᠠᠬᠤ ᠬᠤᠶᠠᠷ ᠲᠠᠯ᠎ᠠ ᠶᠢᠨ ᠡᠭᠦᠷᠭᠡ

ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠂ ᠲᠤᠰ ᠪᠡᠶ᠎ᠡ ᠶᠢᠨ ᠰᠤᠷᠭᠠᠨ ᠬᠥᠮᠦᠵᠢᠯ ᠤᠨ

ᠬᠦᠷᠢᠶᠡᠨ ᠳᠠᠬᠢ ᠳᠠᠪᠠᠭᠤᠯᠢᠭ ᠲᠠᠢ ᠪᠠᠨ ᠤᠶᠠᠯᠳᠤᠭᠤᠯᠵᠤ ᠂ ᠬᠠᠨᠳᠤᠯᠭ᠎ᠠ ᠲᠠᠢ ᠪᠠᠷ ᠬᠦᠴᠦᠯᠡᠵᠦ ᠂ ᠤᠨᠢᠨ ᠳᠡᠭᠡᠷ᠎ᠡ ᠨᠢ

ᠵᠣᠯᠭᠠᠭᠤᠯᠵᠤ ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ

ᠰᠠᠭᠤᠷᠢᠯᠠᠭᠰᠠᠨ ᠠᠯᠢ ᠤᠯᠠᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠥᠷᠨᠢᠭᠦᠯᠵᠦ ᠂ 24 ᠮᠤᠵᠢ ᠂

ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ 600 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢ

ᠬᠠᠮᠤᠷᠴᠤ ᠂ 155 ᠲᠦᠮᠡ ᠰᠢᠬᠠᠮ ᠪᠠᠭᠰᠢ ᠰᠤᠷᠤᠭᠴᠢᠳ ᠲᠤ ᠠᠰᠢᠭ ᠬᠦᠷᠲᠡᠭᠡᠵᠡᠢ ᠃

002.png

   ᠣᠳᠣᠬᠠᠨ ᠳᠤ ᠂ ᠨᠣᠮ ᠪᠢᠴᠢᠭ ᠢ ᠪᠦᠬᠦ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠪᠠᠭ᠎ᠠ

ᠰᠤᠷᠭᠠᠭᠤᠯᠢ ᠳᠤ ᠲᠠᠷᠬᠠᠭᠠᠨ ᠳᠠᠭᠤᠰᠬᠠᠵᠤ ᠂ ᠪᠠᠭᠰᠢ ᠪᠠ ᠰᠤᠷᠤᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠤ

ᠪᠠᠶᠢᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2